︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠳᠤᠮᠳᠠᠳᠤ | ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠥᠨᠥᠳᠥᠷ ᠪᠡᠭᠡᠵᠢᠩ ᠳᠤ ᠦᠪᠡᠳᠡᠭᠰᠢ ᠶᠡᠭᠡ ᠪᠠᠷ ᠡᠬᠢᠯᠡᠯ᠎ᠡ᠃ ᠪᠢᠳᠡ ᠶᠡᠭᠡ | ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠪᠦᠬᠦ ᠤᠯᠤᠰ ᠤᠨ ᠦᠨᠳᠦᠰᠦᠲᠡᠨ ᠨᠦᠭᠦᠳ ᠤᠨ | ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ᠂ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ | ᠵᠢᠯᠣᠭᠤᠳᠤᠭᠴᠢ᠂ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ | ᠳᠡᠪᠰᠢᠭᠦᠯᠵᠦ ᠪᠠᠶᠢᠨ᠎ᠠ︕ | ᠪᠠᠭᠠᠴᠤᠳ ᠬᠦᠴᠦᠷᠬᠡᠭ ᠪᠣᠯ ᠤᠯᠤᠰ ᠭᠥᠷᠥᠨ ᠬᠦᠴᠦᠷᠬᠡᠭ ᠪᠣᠯᠣᠨ᠎ᠠ᠃ ᠪᠠᠭᠠᠴᠤᠳ ᠬᠡᠦᠬᠡᠳ ᠪᠣᠯ ᠡᠬᠡ | ᠤᠯᠤᠰ ᠤᠨ ᠢᠷᠡᠭᠡᠳᠦᠢ᠂ ᠳᠤᠮᠳᠠᠳᠤ ᠶᠢᠨ ᠦᠨᠳᠦᠰᠦᠲᠡᠨ ᠤ ᠬᠦᠰᠡᠯ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠦᠢᠯᠡᠰ ᠲᠤ ᠵᠠᠯᠭᠠᠮᠵᠢᠯᠠᠭᠴᠢ ᠲᠠᠢ ᠪᠠᠶᠢᠬᠤ᠂ | ᠬᠤᠪᠢᠰᠬᠠᠯᠲᠤ ᠭᠦᠷᠦᠨ ᠤ ᠥᠩᠭᠡ ᠳᠦᠷᠰᠦ ᠥᠨᠢᠳᠡ ᠬᠤᠪᠢᠷᠠᠰᠢ ᠦᠭᠡᠢ ᠪᠠᠶᠢᠬᠤ ᠶᠢ ᠪᠠᠲᠤᠯᠠᠬᠤ ᠪᠠᠶᠢᠯᠳᠤᠬᠤ | ᠪᠣᠳᠣᠯᠭ᠎ᠠ ᠶᠢᠨ ᠥᠨᠳᠥᠷᠴᠡ ᠠᠴᠠ ᠪᠠᠭᠠᠴᠤᠳ ᠬᠡᠦᠬᠡᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠶᠢ | ᠬᠠᠯᠠᠮᠵᠢᠯᠠᠵᠤ᠂ ᠪᠠᠭᠠᠴᠤᠳ ᠬᠡᠦᠬᠡᠳ ᠪᠠ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠢ ᠴᠢᠬᠤᠯᠠᠴᠢᠯᠠᠵᠤ᠂ | ᠠᠯᠢ ᠤᠯᠠᠨ ᠴᠢᠬᠤᠯᠠ ᠵᠢᠭᠠᠪᠤᠷᠢ ᠴᠣᠬᠤᠯᠠᠪᠤᠷᠢ ᠭᠠᠷᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠭᠠᠴᠤᠳ ᠤᠨ | ᠠᠵᠢᠯ ᠦᠢᠯᠡᠰ ᠤᠨ ᠴᠢᠬᠤᠯᠠ ᠶᠡᠭᠡ ᠠᠮᠵᠢᠯᠲᠠ ᠣᠯᠬᠤ ᠶᠢ ᠵᠢᠭᠠᠨ ᠵᠢᠯᠣᠭᠤᠳᠪᠠ᠃ ᠢᠯᠠᠩᠭᠤᠶ᠎ᠠ ᠨᠠᠢᠮᠠᠳᠤᠭᠠᠷ | ᠤᠳᠠᠭ᠎ᠠ ᠶᠢᠨ ᠪᠦᠬᠦ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠲᠥᠯᠥᠭᠡᠯᠡᠭᠴᠢᠳ ᠤᠨ ᠶᠡᠭᠡ | ᠬᠤᠷᠠᠯ ᠠᠴᠠ ᠨᠠᠭᠠᠰᠢ᠂ ᠪᠠᠭᠠᠴᠤᠳ ᠤᠨ ᠬᠤᠰᠢᠭᠤᠴᠢ ᠠᠩᠭᠢ ᠶᠢᠨ ᠬᠢᠨ ᠢ ᠡᠪ ᠬᠠᠮᠲᠤ ᠶᠣᠰᠣᠨ ᠤ | ᠵᠠᠯᠭᠠᠮᠵᠢᠯᠠᠭᠴᠢ ᠪᠠᠷ ᠬᠥᠮᠥᠵᠢᠭᠦᠯᠬᠦ ᠦᠨᠳᠦᠰᠦᠨ ᠡᠭᠦᠷᠭᠡ ᠳᠤ ᠠᠩᠬᠠᠷᠤᠯ ᠲᠥᠪᠯᠡᠷᠡᠭᠦᠯᠵᠦ᠂ ᠦᠵᠡᠯ ᠰᠠᠨᠠᠭ᠎ᠠ | ᠤᠯᠤᠰ ᠲᠦᠷᠦ ᠪᠠᠷ ᠬᠥᠲᠥᠯᠥᠨ ᠵᠢᠯᠣᠭᠤᠳᠬᠤ ᠶᠢ ᠶᠡᠭᠡ ᠪᠠᠷ ᠴᠢᠩᠭᠠᠳᠬᠠᠵᠤ᠂ ᠪᠠᠭᠠᠴᠤᠳ ᠤᠨ ᠬᠤᠰᠢᠭᠤᠴᠢ | ᠠᠩᠭᠢ ᠳᠤ ᠲᠣᠬᠢᠷᠠᠭᠰᠠᠨ ᠣᠨᠴᠠᠯᠢᠭᠲᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠠᠮ ᠳᠤ ᠪᠠᠨ ᠬᠥᠮᠥᠨ | ᠬᠥᠮᠥᠵᠢᠭᠦᠯᠬᠦ᠂ ᠤᠯᠤᠰ ᠲᠤ ᠪᠠᠨ ᠴᠢᠳᠠᠪᠤᠷᠢᠲᠠᠨ ᠬᠥᠮᠥᠵᠢᠭᠦᠯᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ | ᠪᠠᠭᠠᠴᠤᠳ ᠤᠨ ᠬᠤᠰᠢᠭᠤᠴᠢ ᠠᠩᠭᠢ ᠶᠢᠨ ᠥᠷᠭᠡᠨ ᠣᠯᠠᠨ ᠭᠡᠰᠢᠭᠦᠳ ᠨᠠᠮ ᠢᠶᠠᠨ ᠬᠠᠶᠢᠷᠠᠯᠠᠬᠤ ᠤᠯᠤᠰ ᠢᠶᠠᠨ | ᠬᠠᠶᠢᠷᠠᠯᠠᠬᠤ᠂ ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ ᠥᠭᠡᠳᠡᠯᠡᠨ ᠲᠠᠪᠰᠢᠬᠤ ᠪᠠᠷ ᠬᠦᠴᠦᠯᠡᠨ ᠴᠢᠷᠮᠠᠶᠢᠵᠤ | ᠪᠠᠶᠢᠭ᠎ᠠ ᠴᠤᠭ ᠪᠠᠳᠠᠷᠠᠩᠭᠤᠢ ᠰᠦᠷ ᠵᠢᠪᠬᠤᠭ᠎ᠠ ᠪᠠᠨ ᠢᠯᠡᠷᠡᠭᠦᠯᠦᠭᠰᠡᠨ ᠪᠠᠶᠢᠨ᠎ᠠ᠃ | ᠠᠭᠤᠤ ᠶᠡᠭᠡ ᠴᠠᠭ ᠦᠶ᠎ᠡ ᠳᠤ ᠲᠥᠷᠥᠵᠦ ᠥᠰᠴᠦ᠂ ᠨᠠᠮ ᠤᠨ ᠢᠪᠡᠭᠡᠯ ᠬᠠᠶᠢᠷ᠎ᠠ ᠶᠢ ᠬᠦᠷᠲᠡᠵᠦ ᠪᠠᠶᠢᠭ᠎ᠠ | ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠪᠣᠯ ᠵᠣᠯ ᠵᠢᠷᠭᠠᠯ ᠲᠠᠢ ᠨᠢᠭᠡ ᠦᠶ᠎ᠡ ᠶᠢᠨ ᠬᠢᠨ᠂ ᠮᠥᠨ ᠴᠦ | ᠬᠦᠨᠳᠦ ᠡᠭᠦᠷᠭᠡ ᠶᠢ ᠡᠭᠦᠷᠭᠡᠯᠡᠵᠦ ᠪᠠᠶᠢᠭ᠎ᠠ ᠨᠢᠭᠡ ᠦᠶ᠎ᠡ ᠶᠢᠨ ᠬᠢᠨ ᠪᠣᠯᠣᠨ᠎ᠠ᠃ ᠣᠳᠣᠬᠠᠨ ᠳᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠢᠵᠠᠭᠠᠯᠠᠰᠢ ᠦᠭᠡᠢ ᠭᠡᠷᠡᠯ ᠰᠠᠴᠤᠷᠠᠩᠭᠤᠢ ᠢᠷᠡᠭᠡᠳᠦᠢ ᠶᠢᠨ ᠲᠥᠯᠥᠪ | ᠢᠯᠡᠷᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠨᠡᠶᠢᠭᠡᠮ ᠵᠢᠷᠤᠮᠲᠤ ᠪᠠᠶᠢᠭᠤᠯᠤᠯ ᠳᠤ | ᠢᠯᠡᠳᠲᠡ ᠳᠠᠪᠠᠭᠤᠯᠢᠭ ᠲᠠᠢ ᠪᠠᠶᠢᠳᠠᠭ ᠪᠣᠯᠬᠤᠷ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ | ᠠᠮᠢᠳᠤᠷᠠᠵᠤ ᠪᠠᠶᠢᠭ᠎ᠠ ᠦᠨᠳᠦᠰᠦᠲᠡᠨ ᠨᠦᠭᠦᠳ ᠤᠨ ᠬᠡᠦᠬᠡᠳ ᠤᠯᠠᠮ ᠠᠴᠠ ᠤᠯᠠᠮ ᠵᠣᠯ ᠵᠢᠷᠭᠠᠯ ᠲᠠᠢ ᠪᠣᠯᠵᠤ᠂ ᠨᠡᠩ | ᠰᠠᠶᠢᠨ ᠰᠠᠶᠢᠬᠠᠨ ᠢᠷᠡᠭᠡᠳᠦᠢ ᠲᠠᠢ ᠪᠣᠯᠬᠤ ᠨᠢ ᠯᠠᠪᠲᠠᠢ ᠶᠤᠮ᠃ ᠥᠨᠥᠳᠥᠷ ᠤᠨ ᠪᠠᠭᠠᠴᠤᠳ ᠬᠡᠦᠬᠡᠳ ᠪᠣᠯ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠤᠨ ᠵᠠᠯᠭᠠᠮᠵᠢᠯᠠᠭᠴᠢ ᠪᠠ ᠢᠷᠡᠭᠡᠳᠦᠢ ᠶᠢᠨ ᠭᠤᠣᠯ ᠬᠦᠴᠦᠨ ᠮᠥᠨ᠃ ᠢᠷᠠᠭᠤ ᠠᠯᠳᠠᠷᠲᠤ ᠬᠦᠰᠡᠯ ᠢᠶᠠᠨ | ᠪᠡᠶᠡᠯᠡᠭᠦᠯᠵᠦ᠂ ᠠᠤᠭ᠎ᠠ ᠶᠡᠭᠡ ᠦᠢᠯᠡᠰ ᠢ ᠠᠬᠢᠭᠤᠯᠬᠤ ᠳᠤ᠂ ᠢᠷᠡᠭᠡᠳᠦᠢ ᠳᠤ ᠪᠠᠭᠠᠴᠤᠳ ᠬᠡᠦᠬᠡᠳ ᠤᠨ | ᠦᠷᠭᠦᠯᠵᠢᠯᠡᠨ ᠲᠡᠮᠡᠴᠡᠬᠦ ᠳᠤ ᠲᠦᠰᠢᠭᠯᠡᠨ᠎ᠡ᠃ ᠬᠠᠷᠠᠬᠠᠨ ᠪᠠᠭ᠎ᠠ ᠠᠴᠠ ᠪᠠᠨ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠵᠤ᠂ ᠪᠠᠯᠴᠢᠷ ᠪᠠᠭ᠎ᠠ ᠠᠴᠠ ᠪᠠᠨ ᠠᠯᠤᠰ ᠤᠨ ᠵᠣᠷᠢᠯᠲᠠ ᠪᠠᠨ ᠲᠣᠭᠲᠠᠭᠠᠵᠤ᠂ ᠰᠠᠶᠢᠨ ᠰᠠᠶᠢᠬᠠᠨ ᠴᠠᠭ | ᠮᠥᠴᠡ ᠪᠠᠨ ᠨᠠᠨᠳᠢᠩᠨᠠᠨ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ | ᠵᠡᠷᠭᠡ ᠪᠦᠬᠦ ᠲᠠᠯ᠎ᠠ ᠪᠠᠷ ᠬᠥᠭᠵᠢᠭᠰᠡᠨ ᠰᠠᠶᠢᠨ ᠬᠡᠦᠬᠡᠳ ᠠᠴᠠ ᠪᠠᠨ ᠥᠭᠡᠯᠡᠢ ᠲᠣᠮᠣ ᠪᠣᠯᠪᠠᠯ ᠰᠠᠶ᠋ᠢ ᠶᠡᠭᠡ ᠡᠭᠦᠷᠭᠡ ᠶᠢ | ᠡᠭᠦᠷᠭᠡᠯᠡᠵᠦ ᠴᠢᠳᠠᠬᠤ ᠲᠤᠯᠭᠠᠭᠤᠷᠢ ᠬᠦᠴᠦᠨ ᠪᠣᠯᠵᠤ ᠴᠢᠳᠠᠨ᠎ᠠ᠃ | ᠪᠠᠭᠠᠴᠤᠳ ᠬᠡᠦᠬᠡᠳ ᠵᠣᠷᠢᠭ ᠲᠠᠢ ᠪᠣᠯᠪᠠᠰᠤ ᠤᠯᠤᠰ ᠭᠥᠷᠥᠨ ᠬᠦᠰᠡᠯ ᠢᠷᠡᠭᠡᠳᠦᠢ ᠲᠠᠢ ᠪᠣᠯᠣᠮᠤᠢ︔ | ᠪᠠᠭᠠᠴᠤᠳ ᠬᠡᠦᠬᠡᠳ ᠥᠭᠡᠳᠡᠯᠡᠪᠡᠯ ᠤᠯᠤᠰ ᠭᠥᠷᠥᠨ ᠬᠥᠭᠵᠢᠨ᠎ᠡ᠃ ᠠᠭᠤᠤ ᠶᠡᠭᠡ ᠬᠦᠰᠡᠯ ᠢᠷᠡᠭᠡᠳᠦᠢ ᠲᠠ ᠨᠠᠷ ᠤᠨ | ᠬᠦᠴᠦᠯᠡᠨ ᠴᠢᠷᠮᠠᠶᠢᠬᠤ ᠶᠢ ᠳᠠᠯᠠᠯᠤᠨ ᠤᠷᠢᠶᠠᠯᠠᠵᠤ᠂ ᠨᠠᠮ ᠪᠠ ᠠᠷᠠᠳ ᠲᠦᠮᠡᠨ ᠲᠠ ᠨᠠᠷ ᠤᠨ ᠲᠣᠷᠨᠢᠨ | ᠪᠤᠶᠢᠵᠢᠬᠤ ᠶᠢ ᠴᠢᠩ ᠰᠡᠳᠬᠢᠯ ᠠᠴᠠ ᠪᠠᠨ ᠬᠦᠰᠡᠨ ᠵᠥᠩᠨᠡᠵᠦ ᠪᠠᠶᠢᠨ᠎ᠠ᠃ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ | ᠲᠥᠯᠥᠭᠡ ᠦᠷᠭᠦᠯᠵᠢᠯᠡᠨ ᠲᠡᠮᠡᠴᠡᠬᠦ ᠪᠠᠷ ᠴᠠᠭ ᠢᠮᠠᠭᠲᠠ ᠪᠡᠯᠡᠬᠡᠨ ᠪᠠᠶᠢᠪᠠᠯ᠂ ᠪᠠᠭᠠᠴᠤᠳ ᠬᠡᠦᠬᠡᠳ ᠯᠠᠪᠳᠠᠶ᠎ᠠ ᠬᠦᠰᠡᠯ | ᠡᠷᠡᠮᠡᠯᠵᠡᠯ ᠪᠠ ᠪᠤᠯᠪᠠᠷᠠᠢ ᠰᠠᠶᠢᠬᠠᠨ ᠪᠠᠯᠴᠢᠷ ᠨᠠᠰᠤ ᠪᠠᠨ ᠬᠥᠰᠡᠷᠳᠡᠭᠦᠯᠬᠦ ᠦᠭᠡᠢ ᠪᠠᠶᠢᠵᠤ᠂ ᠤᠯᠠᠭᠠᠨ | ᠪᠦᠴᠡᠨ ᠳᠤ ᠪᠠᠨ ᠰᠢᠨ᠎ᠡ ᠴᠠᠭ ᠦᠶ᠎ᠡ ᠶᠢᠨ ᠢᠷᠠᠭᠤ ᠠᠯᠳᠠᠷ ᠢ ᠨᠡᠮᠡᠷᠢᠯᠡᠬᠦ ᠪᠣᠯᠣᠨ᠎ᠠ᠃ |