● ᠬᠥᠳᠡᠭᠡ ᠲᠣᠰᠬᠤᠨ ᠳᠠᠬᠢ ᠬᠡᠷᠡᠭᠴᠡᠭᠡ ᠶᠢ ᠬᠠᠩᠭᠠᠵᠤ ᠳᠡᠶᠢᠯᠬᠦ᠂ ᠦᠨᠡᠯᠡᠯᠲᠡ ᠰᠠᠶᠢᠲᠠᠢ᠂ ᠶᠠᠰᠤ | ᠴᠢᠨᠠᠷ ᠢᠶᠠᠷ ᠨᠠᠶᠢᠳᠠᠪᠤᠷᠢᠲᠠᠢ ᠰᠢᠨ᠎ᠡ ᠡᠨᠧᠷᠭᠢ ᠶᠢᠨ ᠣᠯᠠᠨ ᠵᠦᠢᠯ ᠤᠨ ᠮᠠᠰᠢᠨ ᠲᠡᠷᠭᠡ ︵124 ᠵᠦᠢᠯ ᠤᠨ ᠮᠠᠰᠢᠨ | ᠲᠡᠷᠭᠡᠨ ᠤ ᠭᠠᠷᠴᠠᠭ ᠢ ᠠᠷᠤ ᠳᠤ ᠳᠠᠭᠠᠯᠳᠤᠭᠤᠯᠪᠠ︶ ᠶᠢ ᠰᠣᠩᠭᠤᠵᠤ᠂ ᠦᠵᠡᠭᠦᠯᠭᠡ ᠪᠠᠷ ᠦᠵᠡᠭᠦᠯᠬᠦ ᠪᠠ | ᠵᠢᠯᠣᠭᠤᠳᠴᠤ ᠲᠤᠷᠰᠢᠬᠤ ᠵᠡᠷᠭᠡ ᠠᠵᠢᠯᠯᠠᠭ᠎ᠠ ᠨᠤᠭᠤᠳ ᠢ ᠥᠷᠨᠢᠭᠦᠯᠦᠨ᠎ᠡ᠃ | ● ᠰᠢᠨ᠎ᠡ ᠡᠨᠧᠷᠭᠢ ᠶᠢᠨ ᠮᠠᠰᠢᠨ ᠲᠡᠷᠭᠡ ᠶᠢ ᠪᠣᠷᠣᠯᠠᠭᠤᠯᠤᠭᠰᠠᠨ ᠤ ᠳᠠᠷᠠᠭᠠᠬᠢ ᠠᠷᠠᠴᠢᠯᠠᠨ ᠬᠠᠮᠠᠭᠠᠯᠠᠬᠤ | ᠦᠢᠯᠡᠴᠢᠯᠡᠭᠡᠨ ᠤ ᠠᠵᠤ ᠠᠬᠤᠶᠢᠯᠠᠯ᠂ ᠴᠡᠨᠡᠭᠯᠡᠬᠦ ᠪᠠ ᠴᠡᠨᠡᠭ ᠰᠣᠯᠢᠬᠤ ᠦᠢᠯᠡᠴᠢᠯᠡᠭᠡᠨ ᠤ ᠠᠵᠤ ᠠᠬᠤᠶᠢᠯᠠᠯ᠂ | ᠳᠠᠭᠠᠳᠬᠠᠯ᠂ ᠢᠲᠡᠭᠡᠮᠵᠢᠲᠦ ᠵᠢᠭᠡᠯᠡᠯᠭᠡ ᠵᠡᠷᠭᠡ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠵᠤ ᠠᠬᠤᠶᠢᠯᠠᠯ ᠢ | ᠵᠣᠬᠢᠶᠠᠨ ᠪᠠᠶᠢᠭᠤᠯᠵᠤ ᠪᠠᠶᠢᠭᠠᠳ ᠲᠡᠳᠡᠨ ᠯᠦᠭᠡ ᠬᠠᠮᠵᠢᠯᠴᠠᠨ ᠬᠥᠳᠡᠭᠡ ᠳᠤ ᠪᠠᠭᠤᠯᠭᠠᠵᠤ᠂ ᠬᠥᠳᠡᠭᠡ | ᠲᠣᠰᠬᠤᠨ ᠳᠠᠬᠢ ᠰᠢᠨ᠎ᠡ ᠡᠨᠧᠷᠭᠢ ᠶᠢᠨ ᠮᠠᠰᠢᠨ ᠲᠡᠷᠭᠡ ᠬᠡᠷᠡᠭᠯᠡᠬᠦ ᠢᠵᠢ ᠲᠥᠬᠦᠷ ᠣᠷᠴᠢᠨ ᠲᠣᠭᠤᠷᠢᠨ ᠢ | ᠦᠷᠭᠦᠯᠵᠢᠯᠡᠨ ᠰᠢᠯᠢᠳᠡᠭᠵᠢᠭᠦᠯᠦᠨ᠎ᠡ᠃ | ● ᠮᠠᠰᠢᠨ ᠲᠡᠷᠭᠡ ᠬᠤᠳᠠᠯᠳᠤᠨ ᠠᠪᠬᠤ ᠭᠠᠶᠢᠯᠢ᠂ ᠲᠡᠷᠭᠡ ᠤᠨᠤᠭ᠎ᠠ ᠶᠢᠨ ᠭᠠᠶᠢᠯᠢ ᠶᠢ ᠬᠠᠰᠤᠵᠤ | ᠬᠡᠯᠲᠦᠷᠢᠭᠦᠯᠬᠦ᠂ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ᠂ ᠰᠢᠶᠠᠨ ᠤ ᠬᠡᠪᠴᠢᠶᠡᠨ ᠳᠠᠬᠢ ᠴᠡᠨᠡᠭᠯᠡᠬᠦ | ᠪᠠ ᠴᠡᠨᠡᠭ ᠰᠣᠯᠢᠬᠤ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠵᠡᠷᠭᠡ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠮᠠᠰᠢᠨ ᠲᠡᠷᠭᠡᠨ ᠤ ᠠᠵᠤ ᠠᠬᠤᠶᠢᠯᠠᠯ ᠤᠨ ᠦᠢᠯᠡᠳᠬᠦᠨ ᠤ ᠬᠠᠩᠭᠠᠯᠭ᠎ᠠ ᠪᠠᠨ | ᠪᠠᠶᠠᠯᠢᠭᠵᠢᠭᠤᠯᠬᠤ᠂ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠵᠤ ᠪᠠᠶᠢᠭᠠᠳ ᠬᠥᠳᠡᠭᠡ | ᠲᠣᠰᠬᠤᠨ ᠳᠠᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠶᠢ ᠢᠳᠡᠪᠬᠢᠲᠡᠢ ᠥᠷᠭᠡᠳᠬᠡᠨ᠎ᠡ᠃ |