ᠥᠪᠥᠷ ᠮᠣᠩᠭᠤᠯ ᠤᠨ ᠣᠯᠠᠨ ᠭᠠᠵᠠᠷ ᠤᠨ ᠦᠵᠡᠮᠵᠢ ᠶᠢᠨ ᠣᠷᠣᠨ ᠤ ᠬᠢᠨ ᠲᠡᠭᠦᠰᠬᠦ ᠤᠯᠠᠷᠢᠯ ᠳᠤ ᠬᠠᠷᠠᠭᠠᠯᠵᠠᠯ ᠬᠦᠷᠲᠡᠭᠡᠵᠦ ᠪᠣᠢ
ᠨᠡᠶᠢᠲᠡᠯᠡᠭᠰᠡᠨ ᠴᠠᠭ᠄
2025/6/23
      ᠣᠶᠢᠷ᠎ᠠ ᠳᠤ᠂ ᠥᠪᠥᠷ ᠮᠣᠩᠭᠤᠯ ᠤᠨ ᠪᠥᠬᠦ ᠣᠷᠣᠨ ᠤ ᠣᠯᠠᠨ ᠠᠶᠢᠮᠠᠭ ᠬᠤᠲᠠ ᠶᠢᠨ ᠦᠵᠡᠮᠵᠢ ᠶᠢᠨ ᠣᠷᠣᠨ ᠨᠢ ᠪᠥᠬᠦ ᠤᠯᠤᠰ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠤᠭᠰᠠᠳ ᠪᠠ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠤᠯᠴᠠᠭᠰᠠᠳ ᠲᠤ ᠲᠡᠭᠦᠰᠬᠦ ᠤᠯᠠᠷᠢᠯ ᠤᠨ ᠬᠠᠷᠠᠭᠠᠯᠵᠠᠯ ᠬᠦᠷᠲᠡᠭᠡᠵᠦ ᠪᠠᠶᠢᠨ᠎ᠠ᠃ ᠡᠨᠡ ᠬᠦ ᠬᠦᠰᠡᠯ ᠤᠨ ᠣᠴᠢ ᠪᠠᠳᠠᠷᠠᠭᠰᠠᠨ ᠳᠡᠯᠭᠡᠷ ᠵᠤᠨ ᠤ ᠤᠯᠠᠷᠢᠯ ᠳᠤ᠂ ᠥᠪᠥᠷ ᠮᠣᠩᠭᠤᠯ ᠤᠨ ᠰᠤᠶᠤᠯ ᠵᠢᠭᠤᠯᠴᠢᠯᠠᠯ ᠤᠨ ᠬᠢᠨ ᠦᠯᠡᠮᠵᠢ ᠣᠯᠠᠨ ᠰᠢᠯᠭᠠᠭᠤᠯᠤᠭᠰᠠᠳ ᠢ ᠥᠪᠥᠷ ᠮᠣᠩᠭᠤᠯ ᠳᠤ ᠢᠷᠡᠵᠦ ᠪᠡᠶ᠎ᠡ ᠰᠡᠳᠬᠢᠯ ᠢᠶᠠᠨ ᠠᠮᠠᠷᠠᠭᠠᠬᠤ ᠶᠢ ᠴᠢᠩ ᠰᠡᠳᠬᠢᠯᠭᠡ ᠠᠴᠠ ᠪᠠᠨ ᠤᠷᠢᠵᠤ ᠪᠣᠢ᠃       ᠬᠢᠩᠭᠠᠨ ᠠᠶᠢᠮᠠᠭ ᠤᠨ ᠣᠯᠣᠨ ᠪᠦᠺᠧᠨ ᠤᠢ ᠰᠢᠭᠤᠢ ᠶᠢᠨ ᠰᠤᠶᠤᠯ ᠵᠤᠭᠠᠴᠠᠯ ᠤᠨ ᠤᠷᠤᠨ᠂ ᠪᠠᠶᠢᠯᠠᠩ ᠤᠷᠭᠢᠯ ᠤᠨ ᠦᠵᠡᠮᠵᠢ ᠶᠢᠨ ᠤᠷᠤᠨ᠂ ᠴᠠᠷᠠᠰᠤᠨ ᠤᠰᠤᠨ ᠴᠦᠬᠦᠷᠦᠮ ᠤᠨ ᠦᠵᠡᠮᠵᠢ ᠶᠢᠨ ᠤᠷᠤᠨ᠂ ᠤᠯᠠᠭᠠᠨᠮᠤᠳᠤ ᠲᠠᠯ᠎ᠠ ᠨᠤᠳᠤᠭ ᠤᠨ ᠦᠵᠡᠮᠵᠢ ᠶᠢᠨ ᠤᠷᠤᠨ ᠵᠡᠷᠭᠡ 6 ᠦᠵᠡᠮᠵᠢ ᠶᠢᠨ ᠤᠷᠤᠨ ᠨᠢ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠤᠯᠴᠠᠭᠰᠠᠳ ᠲᠤ ᠰᠦᠢᠳᠭᠡᠯ ᠬᠤᠷᠢᠶᠠᠬᠤ ᠦᠭᠡᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠪᠣᠢ︔ ᠤᠯᠠᠭᠠᠨᠬᠠᠳᠠ ᠬᠤᠲᠠ ᠶᠢᠨ A ᠲᠠᠰ ᠤᠨ 9 ᠦᠵᠡᠮᠵᠢ ᠶᠢᠨ ᠣᠷᠣᠨ ᠨᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠤᠭᠰᠠᠳ ᠪᠠ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠤᠯᠴᠠᠭᠰᠠᠳ ᠲᠤ ᠬᠠᠭᠠᠰ ᠦᠨ᠎ᠡ ᠶᠢᠨ ᠬᠢᠮᠳᠠᠷᠠᠯ ᠲᠠᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠣᠢ︔ ᠤᠯᠠᠭᠠᠨᠴᠠᠪ ᠬᠤᠲᠠ ᠶᠢᠨ ᠰᠤᠮᠤᠨ ᠠᠭᠤᠯᠠ ᠶᠢᠨ ᠵᠤᠭᠠᠴᠠᠯ ᠤᠨ ᠦᠵᠡᠮᠵᠢ ᠶᠢᠨ ᠣᠷᠣᠨ᠂ ᠭᠡᠭᠡᠨᠲᠠᠯ᠎ᠠ ᠲᠠᠯ᠎ᠠ ᠨᠤᠲᠤᠭ ᠤᠨ ᠵᠤᠭᠠᠴᠠᠯ ᠤᠨ ᠦᠵᠡᠮᠵᠢ ᠶᠢᠨ ᠣᠷᠣᠨ ᠨᠢ ᠰᠦᠢᠳᠬᠡᠯ ᠬᠤᠷᠢᠶᠠᠬᠤ ᠥᠬᠡᠶ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠦᠢᠲᠡᠨᠰᠢᠯᠢ ᠬᠤᠩᠬᠤᠷ ᠭᠤᠤ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ  ᠦᠵᠡᠮᠵᠢ  ᠶᠢᠨ  ᠣᠷᠣᠨ᠂ ᠤᠯᠠᠭᠠᠨ ᠬᠠᠳᠠ ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠡᠨᠡ ᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠤᠭᠰᠠᠳ ᠪᠠ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠤᠯᠴᠠᠭᠰᠠᠳ ᠲᠤ ᠪᠢᠯᠧᠲ ᠤᠨ ᠰᠦᠢᠳᠬᠡᠯ ᠠᠪᠬᠤ ᠦᠭᠡᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠣᠢ︔ ᠪᠤᠭᠤᠲᠤ ᠬᠤᠲᠠ ᠶᠢᠨ ᠪᠡᠳᠬᠡᠷ ᠵᠣᠣ ᠦᠵᠡᠮᠵᠢ ᠶᠢᠨ ᠣᠷᠣᠨ᠂ ᠤᠮᠠᠷᠠᠲᠤ ᠶᠢᠨ ᠴᠡᠷᠢᠭ ᠤᠨ ᠵᠡᠪᠰᠡᠭ ᠤᠨ ᠬᠤᠲᠠ᠂ ᠴᠢᠨ ᠤ ᠣᠷᠳᠣ ᠴᠠᠭᠠᠨ ᠬᠡᠷᠡᠮ ᠵᠡᠷᠭᠡ 6 ᠦᠵᠡᠮᠵᠢ ᠶᠢᠨ ᠣᠷᠣᠨ ᠨᠢ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠤᠯᠴᠠᠭᠰᠠᠳ ᠲᠤ ᠪᠢᠯᠧᠲ ᠤᠨ ᠰᠦᠢᠳᠬᠡᠯ ᠠᠪᠬᠤ ᠦᠭᠡᠢ ᠬᠠᠷᠠᠭᠠᠯᠵᠠᠯ ᠬᠦᠷᠲᠡᠭᠡᠵᠦ ᠪᠣᠢ︔ ᠬᠥᠯᠥᠨ ᠪᠤᠶᠢᠷ ᠤᠨ A ᠳᠡᠰ ᠤᠨ 10 ᠦᠵᠡᠮᠵᠢ ᠶᠢᠨ ᠣᠷᠣᠨ ᠨᠢ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠤᠯᠴᠠᠭᠰᠠᠳ ᠲᠤ ᠬᠠᠭᠠᠰ ᠦᠨ᠎ᠡ ᠶᠢᠨ ᠬᠢᠮᠳᠠᠷᠠᠯ ᠲᠠᠢ ᠪᠤᠶᠤ ᠪᠢᠯᠧᠲ ᠤᠨ ᠰᠦᠢᠳᠬᠡᠯ ᠠᠪᠬᠤ ᠦᠭᠡᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠨ᠎ᠠ᠃ ᠣᠶᠢᠯᠠᠭᠠᠭᠰᠠᠨ ᠢᠶᠠᠷ᠂ ᠡᠳᠡᠭᠡᠷ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠣᠳᠣᠬᠠᠨ ᠳᠤ ᠨᠢᠭᠡᠨᠲᠡ ᠡᠬᠢᠯᠡᠨ ᠬᠡᠷᠡᠭᠵᠢᠭᠦᠯᠵᠦ᠂ ᠵᠢᠱᠢᠯᠲᠡ ᠪᠠᠷ 8 ᠳ᠋ᠤᠭᠠᠷ ᠰᠠᠷ᠎ᠠ ᠶᠢᠨ ᠡᠴᠦᠰ ᠢᠶᠠᠷ ᠥᠨᠳᠥᠷᠯᠡᠬᠦ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号