ᠪᠠᠶᠠᠷ ᠤᠨ ᠡᠳᠦᠷ ᠤᠨ ᠬᠤᠭᠤᠴᠠᠭᠠᠨ ᠳᠤ᠂ ᠲᠥᠪ ᠤᠨ ᠲᠠᠯ᠎ᠠ ᠠᠴᠠ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠭᠢ᠂ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠯᠪᠠᠨ ᠲᠢᠩᠬᠢᠮ ᠠᠴᠠ ᠨᠠᠮ ᠤᠨ ᠭᠡᠰᠢᠭᠦᠨ ᠺᠠᠳ᠋ᠷ ᠤᠨ | ᠰᠤᠷᠤᠯᠴᠠᠯᠭ᠎ᠠ ᠬᠥᠮᠦᠵᠢᠯ ᠤᠨ ᠬᠤᠭᠤᠴᠠᠭᠠᠨ ᠳᠤ ᠲᠣᠭᠲᠠᠭᠠᠯ ᠢ ᠵᠥᠷᠢᠴᠡᠨ ᠢᠳᠡᠵᠦ ᠤᠤᠭᠤᠭᠰᠠᠨ᠂ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠳᠦ ᠨᠣᠴᠢᠲᠠᠢ ᠵᠥᠷᠢᠴᠡᠭᠰᠡᠨ 2 ᠨᠡᠶᠢᠲᠡᠯᠢᠭ ᠠᠰᠠᠭᠤᠳᠠᠯ ᠢ ᠵᠠᠷᠯᠠᠨ | ᠮᠡᠳᠡᠭᠳᠡᠪᠡ᠃ ᠬᠤᠯᠪᠣᠭᠳᠠᠯ ᠪᠦᠬᠦᠢ ᠠᠰᠠᠭᠤᠳᠠᠯ ᠤᠨ ᠰᠢᠨᠵᠢ ᠴᠢᠨᠠᠷ ᠨᠢ ᠲᠦᠢᠯ ᠤᠨ ᠬᠦᠨᠳᠦ ᠨᠣᠴᠢᠲᠠᠢ᠂ | ᠨᠥᠯᠥᠭᠡ ᠨᠢ ᠲᠦᠢᠯ ᠤᠨ ᠮᠠᠭᠤ᠂ ᠰᠤᠷᠭᠠᠮᠵᠢ ᠨᠢ ᠲᠦᠢᠯ ᠤᠨ ᠬᠠᠷᠠᠰᠠᠯᠲᠠᠢ ᠶᠤᠮ᠃ | ᠵᠠᠷᠯᠠᠯ ᠳᠤ ᠬᠠᠷᠠᠭᠤᠯᠤᠭᠰᠠᠨ ᠢᠶᠠᠷ᠂ ᠡᠨᠡ ᠵᠢᠯ ᠤᠨ 4 ᠰᠠᠷ᠎ᠠ ᠳᠤ᠂ ᠬᠤᠪᠧᠢ ᠮᠤᠵᠢ ᠶᠢᠨ ᠬᠤᠸᠠᠩ ᠭᠠᠩ | ᠬᠤᠲᠠ ᠶᠢᠨ ᠬᠤᠸᠠᠩ ᠮᠧᠶ ᠰᠢᠶᠠᠨ᠂ ᠠᠨᠾᠦ᠋ᠢ ᠮᠤᠵᠢ ᠶᠢᠨ ᠠᠨᠴᠢᠩ ᠬᠤᠲᠠ ᠶᠢᠨ ᠰᠦ᠋ ᠰᠥᠩ ᠰᠢᠶᠠᠨ ᠤ ᠴᠢᠶᠠᠨ | ᠯᠢᠩ ᠰᠢᠶᠠᠩ ᠬᠤᠶᠠᠷ ᠭᠠᠵᠠᠷ ᠲᠤ ᠨᠠᠮ ᠤᠨ ᠭᠡᠰᠢᠭᠦᠨ ᠺᠠᠳ᠋ᠷᠴᠤᠳ ᠰᠤᠷᠤᠯᠴᠠᠯᠭ᠎ᠠ ᠬᠥᠮᠦᠵᠢᠯ ᠤᠨ | ᠬᠤᠭᠤᠴᠠᠭᠠᠨ ᠳᠤ ᠲᠣᠭᠲᠠᠭᠠᠯ ᠢ ᠵᠥᠷᠢᠴᠡᠨ ᠢᠳᠡᠵᠦ ᠤᠤᠭᠤᠭᠰᠠᠨ ᠪᠥᠭᠡᠳ ᠬᠥᠮᠥᠨ ᠢ ᠦᠬᠦᠭᠦᠯᠦᠭᠰᠡᠨ ᠬᠡᠷᠡᠭ ᠤᠨ | ᠵᠢᠱᠢᠶ᠎ᠡ ᠭᠠᠷᠴᠤ᠂ ᠨᠡᠶᠢᠭᠡᠮ ᠨᠡᠶᠢᠲᠡ ᠶᠢᠨ ᠠᠩᠬᠠᠷᠤᠯ ᠢ ᠥᠷᠭᠡᠨ ᠢᠶᠠᠷ ᠲᠠᠲᠠᠵᠤ᠂ ᠨᠠᠮ ᠤᠨ ᠭᠡᠰᠢᠭᠦᠨ | ᠺᠠᠳ᠋ᠷᠴᠤᠳ ᠤᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠨᠢ ᠪᠠᠭ᠎ᠠ ᠶᠠᠪᠤᠳᠠᠯ ᠣᠬᠲᠣ ᠪᠢᠰᠢ᠂ | ᠰᠤᠷᠲᠠᠯ ᠤᠨ ᠪᠠᠶᠢᠭᠤᠯᠤᠯᠲᠠ ᠶᠢ ᠨᠢᠭᠡ ᠮᠥᠴᠡ ᠴᠦ ᠰᠤᠯᠠᠷᠠᠭᠤᠯᠵᠤ ᠪᠤᠯᠬᠤ ᠦᠭᠡᠢ ᠭᠡᠳᠡᠭ ᠢ ᠳᠠᠬᠢᠨᠲᠠ | ᠬᠠᠷᠠᠭᠤᠯᠪᠠ᠃ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠥᠷᠨᠢᠭᠦᠯᠵᠦ᠂ ᠲᠣᠭᠲᠠᠭᠠᠯ ᠢ ᠵᠥᠷᠢᠴᠡᠨ ᠢᠳᠡᠵᠦ ᠤᠤᠭᠤᠬᠤ ᠵᠡᠷᠭᠡ ᠲᠣᠪᠤᠶᠢᠮ᠎ᠠ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠵᠦ ᠲᠥᠪ ᠬᠤᠷᠢᠶ᠎ᠠ ᠠᠴᠠ ᠣᠯᠠᠨᠲᠠ ᠲᠣᠳᠣᠷᠬᠠᠢ ᠱᠠᠭᠠᠷᠳᠠᠭᠰᠠᠨ | ᠪᠤᠯᠪᠠᠴᠤ ᠮᠥᠨ ᠯᠡ ᠵᠠᠷᠢᠮ ᠬᠥᠮᠥᠨ ᠬᠢᠳᠡᠭ ᠢᠶᠠᠷ ᠢᠶᠠᠨ ᠬᠢᠵᠦ᠂ ᠭᠤᠷᠢᠳᠠᠬᠤ ᠪᠤᠳᠤᠯ ᠡᠪᠦᠷᠯᠡᠵᠦ ᠪᠠᠶᠢᠨ᠎ᠠ᠂ ᠡᠨᠡ | ᠪᠣᠯ ᠨᠡᠶᠢᠲᠡᠯᠢᠭ ᠲᠣᠭᠲᠠᠭᠠᠯ ᠢ ᠥᠰᠢᠯᠳᠦᠨ ᠵᠥᠷᠢᠴᠡᠭᠰᠡᠨ᠂ ᠬᠠᠤᠯᠢ ᠰᠠᠬᠢᠯᠭ᠎ᠠ ᠶᠢ ᠦᠯᠦ ᠬᠠᠶᠢᠬᠤᠷᠤᠨ᠂ ᠪᠢᠰᠢᠷᠡᠨ | ᠵᠢᠷᠦᠬᠡᠰᠢᠶᠡᠬᠦ ᠶᠢ ᠮᠡᠳᠡᠬᠦ ᠦᠭᠡᠢ ᠪᠠᠶᠢᠬᠤ ᠶᠠᠪᠤᠳᠠᠯ ᠪᠣᠯᠣᠨ᠎ᠠ᠃ | ᠲᠣᠭᠲᠠᠭᠠᠯ ᠢ ᠵᠥᠷᠢᠴᠡᠨ ᠢᠳᠡᠵᠦ ᠤᠤᠭᠤᠭᠰᠠᠨ ᠶᠠᠪᠤᠳᠠᠯ ᠨᠢ ᠵᠠᠷᠢᠮ ᠨᠠᠮ ᠤᠨ ᠭᠡᠰᠢᠭᠦᠨ ᠺᠠᠳ᠋ᠷ ᠤᠨ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠠᠴᠠ ᠥᠴᠥᠬᠡᠨ ᠴᠦ ᠪᠢᠰᠢᠷᠡᠨ ᠵᠢᠷᠦᠬᠡᠰᠢᠶᠡᠬᠦ ᠦᠭᠡᠢ | ᠪᠠᠶᠢᠬᠤ ᠶᠢ ᠢᠯᠡᠷᠡᠭᠦᠯᠪᠡ᠃ ᠲᠣᠰ ᠤᠳᠠᠭ᠎ᠠ ᠶᠢᠨ ᠵᠠᠷᠯᠠᠯ ᠳᠤ ᠬᠤᠯᠪᠣᠭᠳᠠᠭᠰᠠᠨ ᠨᠠᠮ ᠤᠨ ᠭᠡᠰᠢᠭᠦᠨ ᠺᠠᠳ᠋ᠷᠴᠤᠳ᠂ | ᠨᠢᠭᠡ ᠲᠠᠯ᠎ᠠ ᠪᠠᠷ ᠰᠤᠷᠤᠯᠴᠠᠯᠭ᠎ᠠ ᠬᠥᠮᠦᠵᠢᠯ ᠳᠤ ᠣᠷᠣᠯᠴᠠᠵᠤ᠂ ᠨᠥᠭᠦᠭᠡ ᠲᠠᠯ᠎ᠠ ᠪᠠᠷ ᠳᠠᠭᠠᠭᠤᠯᠤᠨ ᠲᠣᠭᠲᠠᠭᠠᠯ ᠢ | ᠥᠰᠢᠯᠳᠦᠨ ᠢᠳᠡᠵᠦ ᠤᠤᠭᠤᠬᠤ ᠶᠢ ᠵᠣᠬᠢᠶᠠᠨ ᠪᠠᠶᠢᠭᠤᠯᠵᠤ ᠤᠷᠤᠯᠴᠠᠵᠤ ᠪᠠᠶᠢᠨ᠎ᠠ᠃ ᠡᠭᠦᠨ ᠳᠤ ᠵᠠᠷᠢᠮ ᠨᠢ | ᠵᠢᠵᠢᠭᠦᠷᠯᠡᠵᠦ ᠠᠩᠭᠢ ᠳᠠᠭᠠᠭᠤᠯᠬᠤ ᠤᠳᠤᠷᠢᠳᠤᠯᠭ᠎ᠠ ᠪᠠᠶᠢᠵᠤ᠂ ᠵᠠᠷᠢᠮ ᠨᠢ ᠪᠠᠰᠠ ᠨᠠᠮ ᠤᠨ ᠰᠤᠷᠭᠠᠭᠤᠯᠢ ᠳᠤ | ᠰᠤᠷᠤᠯᠴᠠᠵᠤ ᠪᠠᠶᠢᠭ᠎ᠠ ᠪᠠᠶᠢᠵᠤ᠂ ᠪᠠᠰᠠ ᠨᠠᠮ ᠵᠠᠰᠠᠭ ᠤᠨ ᠤᠳᠤᠷᠢᠳᠬᠤ ᠪᠠᠭ ᠤᠨ ᠪᠦᠭᠦ ᠪᠦᠷᠢᠯᠳᠦᠭᠦᠨ | ᠲᠣᠭᠲᠠᠭᠠᠯ ᠢ ᠵᠥᠷᠢᠴᠡᠨ ᠢᠳᠡᠵᠦ ᠤᠤᠭᠤᠵᠤ᠂ ᠪᠠᠰᠠ ᠬᠡᠷᠡᠭ ᠤᠨ ᠲᠠᠷᠠᠭ᠎ᠠ ᠮᠡᠳᠡᠭᠦᠯᠬᠦ ᠦᠭᠡᠢ ᠨᠢᠭᠤᠬᠤ | ᠠᠰᠠᠭᠤᠳᠠᠯ ᠣᠷᠣᠰᠢᠵᠤ ᠪᠠᠶᠢᠨ᠎ᠠ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠤᠨ ᠲᠤᠬᠠᠢ | ᠬᠦᠨᠳᠦ ᠨᠣᠴᠢᠲᠠᠢ ᠤᠯᠤᠰ ᠲᠥᠷᠥ ᠶᠢᠨ ᠬᠤᠣᠷ ᠬᠥᠨᠥᠭᠡᠯ ᠤᠨ ᠲᠤᠬᠠᠢ ᠲᠠᠨᠢᠯᠲᠠ ᠪᠠᠷ ᠳᠤᠲᠠᠮᠠᠭ ᠪᠠᠶᠢᠬᠤ | ᠠᠰᠠᠭᠤᠳᠠᠯ ᠢ ᠰᠢᠢᠳᠪᠦᠷᠢᠯᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠥᠯᠥ ᠬᠠᠶᠢᠬᠤᠷᠤᠭᠰᠠᠨ᠂ | ᠬᠠᠷᠢᠭᠤᠴᠠᠯᠭ᠎ᠠ ᠶᠢᠨ ᠤᠬᠠᠮᠰᠠᠷ ᠰᠤᠯᠠᠷᠠᠭᠰᠠᠨ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠦᠵᠡᠯᠲᠡ ᠰᠤᠯᠠ ᠳᠣᠷᠣᠶ | ᠪᠠᠶᠢᠬᠤ ᠨᠢ ᠬᠥᠮᠥᠰ ᠢ ᠰᠡᠷᠡᠮᠵᠢᠯᠡᠭᠦᠯᠵᠦ ᠪᠠᠶᠢᠨ᠎ᠠ᠃ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠠᠪᠤᠳᠠᠯ ᠨᠢ ᠵᠠᠷᠢᠮ ᠭᠠᠵᠠᠷ ᠣᠷᠣᠨ ᠪᠣᠯᠣᠨ | ᠨᠢᠭᠡᠴᠢ ᠶᠢᠨ ᠭᠠᠵᠢᠭᠤ ᠮᠠᠭᠤ ᠰᠤᠷᠲᠠᠯ ᠢ ᠵᠠᠯᠠᠷᠠᠭᠤᠯᠬᠤ ᠠᠵᠢᠯ ᠢ ᠲᠤᠭᠤᠰᠢᠲᠠᠢ ᠬᠢᠭᠰᠡᠨ ᠦᠭᠡᠢ ᠭᠡᠳᠡᠭ ᠢ | ᠬᠠᠷᠠᠭᠤᠯᠵᠠᠢ᠃ ᠵᠠᠷᠢᠮ ᠤᠳᠤᠷᠢᠳᠬᠤ ᠺᠠᠳ᠋ᠷ ᠤᠨ ᠢᠳᠡᠵᠦ ᠤᠤᠭᠤᠬᠤ ᠶᠢ ᠰᠠᠶᠢᠨ ᠬᠠᠮᠢᠶᠠᠷᠪᠠᠯ ᠰᠠᠶ᠋ᠢ ᠲᠤᠭ᠎ᠠ | ᠲᠣᠮᠰᠢ ᠦᠭᠡᠢ ᠣᠯᠠᠨ ᠲᠦᠮᠡᠨ ᠤ ᠰᠡᠳᠬᠢᠯ ᠢ ᠣᠯᠵᠤ ᠴᠢᠳᠠᠨ᠎ᠠ᠃ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ︽ | ᠪᠣᠭᠤᠮᠲᠠ ᠳᠠᠪᠠᠭ᠋ᠤ︾ ᠪᠠᠷ ᠪᠠᠷᠠᠬᠤ ᠦᠭᠡᠢ ᠨᠡᠩ ᠴᠤ ︽ᠴᠠᠭᠠᠷᠠᠭᠰᠠᠨ︾ ᠪᠠᠶᠢᠬᠤ ᠬᠡᠷᠡᠭᠲᠡᠢ᠃ ᠢᠳᠡᠵᠦ ᠤᠤᠭᠤᠬᠤ | ᠭᠠᠵᠢᠭᠤ ᠰᠤᠷᠲᠠᠯ ᠳᠤ ᠡᠷᠬᠡᠪᠰᠢ ᠬᠦᠴᠦᠲᠡᠢ ᠴᠣᠬᠢᠯᠲᠠ ᠥᠭᠴᠦ᠂ ᠬᠠᠷᠢᠭᠤᠴᠠᠯᠭ᠎ᠠ ᠶᠢ ᠱᠠᠲᠤ ᠱᠠᠲᠤ ᠪᠠᠷ | ᠪᠣᠳᠠᠲᠠᠶᠢᠵᠢᠭᠤᠯᠵᠤ᠂ ᠳᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ᠲᠥᠪ ᠬᠤᠷᠢᠶ᠎ᠠ ᠶᠢᠨ ᠨᠠᠢᠮᠠᠨ | ᠲᠣᠭᠲᠠᠭᠠᠯ ᠢ ᠦᠨᠡᠨ ᠬᠦ ︽ᠲᠡᠮᠦᠷ ᠨᠠᠢᠮᠠᠨ ᠲᠣᠭᠲᠠᠭᠠᠯ︾ ᠪᠤᠯᠭᠠᠬᠤ ᠬᠡᠷᠡᠭᠲᠡᠢ᠃ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ᠂ ᠬᠡᠪ ᠤᠨ ᠪᠤᠰᠤ ᠪᠠᠶᠢᠳᠠᠯ ᠢᠯᠡᠷᠡᠬᠦ ︽ᠵᠢᠵᠢᠭ | ᠪᠦᠯᠭᠦᠮ ᠤᠨ ᠰᠣᠶᠣᠯ︾ ᠮᠥᠨ ᠯᠡ ᠪᠠᠶᠢᠨ ᠪᠠᠶᠢᠨ ᠡᠭᠦᠰᠴᠦ ᠪᠠᠶᠢᠨ᠎ᠠ᠃ ︽ᠠᠵᠤ ᠠᠬᠤᠶᠢᠯᠠᠯ ᠤᠨ ᠡᠵᠡᠨᠳᠡᠨ ᠢ | ᠢᠳᠡᠬᠦ︾᠂ ︽ᠬᠤᠭᠤᠯᠠᠨ ᠭᠡᠷ ᠲᠤ ᠢᠳᠡᠬᠦ︾᠂ ︽ᠳᠣᠣᠷᠠᠳᠤ ᠱᠠᠲᠤ ᠪᠠᠨ ᠢᠳᠡᠬᠦ︾ ᠳᠤ ᠦᠡᠭᠭᠡᠨ ᠳᠡᠭᠡᠷ᠎ᠡ ᠪᠠᠨ | ︽ᠬᠤᠭᠤᠯᠠ︾ ᠢᠳᠡᠵᠦ ᠪᠠᠶᠢᠪᠠᠴᠤ᠂ ᠦᠨᠡᠨ ᠳᠡᠭᠡᠨ ︽ᠤᠨᠠᠭᠤᠯᠢ︾ ᠬᠢᠵᠦ᠂ ︽ᠵᠢᠵᠢᠭ ᠪᠦᠯᠭᠦᠮ︾ ᠪᠤᠢ | ᠪᠤᠯᠭᠠᠬᠰᠠᠨ ᠪᠠᠶᠢᠨ᠎ᠠ᠃ ︽ᠶᠠᠭᠤ ᠢᠳᠡᠵᠦ ᠶᠠᠭᠤ ᠤᠤᠭᠤᠬᠤ ᠨᠢ ᠴᠢᠬᠤᠯᠠ ᠪᠢᠰᠢ᠂ ᠬᠡᠨ ᠲᠠᠢ ᠢᠳᠡᠵᠦ | ᠤᠤᠭᠤᠬᠤ ᠨᠢ ᠴᠢᠬᠤᠯᠠ︾ ᠪᠠᠶᠢᠵᠤ᠂ ᠦᠵᠡᠬᠦ ᠳᠤ ᠡᠩ ᠤᠨ ᠬᠤᠭᠤᠯᠠᠨ ᠰᠢᠷᠡᠭᠡ ᠰᠢᠭ ᠪᠤᠯᠪᠠᠴᠤ ᠠᠷᠤ ᠳᠤᠨᠢ | ᠤᠴᠢᠷ ᠶᠠᠪᠤᠳᠠᠯ ᠰᠢᠢᠳᠪᠦᠷᠢᠯᠡᠭᠦᠯᠬᠦ᠂ ᠠᠰᠢᠭ ᠲᠤᠰᠠ ᠬᠦᠷᠭᠡᠬᠦ ᠠᠵᠢᠯᠯᠠᠭ᠎ᠠ ᠨᠢᠭᠤᠭᠳᠠᠵᠤ ᠪᠠᠶᠢᠬᠤ ᠮᠠᠭᠠᠳ᠃ | ᠡᠷᠬᠡᠪᠰᠢ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢᠨ ᠠᠷᠤ ᠳᠠᠬᠢ ᠢᠯᠵᠢᠷᠡᠯ ᠤᠨ ᠠᠰᠠᠭᠤᠳᠠᠯ ᠢ | ᠭᠦᠨᠵᠡᠭᠡᠢ ᠠᠭᠤᠳᠠᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠡᠪᠡᠷᠰᠢᠭᠦᠯᠵᠦ᠂ ᠳᠣᠲᠣᠨᠣ | ᠴᠢᠬᠡᠴᠢ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠬᠤ ᠬᠡᠷᠡᠭᠲᠡᠢ᠃ | ᠣᠶᠢᠷ᠎ᠠ ᠳᠤ ᠣᠯᠠᠨ ᠭᠠᠵᠠᠷ ᠤᠨ ᠬᠢᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠨᠡᠶᠢᠲᠡᠯᠢᠭ | ᠬᠡᠷᠡᠭ ᠤᠨ ᠵᠢᠱᠢᠶ᠎ᠡ ᠶᠢ ᠵᠠᠯᠭᠠᠭ᠎ᠠ ᠪᠠᠷ ᠵᠠᠷᠯᠠᠨ ᠮᠡᠳᠡᠭᠳᠡᠵᠦ᠂ ︽ᠢᠳᠡᠵᠦ ᠤᠤᠭᠤᠬᠤ ᠲᠠᠯ᠎ᠠ ᠪᠠᠷ ᠬᠢ ᠢᠯᠵᠢᠷᠡᠯ︾ ᠢ | ᠴᠡᠭᠴᠡᠯᠡᠨ ᠵᠠᠰᠠᠬᠤ ᠶᠢ ᠨᠠᠩ ᠳᠣᠪᠤᠶᠢᠯᠭᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠰᠤᠷᠲᠠᠯ ᠢ ᠡᠷᠡᠰ | ᠬᠤᠷᠢᠭᠯᠠᠵᠤ᠂ ᠶᠠᠭᠠᠬᠢᠭᠰᠠᠨ ᠴᠤ ᠰᠤᠯᠠ ᠲᠠᠯᠪᠢᠵᠤ ᠪᠤᠯᠬᠤ ᠦᠭᠡᠢ᠂ ᠡᠷᠬᠡᠪᠰᠢ ᠲᠡᠮᠦᠷ ᠮᠡᠲᠦ ᠳᠦᠷᠢᠮ | ᠲᠣᠭᠲᠠᠭᠠᠯ ᠢ ᠪᠠᠲᠤ ᠰᠠᠬᠢᠵᠤ᠂ ᠲᠣᠭᠲᠠᠭᠠᠯ ᠠᠴᠠ ᠵᠥᠷᠢᠴᠡᠵᠦ ᠢᠳᠡᠵᠦ ᠤᠤᠭᠤᠭᠰᠠᠨ ᠬᠥᠮᠥᠨ ᠪᠠ ᠬᠡᠷᠡᠭ ᠲᠤ | ᠴᠢᠩᠭ᠎ᠠ ᠬᠦᠴᠦᠲᠦ ᠪᠠᠶᠢᠳᠠᠯ ᠢ ᠪᠦᠷᠢᠯᠳᠦᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠰᠡᠷᠡᠮᠵᠢᠯᠡᠭᠦᠯᠵᠦ᠂ ᠪᠢᠰᠢᠷᠡᠨ | ᠵᠢᠷᠦᠬᠡᠰᠢᠶᠡᠬᠦ ᠶᠢ ᠮᠡᠳᠡᠭᠦᠯᠵᠦ᠂ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ | |