ᠰᠢᠨᠬᠤᠸᠠ ᠬᠤᠷᠢᠶ᠎ᠠ ᠶᠢᠨ ᠭᠦᠭᠡᠬᠤᠲᠠ ᠶᠢᠨ 5 ᠰᠠᠷ᠎ᠠ ᠶᠢᠨ 28 ᠤ ᠴᠠᠭᠢᠯᠭᠠᠨ ᠮᠡᠳᠡᠭᠡ ︽ | ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠬᠠᠲᠤᠨ ᠭᠤᠣᠯ ᠤᠨ ︽ᠶᠡᠭᠡ ᠲᠣᠬᠤᠢ ᠣᠷᠣᠨ︾ ᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠬᠤᠢ ᠲᠠᠯᠠᠪᠠᠶ ᠶᠢᠨ ᠠᠬᠢᠭᠤᠯᠬᠤ ᠬᠤᠷᠠᠯ 27 ᠤ ᠡᠳᠦᠷ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠲᠠ ᠳᠤ ᠬᠤᠷᠠᠯᠳᠤᠪᠠ᠃ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠾᠧ ᠯᠢ ᠹᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ | ᠲᠠᠯᠪᠢᠪᠠ᠂ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠤᠮᠠᠷᠠᠲᠤ ᠶᠢᠨ ᠭᠤᠷᠪᠠᠨ ᠣᠷᠣᠨ︾ | ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠠᠬᠢᠴᠠ ᠶᠢ ᠴᠠᠭ ᠲᠤᠬᠠᠢ ᠳᠤᠨᠢ ᠰᠢᠯᠤᠭᠤᠬᠠᠨ | ᠳ᠋ᠦᠩᠨᠡᠵᠦ᠂ ᠣᠳᠣᠬᠠᠨ ᠤ ᠪᠠᠶᠢᠳᠠᠯ ᠪᠣᠯᠣᠨ ᠥᠷᠢᠰᠦᠯᠳᠦᠭᠡᠨ ᠢ ᠰᠡᠷᠭᠡᠭ ᠢᠶᠠᠷ ᠲᠠᠨᠢᠵᠤ᠂ ᠨᠠᠩ ᠶᠡᠭᠡ ᠡᠷᠴᠢᠮ᠂ | ᠨᠠᠩ ᠪᠣᠳᠠᠲᠠᠢ ᠠᠷᠭ᠎ᠠ ᠬᠡᠮᠵᠢᠶ᠎ᠡ ᠪᠠᠷ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠰᠢᠨ᠎ᠡ | ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | 2023 ᠣᠨ ᠤ 6 ᠰᠠᠷ᠎ᠠ ᠶᠢᠨ 6 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠲᠤ | ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ | ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ | ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠵᠤ᠂ ᠵᠣᠷᠢᠭᠲᠠᠢ ᠡᠭᠦᠷᠭᠡ | ᠬᠠᠷᠢᠭᠤᠴᠠᠯᠭ᠎ᠠ ᠡᠭᠦᠷᠭᠡᠯᠡᠵᠦ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠤᠳᠠᠭᠠᠨ ᠳᠠᠭᠠᠭᠠᠮᠠᠭᠠᠢ ᠵᠢᠳᠬᠦᠵᠦ᠂ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨ᠎ᠡ | ᠭᠠᠶᠢᠬᠠᠮᠰᠢᠭ ᠢ ᠴᠢᠷᠮᠠᠶᠢᠨ ᠡᠭᠦᠳᠬᠦ ᠬᠡᠷᠡᠭᠲᠡᠢ ᠭᠡᠵᠦ ᠱᠠᠭᠠᠷᠳᠠᠪᠠ᠃ ᠬᠤᠶᠠᠷ ᠵᠢᠯ ᠤᠨ ᠲᠤᠷᠰᠢ᠂ ᠡᠯ᠎ᠡ ᠬᠤᠯᠪᠣᠭᠳᠠᠯ | ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠴᠢᠬᠤᠯᠠ ᠶᠡᠭᠡ ᠱᠠᠲᠤᠴᠢ | ᠴᠢᠨᠠᠷᠲᠠᠢ ᠦᠷ᠎ᠡ ᠪᠦᠲᠦᠮᠵᠢ ᠣᠯᠬᠤ ᠶᠢ ᠠᠬᠢᠭᠤᠯᠪᠠ᠃ | ᠾᠧ ᠯᠢ ᠹᠧᠩ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠶᠠᠭ ᠪᠦᠭᠦ ᠲᠠᠯ᠎ᠠ ᠪᠠᠷ | ᠠᠬᠢᠭᠤᠯᠬᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠨ᠎ᠠ᠂ | ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2027 ᠣᠨ ᠤ | ᠡᠴᠦᠰ ᠠᠴᠠ ᠡᠮᠦᠨ᠎ᠡ᠂ ᠵᠢᠷᠭᠤᠳᠤᠭᠠᠷ ᠬᠤᠭᠤᠴᠠᠭᠠᠨ ᠤ ᠲᠥᠯᠦᠪᠵᠢᠭᠦᠯᠭᠡ ᠶᠢᠨ 70% ᠠᠴᠠ ᠳᠡᠭᠡᠭᠰᠢᠬᠢ | ᠡᠭᠦᠷᠭᠡ ᠶᠢ ᠪᠡᠶᠡᠯᠡᠭᠦᠯᠬᠦ ᠪᠠᠷ ᠴᠢᠷᠮᠠᠶᠢᠵᠤ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠭᠤᠣᠯ | ᠴᠣᠭᠴᠠ ᠶᠢᠨ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠬᠦ ᠭᠡᠷᠡᠭᠲᠡᠢ︔ 2030 ᠣᠨ ᠪᠤᠯᠬᠤ ᠳᠤ ᠵᠢᠷᠭᠤᠳᠤᠭᠠᠷ | ᠬᠤᠭᠤᠴᠠᠭᠠᠨ ᠤ ᠲᠥᠯᠦᠪᠵᠢᠭᠦᠯᠭᠡ ᠶᠢᠨ ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠬᠦ ᠪᠠᠷ ᠴᠢᠷᠮᠠᠶᠢᠵᠤ᠂ ᠭᠤᠷᠪᠠᠨ | ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠳᠤ ᠨᠠᠩ ᠢᠯᠡᠷᠬᠡᠢ ᠦᠷ᠎ᠡ ᠪᠦᠲᠦᠮᠵᠢ ᠣᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | 27 ᠤ ᠦᠳᠡ ᠶᠢᠨ ᠡᠮᠦᠨ᠎ᠡ᠂ ᠾᠧ ᠯᠢ ᠹᠧᠩ ᠥᠪᠥᠷ ᠮᠣᠩᠭᠤᠯ ᠤᠨ ᠬᠡᠰᠡᠭ ᠲᠠᠬᠢ ᠬᠠᠲᠤᠨ ᠭᠤᠣᠯ ᠤᠨ | ︽ᠶᠡᠭᠡ ᠲᠣᠬᠤᠢ ᠣᠷᠣᠨ︾ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠬᠤᠢ ᠲᠠᠯᠠᠪᠠᠶ ᠳᠤ ᠬᠦᠷᠴᠦ᠂ ᠰᠠᠨ | ᠱᠧᠩ ᠭᠦᠩ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ᠂ ᠬᠠᠲᠤᠨ ᠭᠤᠣᠯ ᠤᠨ ᠡᠷᠭᠢ ᠳᠠᠭᠠᠤ ᠶᠢᠨ ᠨᠡᠭᠦᠳᠡᠯ | ᠡᠯᠡᠰᠦ ᠶᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠣᠷᠣᠨ᠂ ᠳ᠋ᠧᠩᠺᠸᠤ ᠶᠢᠨ ᠴᠠᠭᠢᠯᠭᠠᠨ ᠨᠥᠭᠡᠴᠡᠯᠡᠬᠦ | ᠰᠢᠨ᠎ᠡ ᠡᠨᠧᠷᠭᠢ ᠶᠢᠨ ᠲᠥᠷᠥᠯ ᠵᠦᠢᠯ ᠤᠨ ᠣᠷᠣᠨ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ | ᠬᠤᠯᠪᠣᠭᠳᠠᠯ ᠪᠦᠬᠦᠢ ᠪᠠᠶᠢᠳᠠᠯ ᠢ ᠭᠦᠨᠵᠡᠭᠡᠢ ᠣᠶᠢᠯᠠᠭᠠᠪᠠ᠃ |