6 ᠳ᠋ᠤᠭᠠᠷ ᠰᠠᠷ᠎ᠠ ᠶᠢᠨ 9 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠭᠰᠠᠨ ︽ᠠᠷᠠᠳ ᠤᠨ | ᠠᠮᠢᠳᠤᠷᠠᠯ ᠢ ᠤᠯᠠᠮ ᠨᠢᠭᠡ ᠠᠯᠬᠤᠮ ᠪᠠᠲᠤᠯᠠᠨ ᠰᠠᠶᠢᠵᠢᠷᠠᠭᠤᠯᠵᠤ ᠣᠯᠠᠨ ᠲᠦᠮᠡᠨ ᠤ ᠪᠠᠴᠢᠮᠳᠠᠵᠤ ᠬᠦᠴᠢᠷᠳᠡᠵᠦ | ᠰᠠᠨᠠᠭᠠᠰᠢᠷᠠᠵᠤ ᠬᠦᠰᠡᠵᠦ ᠪᠠᠶᠢᠭ᠎ᠠ ᠵᠦᠢᠯᠡᠰ ᠢ ᠬᠦᠴᠦᠯᠡᠨ ᠰᠢᠢᠳᠪᠦᠷᠢᠯᠡᠬᠦ ᠲᠤᠬᠠᠶ ᠰᠠᠨᠠᠯ︾ ᠢ ᠨᠡᠶᠢᠲᠡᠯᠡᠪᠡ᠃ | ᠡᠨᠡ ᠨᠢ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ᠂ ᠰᠤᠷᠭᠠᠨ ᠬᠥᠮᠦᠵᠢᠯ᠂ ᠡᠪᠡᠳᠴᠢᠨ ᠦᠵᠡᠭᠦᠯᠬᠦ᠂ | ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠁ ᠲᠠᠢ ᠬᠤᠯᠪᠣᠭᠳᠠᠨ᠎ᠠ᠃ ᠬᠠᠮᠲᠤ ᠪᠠᠷ ᠣᠶᠢᠯᠠᠭᠠᠵᠠᠭᠠᠶ᠎ᠠ︕ | ᠨᠡᠶᠢᠭᠡᠮ ᠤᠨ ᠪᠠᠳᠤᠯᠠᠭ᠎ᠠ ᠶᠢᠨ ᠲᠠᠯ᠎ᠠ ᠪᠠᠷ | ᠠᠵᠢᠯ ᠣᠯᠤᠭᠰᠠᠨ ᠭᠠᠵᠠᠷ ᠲᠤ ᠪᠠᠨ ᠨᠡᠶᠢᠭᠡᠮ ᠤᠨ ᠳᠠᠭᠠᠳᠬᠠᠯ ᠳᠤ ᠣᠷᠣᠯᠴᠠᠳᠠᠭ ᠡᠷᠦᠬᠡ ᠠᠮᠠ ᠶᠢᠨ | ᠬᠠᠷᠢᠶ᠎ᠠ ᠶᠢᠨ ᠬᠢᠵᠠᠭᠠᠷᠯᠠᠯ ᠢ ᠪᠦᠬᠦ ᠲᠠᠯ᠎ᠠ ᠪᠠᠷ ᠬᠦᠴᠦᠨ ᠦᠭᠡᠶ ᠪᠣᠯᠭᠠᠨ᠎ᠠ᠃ | ᠨᠥᠬᠦᠴᠡᠯ ᠳᠤ ᠨᠡᠶᠢᠴᠡᠬᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠣᠯᠬᠤ ᠳᠤ ᠬᠦᠴᠢᠷᠲᠡᠶ | ᠬᠥᠮᠦᠰ ᠵᠡᠷᠭᠡ ᠳᠤ ᠨᠡᠶᠢᠭᠡᠮ ᠤᠨ ᠳᠠᠭᠠᠳᠬᠠᠯ ᠤᠨ ᠨᠡᠮᠡᠭᠦᠷᠢ ᠣᠯᠭᠤᠨ᠎ᠠ᠃ | ᠠᠵᠢᠯᠲᠠᠨ ᠠᠵᠢᠯᠴᠢᠨ ᠤ ᠡᠮᠴᠢᠯᠡᠭᠡᠨ ᠤ ᠦᠨᠳᠦᠰᠦᠨ ᠳᠠᠭᠠᠳᠬᠠᠯ ᠤᠨ ᠬᠤᠪᠢ ᠬᠥᠮᠦᠨ ᠤ ᠳᠠᠩᠰᠠᠨ | ᠡᠷᠦᠬᠡ ᠶᠢ ᠮᠤᠵᠢ ᠠᠯᠤᠰᠯᠠᠨ ᠲᠤᠰᠠᠯᠠᠯᠴᠠᠬᠤ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ | ᠨᠥᠬᠦᠴᠡᠯ ᠲᠠᠢ ᠭᠠᠵᠠᠷ ᠣᠷᠣᠨ ᠢ ᠳᠡᠮᠵᠢᠵᠦ ᠬᠥᠲᠥᠯᠥᠨ ᠵᠢᠯᠣᠭᠤᠳᠴᠤ ᠪᠠᠶᠢᠭᠠᠳ ᠦᠷᠡᠵᠢᠯ ᠤᠨ | ᠳᠠᠭᠠᠳᠬᠠᠯ᠂ ᠦᠷᠡᠵᠢᠯ ᠤᠨ ᠨᠡᠮᠡᠯᠭᠡ ᠶᠢ ᠳᠠᠭᠠᠳᠬᠠᠯ ᠳᠤ ᠣᠷᠣᠯᠴᠠᠭᠰᠠᠳ ᠲᠤ ᠳᠡᠰ ᠳᠠᠷᠠᠭᠠᠯᠠᠯ ᠢᠶᠠᠷ ᠨᠢ ᠰᠢᠭᠤᠳ | ᠣᠯᠭᠤᠨ᠎ᠠ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠵᠦᠢ ᠵᠣᠬᠢᠰᠲᠠᠢ ᠳᠣᠬᠢᠷᠠᠭᠤᠯᠤᠨ | ᠲᠣᠭᠲᠠᠭᠠᠨ᠎ᠠ᠃ | ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠶᠢ ᠵᠦᠢ ᠵᠣᠬᠢᠰᠲᠠᠢ ᠳᠡᠭᠡᠭᠰᠢᠯᠡᠭᠦᠯᠦᠨ᠎ᠡ᠃ | ᠣᠷᠣᠨ ᠰᠠᠭᠤᠴᠠ ᠶᠢᠨ ᠲᠠᠯ᠎ᠠ ᠪᠠᠷ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠳᠤ ᠠᠮᠢᠳᠤᠯᠢᠭ ᠢᠶᠠᠷ | ᠠᠵᠢᠯ ᠣᠯᠤᠭᠰᠠᠳ ᠤᠨ ᠣᠷᠣᠯᠴᠠᠬᠤ ᠶᠢ ᠯᠠᠪᠳᠠᠭᠤᠨ ᠢᠶᠠᠷ ᠠᠬᠢᠭᠤᠯᠤᠨ᠎ᠠ᠃ | ᠡᠯ᠎ᠡ ᠭᠠᠵᠠᠷ ᠤᠨ ᠪᠡᠯᠡ ᠮᠥᠩᠭᠦ ᠪᠠᠨ ᠨᠢᠭᠡᠳᠦᠯᠲᠡᠶ ᠲᠥᠯᠥᠪᠯᠡᠬᠦ ᠠᠷᠭ᠎ᠠ ᠵᠠᠮ ᠢ ᠳᠡᠮᠵᠢᠵᠦ᠂ ᠪᠠᠲᠤᠯᠠᠭ᠎ᠠ ᠶᠢᠨ | ᠴᠢᠨᠠᠷᠲᠠᠶ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠨᠡᠶᠢᠭᠡᠮ ᠤᠨ ᠬᠦᠴᠦᠨ ᠤ ᠤᠷᠲᠤ | ᠬᠤᠭᠤᠴᠠᠭ᠎ᠠ ᠪᠠᠷ ᠲᠦᠷᠢᠶᠡᠰᠦᠨ ᠣᠷᠣᠨ ᠰᠠᠭᠤᠴᠠ ᠡᠵᠡᠩᠨᠡᠬᠦ ᠶᠢ ᠬᠥᠲᠥᠯᠥᠨ ᠵᠢᠯᠣᠭᠤᠳᠴᠤ ᠳᠡᠮᠵᠢᠨ᠎ᠡ᠃ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠳᠤ ᠠᠵᠢᠯ ᠤᠨ ᠪᠠᠶᠢᠷᠢ ᠪᠠ ᠣᠷᠣᠨ ᠰᠠᠭᠤᠴᠠ ᠶᠢᠨ | ᠲᠡᠩᠴᠡᠭᠦᠷᠢᠲᠡᠢ ᠪᠠᠶᠢᠯᠭᠠᠬᠤ ᠶᠢ ᠬᠠᠷᠠᠭᠠᠯᠵᠠᠭᠰᠠᠨ ᠰᠠᠭᠤᠷᠢ ᠪᠠᠶᠢᠷᠢ ᠶᠢᠨ ᠬᠡᠯᠪᠡᠷᠢ ᠪᠠ ᠵᠠᠯᠠᠭᠤᠴᠤᠳ ᠤᠨ | ᠨᠡᠶᠢᠲᠡ ᠶᠢᠨ ᠪᠠᠭ᠎ᠠ ᠬᠡᠯᠪᠡᠷᠢ ᠶᠢᠨ ᠪᠠᠶᠢᠷᠢ ᠶᠢᠨ ᠰᠠᠭᠤᠬᠤ ᠬᠠᠩᠭᠠᠯᠭ᠎ᠠ ᠶᠢ ᠨᠢ ᠨᠡᠮᠡᠭᠳᠡᠭᠦᠯᠬᠦ ᠶᠢ ᠬᠥᠲᠥᠯᠥᠨ | ᠵᠢᠯᠤᠭᠤᠳᠴᠤ ᠲᠡᠮᠵᠢᠨ᠎ᠠ᠃ | ᠣᠯᠠᠨ ᠨᠡᠶᠢᠲᠡ ᠶᠢᠨ ᠪᠡᠯᠡᠳᠬᠡᠮᠵᠢ᠂ ᠰᠠᠭᠤᠭᠠᠯᠢ ᠠᠷᠠᠳ ᠤᠨ ᠣᠷᠣᠨ ᠰᠠᠭᠤᠴᠠ ᠵᠡᠷᠭᠡ ᠣᠯᠠᠨ | ᠳᠠᠪᠬᠤᠷᠭᠠᠲᠤ ᠠᠰᠠᠷ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠲᠦᠯᠬᠢᠨ ᠠᠬᠢᠭᠤᠯᠤᠨ᠎ᠠ᠃ | ᠰᠤᠷᠭᠠᠨ ᠬᠥᠮᠥᠵᠢᠯ ᠤᠨ ᠲᠠᠯ᠎ᠠ ᠪᠠᠷ | ᠣᠳᠣ ᠶᠢᠨ ᠪᠠᠶᠢᠭ᠎ᠠ ᠴᠢᠨᠠᠷ ᠰᠠᠶᠢᠲᠠᠶ ᠳᠤᠮᠳᠠᠳᠤ ᠪᠠᠭ᠎ᠠ ᠰᠤᠷᠭᠠᠭᠤᠯᠢ᠂ ᠠᠯᠪᠠᠨ ᠠᠴᠠ ᠡᠷᠬᠢᠯᠡᠭᠰᠡᠨ | ᠬᠡᠦᠬᠡᠳ ᠤᠨ ᠴᠡᠴᠡᠷᠯᠢᠭ ᠤᠨ ᠲᠤᠭ᠎ᠠ ᠪᠠ ᠣᠷᠣ ᠶᠢᠨ ᠬᠠᠩᠭᠠᠯᠭ᠎ᠠ ᠶᠢ ᠥᠷᠭᠡᠳᠬᠡᠵᠦ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠰᠠᠭᠤᠷᠢ ᠨᠢ ᠪᠠᠷᠤᠭᠲᠠᠢ ᠰᠤᠷᠭᠠᠭᠤᠯᠢ ᠨᠤᠭᠤᠳ ᠢ ᠴᠢᠨᠠᠷ ᠰᠠᠶᠢᠲᠠᠶ ᠰᠤᠷᠭᠠᠭᠤᠯᠢ ᠶᠢᠨ | ᠪᠦᠯᠦᠭᠵᠢᠭᠦᠯᠦᠨ ᠰᠤᠷᠭᠠᠭᠤᠯᠢ ᠡᠷᠬᠢᠯᠡᠬᠦ ᠪᠤᠶᠤ ᠨᠠᠶᠢᠳᠠᠨ ᠬᠠᠮᠢᠶᠠᠷᠤᠭᠤᠯᠵᠤ ᠬᠠᠪᠰᠤᠷᠤᠨ ᠲᠡᠳᠬᠦᠬᠦ ᠳᠤ | ᠣᠷᠣᠭᠤᠯᠤᠨ᠎ᠠ᠃ | 5 ᠵᠢᠯ ᠣᠷᠴᠢᠮ ᠤᠨ ᠬᠤᠭᠤᠴᠠᠭ᠎ᠠ ᠶᠢ ᠬᠡᠷᠡᠭᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠴᠢᠨᠠᠷ ᠰᠠᠶᠢᠲᠠᠶ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ 1000 ᠠᠴᠠ ᠢᠯᠡᠭᠦᠦ | ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ ᠰᠢᠶᠠᠨ ᠤ ᠬᠡᠪᠴᠢᠶᠡᠨ ᠤ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠨᠳᠦᠰᠦᠨ ᠨᠥᠬᠦᠴᠡᠯ ᠢ ᠭᠤᠤᠯᠳᠠᠯᠭ᠎ᠠ ᠲᠠᠢ | ᠰᠠᠶᠢᠵᠢᠷᠠᠭᠤᠯᠤᠨ᠎ᠠ᠃ | ᠡᠪᠡᠳᠴᠢᠨ ᠦᠵᠡᠭᠦᠯᠬᠦ ᠲᠠᠯ᠎ᠠ ᠪᠠᠷ | ᠦᠨᠳᠣᠷ ᠬᠢᠷᠢ ᠲᠦᠪᠰᠢᠨ ᠪᠦᠬᠦᠢ ᠡᠮᠨᠡᠯᠭᠡ ᠶᠢᠨ ᠬᠤᠷᠢᠶᠠᠨ ᠤ ᠠᠵᠢᠯᠲᠠᠳ᠂ ᠦᠢᠯᠡᠴᠢᠯᠡᠭᠡ᠂ ᠮᠡᠷᠭᠡᠵᠢᠯ᠂ | ᠬᠠᠮᠢᠶᠡᠷᠦᠯᠳᠡ ᠵᠡᠷᠭᠡ ᠶᠢ ᠦᠨᠳᠣᠰᠣᠨ ᠱᠠᠳᠣᠨ ᠤ ᠡᠮᠴᠢᠯᠡᠭᠡ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠳᠤ | ᠪᠠᠭᠤᠯᠭᠠᠬᠤ ᠶᠢ ᠳᠡᠮᠵᠢᠵᠦ᠂ ᠬᠤᠳᠡ ᠶᠢᠨ ᠡᠮ ᠡᠮᠨᠡᠯᠭᠡᠨ ᠤ ᠬᠤᠯᠪᠣᠭᠠᠳᠣ ᠴᠣᠠᠠᠴᠠ ᠶᠢᠨ ᠪᠠᠶᠢᠭᠤᠯᠥᠯᠳᠡ ᠶᠢ | ᠠᠬᠢᠭᠤᠯᠥᠨ᠎ᠠ᠃ | ᠥᠨᠳᠥᠷ ᠬᠢᠷᠢ ᠲᠦᠪᠰᠢᠨ ᠪᠦᠬᠦᠢ ᠠᠨᠠᠭᠠᠬᠤ ᠤᠬᠠᠭᠠᠨ ᠤ ᠴᠢᠳᠠᠪᠤᠷᠢᠲᠠᠳ ᠤᠨ ᠰᠢᠶᠠᠨ ᠤ ᠱᠠᠲᠤᠨ ᠤ | ᠡᠮᠨᠡᠯᠭᠡ ᠶᠢᠨ ᠬᠤᠷᠢᠶ᠎ᠠ ᠲᠡᠶᠢᠰᠢ ᠪᠠᠭᠤᠬᠤ ᠶᠢ ᠳᠡᠮᠵᠢᠨ᠎ᠡ᠃ | ᠠᠯᠥᠰ ᠡᠵᠡᠮᠰᠢᠯᠳᠦ ᠡᠮᠴᠢᠯᠡᠬᠡᠨ ᠤ ᠦᠢᠯᠡᠴᠢᠯᠡᠭᠡ ᠶᠢᠨ ᠲᠣᠣᠷ ᠪᠠᠶᠢᠭᠤᠯᠬᠤ ᠶᠢ ᠠᠬᠢᠭᠤᠯᠵᠦ᠂ ︽ᠲᠠᠷᠬᠠᠮᠠᠯ | ᠪᠠᠶᠢᠴᠠᠭᠠᠯᠲᠠ᠂ ᠳᠥᠪᠯᠡᠷᠡᠩᠬᠦᠢ ᠣᠨᠣᠰᠢᠯᠠᠯᠲᠠ︾ ᠲᠠᠢ ᠡᠮᠴᠢᠯᠡᠬᠡᠨ ᠤ ᠦᠢᠯᠡᠴᠢᠯᠡᠬᠦ ᠬᠡᠪ ᠵᠬᠠᠪᠤᠷ ᠢ ᠳᠡᠯᠭᠡᠷᠡᠬᠦᠯᠥᠨ᠎ᠠ | ᠃ | ᠵᠢᠷᠮᠦᠰᠦᠨ ᠡᠮᠡᠭᠲᠡᠶᠢᠴᠦᠳ ᠤᠨ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠶᠢᠨ ᠦᠨᠳᠦᠰᠦᠨ ᠦᠢᠯᠡᠴᠢᠯᠡᠭᠡ ᠶᠢ | ᠲᠡᠭᠦᠯᠳᠡᠷᠵᠢᠭᠦᠯᠵᠦ᠂ ᠨᠥᠬᠦᠴᠡᠯ ᠲᠠᠢ ᠭᠠᠵᠠᠷ ᠣᠷᠣᠨ ᠤ ᠬᠢᠨ ᠵᠣᠬᠢᠬᠤ ᠨᠠᠰᠤᠨ ᠤ ᠬᠡᠦᠬᠡᠨᠴᠦᠳ ᠲᠤ HPV | ᠸᠠᠺᠼᠢᠨ ᠤ ᠲᠠᠷᠢᠯᠭ᠎ᠠ ᠬᠢᠬᠦ ᠶᠢ ᠵᠣᠷᠢᠭᠵᠢᠭᠤᠯᠤᠨ᠎ᠠ᠃ | ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠲᠠᠯ᠎ᠠ ᠪᠠᠷ | ︽ᠨᠠᠰᠤᠲᠠᠶᠢᠴᠤᠳ ᠪᠠ ᠨᠢᠯᠬᠠᠰ︾ ᠤᠨ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠤᠨ ᠶᠠᠰᠤ ᠴᠢᠨᠠᠷ ᠨᠢ | ᠪᠠᠲᠤᠯᠠᠭ᠎ᠠ ᠲᠠᠢ᠂ ᠦᠨ᠎ᠡ ᠬᠠᠩᠰᠢ ᠶᠢ ᠨᠢ ᠬᠦᠯᠢᠶᠡᠨ ᠠᠪᠴᠤ ᠳᠡᠶᠢᠯᠬᠦ᠂ ᠠᠵᠢᠯᠯᠠᠭᠠᠨ ᠨᠢ ᠦᠷᠭᠦᠯᠵᠢᠯᠡᠬᠦ᠋ᠢᠴᠡ | ᠨᠡᠶᠢᠳᠡᠮ ᠬᠠᠷᠠᠭᠠᠯᠵᠠᠯ ᠲᠠᠢ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ | ᠪᠡᠷᠬᠡᠰᠢᠶᠡᠯᠲᠡᠢ ᠨᠠᠰᠣᠳᠡᠶᠢᠴᠣᠳ ᠢ ᠠᠰᠠᠷᠡᠨ ᠰᠣᠪᠢᠯᠠᠬᠤ ᠪᠠᠷ ᠭᠤᠤᠯᠳᠡᠯᠭ᠎ᠠ ᠪᠤᠯᠭᠠᠵᠦ᠂ ᠰᠣᠪᠢᠯᠠᠬᠤ | ᠮᠠᠶ᠋ᠢᠭ ᠤᠨ ᠣᠷᠣ ᠶᠢᠨ ᠬᠠᠩᠭᠠᠯᠭ᠎ᠠ ᠶᠢ ᠨᠡᠮᠡᠭᠳᠡᠭᠦᠯᠦᠨ᠎ᠡ᠂ ᠰᠢᠨ᠎ᠡ ᠪᠠᠷ ᠪᠠᠶᠢᠭᠤᠯᠥᠠᠠᠰᠠᠨ ᠨᠠᠰᠣᠵᠢᠯ ᠤᠨ | ᠪᠠᠶᠢᠭᠤᠯᠥᠮᠵᠢ ᠶᠢᠨ ᠰᠣᠪᠢᠯᠠᠬᠤ ᠮᠠᠶ᠋ᠢᠭ ᠤᠨ ᠣᠷᠥ ᠶᠢᠨ ᠡᠵᠡᠯᠡᠬᠦ ᠬᠠᠷᠢᠴᠡᠯ ᠢ ᠵᠠᠷᠴᠢᠮ ᠳᠡᠭᠡᠷ᠎ᠠ ᠪᠠᠨ 80% ᠠᠴᠠ | ᠲᠣᠣᠷ᠎ᠠ ᠪᠠᠶᠢᠯᠭᠠᠬᠤ ᠦᠭᠡᠢ᠃ | 10 ᠵᠢᠯ ᠣᠷᠴᠢᠮ ᠤᠨ ᠬᠤᠭᠤᠴᠠᠭ᠎ᠠ ᠶᠢ ᠬᠡᠷᠡᠭᠯᠡᠵᠦ᠂ ᠨᠥᠬᠦᠴᠡᠯ ᠲᠠᠢ ᠲᠣᠮᠣ ᠬᠤᠲᠠᠳ ᠤᠨ ᠰᠢᠭᠢᠳᠬᠡᠯ | ᠮᠠᠶ᠋ᠢᠭ ᠵᠡᠷᠭᠡ ᠲᠦᠭᠡᠮᠡᠯ ᠬᠠᠷᠠᠭᠠᠯᠵᠠᠯᠲᠤ ᠨᠠᠶᠢᠳᠠᠨ ᠰᠠᠭᠠᠲᠠᠭᠤᠯᠬᠤ ᠶᠢ ᠠᠯᠬᠤᠮ ᠠᠯᠬᠤᠮ ᠢᠶᠠᠷ 80% ᠠᠴᠠ | ᠳᠡᠭᠡᠭᠰᠢᠬᠢ ᠨᠡᠶᠢᠭᠡᠮ ᠲᠣᠭᠤᠷᠢᠭ ᠲᠤ ᠪᠦᠷᠬᠦᠭᠦᠯᠬᠦ ᠶᠢ ᠠᠬᠢᠭᠤᠯᠤᠨ᠎ᠠ᠃ |