ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠭᠡ | 6 ᠳ᠋ᠤᠭᠠᠷ ᠰᠠᠷ᠎ᠠ ᠶᠢᠨ 11 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠦᠨᠳᠦᠰᠦᠨ ᠬᠠᠤᠯᠢ ᠳᠤ | ᠲᠠᠩᠭᠠᠷᠢᠭᠯᠠᠬᠤ ᠶᠣᠰᠣᠯᠠᠯ ᠶᠠᠪᠤᠭᠳᠠᠭᠤᠯᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠴᠢᠶᠠᠩ ᠲᠠᠩᠭᠠᠷᠢᠭᠯᠠᠬᠤ ᠶᠢ ᠬᠢᠨᠠᠪᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠪᠠ ︽ | ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠲᠡᠭᠦᠨ ᠤ ᠡᠯ᠎ᠡ ᠰᠠᠯᠠᠭ᠎ᠠ ᠮᠥᠴᠢᠷ ᠤᠳ ᠤᠨ ᠲᠤᠰᠢᠶᠠᠯ ᠳᠤ ᠲᠣᠮᠢᠯᠠᠭᠰᠠᠨ | ᠲᠥᠷᠥ ᠶᠢᠨ ᠠᠵᠢᠯᠲᠠᠨ ᠤ ᠦᠨᠳᠦᠰᠦᠨ ᠬᠠᠤᠯᠢ ᠳᠤ ᠲᠠᠩᠭᠠᠷᠢᠭᠯᠠᠬᠤ ᠶᠢ ᠵᠣᠬᠢᠶᠠᠨ ᠪᠠᠶᠢᠭᠤᠯᠬᠤ ᠠᠷᠭ᠎ᠠ︾ ᠶᠢ | ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠲᠤᠰᠢᠶᠠᠯ ᠳᠤ ᠲᠣᠮᠢᠯᠠᠭᠰᠠᠨ 42 ᠰᠠᠯᠠᠭ᠎ᠠ ᠮᠥᠴᠢᠷ ᠪᠠ | ᠨᠢᠭᠡᠴᠢ ᠶᠢᠨ 49 ᠬᠠᠷᠢᠭᠤᠴᠠᠯᠭᠠᠲᠠᠨ ᠬᠠᠤᠯᠢ ᠶᠣᠰᠣᠭᠠᠷ ᠦᠨᠳᠦᠰᠦᠨ ᠬᠠᠤᠯᠢ ᠳᠤ ᠲᠠᠩᠭᠠᠷᠢᠭᠯᠠᠪᠠ᠃ | ᠦᠳᠡ ᠶᠢᠨ ᠬᠤᠶᠢᠨᠠᠬᠢ 3 ᠴᠠᠭ ᠲᠤ᠂ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠲᠦᠷᠦ ᠶᠢᠨ | ᠶᠠᠪᠤᠳᠠᠯ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠦ᠋ ᠵᠧᠩ ᠯᠦᠩ ᠦᠨᠳᠦᠰᠦᠨ ᠬᠠᠤᠯᠢ ᠳᠤ | ᠲᠠᠩᠭᠠᠷᠢᠭᠯᠠᠬᠤ ᠶᠣᠰᠣᠯᠠᠯ ᠡᠬᠢᠯᠡᠭᠰᠡᠨ ᠢ ᠵᠠᠷᠯᠠᠪᠠ᠃ ᠪᠦᠭᠦᠳᠡᠭᠡᠷ ᠢᠶᠠᠨ ᠪᠣᠰᠴᠤ ᠵᠣᠭᠰᠣᠨ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠳᠠᠭᠤᠯᠠᠪᠠ᠃ ᠳᠠᠷᠠᠭ᠎ᠠ ᠨᠢ᠂ ᠲᠦᠷᠦᠭᠦᠯᠡᠨ ᠲᠠᠩᠭᠠᠷᠢᠭᠯᠠᠭᠴᠢ | ᠦᠨᠳᠦᠰᠦᠨ ᠬᠠᠤᠯᠢ ᠶᠢᠨ ᠳᠡᠪᠲᠡᠷ ᠲᠤ ᠭᠠᠷ ᠢᠶᠠᠨ ᠲᠠᠯᠪᠢᠵᠤ᠂ ᠲᠠᠩᠭᠠᠷᠢᠭ ᠤᠨ ᠦᠭᠡᠰ ᠢ ᠳᠠᠭᠠᠭᠤᠯᠤᠨ ᠤᠩᠰᠢᠵᠤ᠂ | ᠪᠤᠰᠤᠳ ᠲᠠᠩᠭᠠᠷᠢᠭᠯᠠᠭᠴᠢ ᠮᠥᠷᠯᠡᠨ ᠵᠣᠭᠰᠣᠵᠤ᠂ ᠲᠠᠩᠭᠠᠷᠢᠭ ᠤᠨ ᠦᠭᠡᠰ ᠢ ᠳᠠᠭᠠᠵᠤ ᠤᠩᠰᠢᠪᠠ᠃ | 6 ᠳ᠋ᠤᠭᠠᠷ ᠰᠠᠷ᠎ᠠ ᠶᠢᠨ 11 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠦᠨᠳᠦᠰᠦᠨ ᠬᠠᠤᠯᠢ ᠳᠤ | ᠲᠠᠩᠭᠠᠷᠢᠭᠯᠠᠬᠤ ᠶᠣᠰᠣᠯᠠᠯ ᠶᠠᠪᠤᠭᠳᠠᠭᠤᠯᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠴᠢᠶᠠᠩ ᠲᠠᠩᠭᠠᠷᠢᠭᠯᠠᠬᠤ ᠶᠢ ᠬᠢᠨᠠᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠶᠠᠩ ᠰᠡᠭᠦᠳᠡᠷᠯᠡᠪᠡ | ᠲᠠᠩᠭᠠᠷᠢᠭᠯᠠᠭᠰᠠᠨ ᠤ ᠳᠠᠷᠠᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠴᠢᠶᠠᠩ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠬᠤ ᠳᠤ ᠪᠠᠨ᠂ ᠤᠯᠠᠨ ᠢᠶᠠᠷ ᠢᠶᠠᠨ ᠥᠨᠥ ᠶᠢᠨ ᠠᠵᠢᠯ ᠤᠨ | ᠪᠠᠶᠢᠷᠢᠨ ᠳᠤ ᠭᠠᠷᠴᠠᠭᠠᠭᠰᠠᠨ ᠨᠢ ᠨᠠᠮ ᠪᠠ ᠠᠷᠠᠳ ᠲᠦᠮᠡᠨ ᠤ ᠣᠯᠭᠤᠭᠰᠠᠨ ᠢᠲᠡᠭᠡᠯ ᠶᠤᠮ᠂ ᠡᠷᠬᠡᠪᠰᠢ ᠬᠤᠪᠢ | ᠲᠠᠬᠢᠨ ᠨᠠᠨᠳᠢᠩᠨᠠᠬᠤ ᠬᠡᠷᠡᠭᠲᠡᠢ᠃ ᠲᠥᠪ ᠴᠢᠩᠭ᠎ᠠ ᠲᠠᠩᠭᠠᠷᠢᠭ ᠢᠶᠠᠨ ᠪᠠᠲᠤ ᠴᠡᠭᠡᠵᠢᠯᠡᠵᠦ᠂ ᠬᠢᠴᠢᠶᠡᠩᠭᠦ᠋ᠢᠯᠡᠨ ᠰᠠᠬᠢᠵᠤ | ᠦᠢᠯᠡᠳᠦᠯᠭᠡᠵᠢᠭᠦᠯᠬᠦ ᠬᠡᠷᠡᠭᠲᠡᠢ᠃ ᠰᠢᠳᠤᠷᠭᠤ ᠪᠠᠨ ᠪᠠᠲᠤᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠨᠡᠪᠲᠡᠷᠬᠡᠢ ᠣᠶᠢᠯᠠᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠱᠠᠯᠠᠮᠠᠭᠠᠢ ᠬᠡᠷᠡᠭᠵᠢᠭᠦᠯᠦᠭᠴᠢ᠂ ᠬᠦᠴᠢᠷ ᠢ ᠲᠤᠭᠤᠯᠤᠨ | ᠪᠡᠷᠬᠡ ᠶᠢ ᠳᠠᠪᠠᠭ᠋ᠤ ᠠᠵᠢᠯᠯᠠᠭᠠᠲᠠᠨ᠂ ᠴᠢᠳᠠᠮᠠᠭᠠᠢ ᠠᠵᠢᠯᠯᠠᠨ ᠴᠢᠳᠠᠮᠠᠭᠠᠢ ᠪᠦᠲᠦᠭᠡᠳᠡᠭ ᠪᠣᠳᠠᠲᠠᠢ ᠠᠵᠢᠯᠯᠠᠭᠴᠢ ᠪᠣᠯᠬᠤ | ᠬᠡᠷᠡᠭᠲᠡᠢ᠃ ᠬᠠᠤᠯᠢᠵᠢᠯ ᠢ ᠰᠢᠳᠤᠷᠭᠤ ᠪᠠᠷ ᠬᠡᠷᠡᠭᠵᠢᠭᠦᠯᠵᠦ᠂ ᠲᠦᠷᠦᠭᠦᠯᠡᠨ ᠬᠠᠤᠯᠢ ᠶᠢ ᠬᠦᠨᠳᠦᠳᠬᠡᠨ ᠬᠠᠤᠯᠢ ᠶᠢ | ᠰᠤᠷᠤᠯᠴᠠᠵᠤ ᠬᠠᠤᠯᠢ ᠶᠢ ᠰᠠᠬᠢᠨ ᠬᠠᠤᠯᠢ ᠶᠢ ᠬᠡᠷᠡᠭᠯᠡᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ | ᠦᠨᠡᠨ ᠬᠦ ᠬᠠᠮᠠᠭᠠᠯᠠᠵᠤ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃ ᠪᠡᠶ᠎ᠡ ᠪᠠᠨ | ᠴᠢᠩᠭ᠎ᠠ ᠱᠠᠭᠠᠷᠳᠠᠵᠤ᠂ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠨᠠᠮᠴᠢ ᠴᠢᠨᠠᠷ ᠢᠶᠠᠨ ᠪᠣᠯᠪᠠᠰᠤᠷᠠᠭᠤᠯᠵᠤ᠂ | ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠢᠯᠵᠢᠷᠡᠯ ᠢ ᠡᠰᠡᠷᠭᠦᠴᠡᠨ ᠴᠢᠬᠡᠴᠢ ᠶᠢ | ᠡᠷᠬᠢᠮᠯᠡᠬᠦ ᠦᠯᠢᠭᠡᠷ ᠳᠠᠭᠤᠷᠢᠶᠠᠯ ᠪᠣᠯᠬᠤ ᠬᠡᠷᠡᠭᠲᠡᠢ ᠭᠡᠵᠡᠢ᠃ | ᠯᠢ ᠴᠢᠶᠠᠩ ᠵᠢᠭᠠᠵᠤ ᠭᠠᠷᠭᠠᠬᠤ ᠳᠤ ᠪᠠᠨ᠂ ᠣᠳᠣᠬᠠᠨ ᠳᠤ ᠴᠢᠨᠠᠷ ᠰᠠᠶᠢᠲᠠᠢ ᠬᠥᠭᠵᠢᠯᠲᠡ ᠪᠠᠷ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ ᠡᠭᠦᠷᠭᠡ ᠲᠦᠢᠯ ᠤᠨ ᠪᠡᠷᠬᠡ | ᠬᠠᠲᠠᠭᠤᠵᠢᠯᠲᠠᠢ ᠪᠥᠭᠡᠳ ᠨᠦᠰᠡᠷ ᠬᠦᠨᠳᠦ ᠪᠠᠶᠢᠨ᠎ᠠ᠂ ᠭᠠᠳᠠᠭᠠᠳᠤ ᠣᠷᠴᠢᠨ ᠴᠤ ᠨᠡᠩ ᠨᠠᠷᠢᠨ ᠪᠤᠳᠤᠯᠢᠶᠠᠨᠲᠠᠢ | ᠪᠥᠭᠡᠳ ᠬᠦᠨᠳᠦ ᠬᠡᠴᠡᠭᠦᠦ ᠪᠠᠶᠢᠨ᠎ᠠ᠃ ᠬᠦᠴᠢᠷᠳᠡᠯ ᠬᠡᠳᠦᠢ ᠤᠯᠠᠨ ᠪᠣᠯᠬᠤ ᠲᠤᠲᠤᠮ ᠢᠶᠠᠨ ᠰᠢᠯᠭᠠᠯᠲᠠ ᠲᠡᠳᠦᠢ | ᠬᠠᠲᠠᠭᠤ ᠪᠣᠯᠣᠨ᠎ᠠ᠂ ᠲᠡᠶᠢᠮᠦ ᠠᠴᠠ ᠺᠠᠳ᠋ᠷ ᠤᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠ ᠴᠢᠳᠠᠪᠤᠷᠢ ᠶᠢᠨ | ᠬᠢᠷᠢ ᠲᠦᠪᠰᠢᠨ ᠢ ᠲᠡᠳᠦᠢ ᠰᠢᠯᠭᠠᠵᠤ ᠴᠢᠳᠠᠨ᠎ᠠ᠃ ᠤᠴᠢᠷ ᠠᠴᠠ ᠲᠠᠯᠲᠠᠷᠢᠬᠤ ᠦᠭᠡᠢ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠨ ᠪᠠᠳᠠᠷᠠᠭᠤᠯᠵᠤ᠂ ᠵᠣᠷᠢᠭᠲᠠᠢ ᠲᠡᠮᠡᠴᠡᠬᠦ᠂ ᠴᠢᠳᠠᠮᠠᠭᠠᠢ ᠲᠡᠮᠡᠴᠡᠬᠦ | ᠵᠣᠷᠢᠭ ᠰᠥᠰᠥ ᠪᠠᠨ ᠴᠢᠩᠭᠠᠳᠬᠠᠵᠤ᠂ ᠪᠡᠷᠬᠡ ᠶᠢ ᠮᠡᠳᠡᠵᠦ ᠪᠠᠶᠢᠭᠠᠳ ᠪᠠᠭᠠᠲᠤᠷᠯᠢᠭ ᠢᠶᠠᠷ ᠤᠷᠤᠭᠰᠢᠯᠠᠬᠤ᠂ | ᠬᠦᠴᠢᠷ ᠢ ᠬᠦᠴᠦᠯᠡᠨ ᠰᠥᠷᠦᠨ ᠤᠷᠤᠭᠰᠢᠯᠠᠬᠤ ᠰᠥᠰᠥ ᠵᠣᠷᠢᠭ ᠢᠶᠠᠨ ᠬᠠᠲᠠᠭᠤᠵᠢᠭᠤᠯᠤᠨ ᠪᠣᠯᠪᠠᠰᠤᠷᠠᠭᠤᠯᠵᠤ᠂ | ᠵᠥᠷᠢᠴᠡᠯ ᠠᠰᠠᠭᠤᠳᠠᠯ ᠳᠤ ᠰᠢᠭᠤᠳ ᠬᠠᠨᠳᠤᠵᠤ᠂ ᠬᠦᠯᠢᠶᠡᠬᠦ ᠦᠭᠡᠢ ᠲᠦᠰᠢᠭᠯᠡᠬᠦ ᠦᠭᠡᠢ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠥᠪᠡᠷ ᠤᠨ ᠳᠠᠭᠠᠭᠠᠵᠤ ᠪᠠᠶᠢᠭ᠎ᠠ ᠠᠵᠢᠯ ᠶᠠᠪᠤᠳᠠᠯ ᠢᠶᠠᠨ ᠭᠤᠶᠢᠪᠢᠰᠢ ᠦᠭᠡᠢ | ᠰᠠᠶᠢᠲᠤᠷ ᠬᠢᠵᠦ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ᠃ ᠬᠤᠪᠢᠷᠠᠯᠲᠠ ᠶᠢ | ᠠᠷᠭᠠᠴᠠᠭᠠᠬᠤ᠂ ᠰᠢᠨ᠎ᠡ ᠪᠠᠶᠢᠳᠠᠯ ᠢ ᠨᠡᠭᠡᠭᠡᠬᠦ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠤᠶᠤᠨ ᠲᠠᠷᠢᠬᠢ ᠪᠠᠨ | ᠢᠳᠡᠪᠬᠢᠲᠡᠢ ᠬᠥᠳᠡᠯᠭᠡᠵᠦ᠂ ᠪᠠᠶᠢᠳᠠᠯ ᠢ ᠮᠠᠭᠠᠳᠯᠠᠬᠤ ᠪᠠ ᠤᠨᠢᠨ ᠳᠡᠭᠡᠷ᠎ᠡ ᠨᠢ ᠪᠣᠳᠣᠯᠭ᠎ᠠ ᠬᠡᠷᠡᠭᠵᠢᠭᠦᠯᠬᠦ | ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ | ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠴᠢᠩᠭᠠᠳᠬᠠᠬᠤ ᠵᠡᠷᠭᠡ ᠰᠢᠨ᠎ᠡ ᠱᠠᠭᠠᠷᠳᠠᠯᠭ᠎ᠠ ᠳᠤ ᠵᠣᠬᠢᠴᠠᠵᠤ᠂ | ᠰᠡᠳᠬᠢᠬᠦᠢ ᠶᠢᠨ ᠲᠣᠭᠲᠠᠮᠠᠯ ᠬᠠᠨᠳᠤᠰᠢ ᠪᠠᠨ ᠠᠷᠢᠯᠭᠠᠨ᠂ ᠪᠦᠲᠦᠮᠵᠢᠲᠡᠢ ᠠᠵᠢᠯ ᠤᠨ ᠭᠠᠷᠳᠠᠴᠠ ᠪᠠ | ᠠᠴᠢᠶᠠᠯᠠᠪᠤᠷᠢ ᠶᠢ ᠲᠥᠯᠥᠪᠯᠡᠵᠦ᠂ ᠠᠵᠢᠯ ᠤᠨ ᠰᠢᠨ᠎ᠡ ᠪᠠᠶᠢᠳᠠᠯ ᠢ ᠳᠠᠰᠤᠷᠠᠯᠳᠠ ᠦᠭᠡᠢ ᠨᠡᠭᠡᠭᠡᠬᠦ ᠬᠡᠷᠡᠭᠲᠡᠢ᠃ | ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠥᠭᠵᠢᠯᠲᠡ ᠶᠢ ᠠᠬᠢᠭᠤᠯᠬᠤ ᠬᠠᠮᠲᠤᠷᠠᠯ ᠬᠦᠴᠦᠨ ᠢ ᠨᠢᠭᠲᠠᠷᠠᠭᠤᠯᠵᠤ᠂ | ᠳᠣᠲᠣᠭᠠᠳᠤ ᠬᠡᠷᠡᠭᠴᠡᠭᠡ ᠶᠢ ᠥᠷᠭᠡᠳᠬᠡᠨ ᠬᠡᠷᠡᠭᠯᠡᠭᠡ ᠶᠢ ᠬᠥᠭᠵᠢᠭᠡᠬᠦ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠢ ᠪᠠᠶᠢᠭᠤᠯᠬᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ | ᠭᠤᠣᠯᠳᠠᠯᠭ᠎ᠠ ᠪᠣᠯᠬᠤ ᠠᠵᠢᠯ ᠤᠨ ᠲᠣᠭᠤᠷᠢᠨ ᠳᠤ᠂ ᠰᠠᠯᠠᠭ᠎ᠠ ᠮᠥᠴᠢᠷ ᠤᠳ ᠤᠨ ᠬᠠᠮᠵᠢᠯᠴᠠᠭ᠎ᠠ ᠶᠢ ᠴᠢᠩᠭᠠᠳᠬᠠᠵᠤ᠂ | ᠬᠠᠮᠵᠢᠯᠴᠠᠨ ᠬᠦᠴᠦᠯᠡᠬᠦ ᠶᠢ ᠴᠢᠬᠤᠯᠠᠴᠢᠯᠠᠵᠤ᠂ ᠲᠦᠷᠦ ᠶᠢᠨ ᠪᠣᠳᠣᠯᠭ᠎ᠠ ᠶᠢᠨ ᠬᠠᠮᠲᠤᠷᠠᠯ ᠬᠦᠴᠦᠨ᠂ ᠠᠵᠢᠯ ᠤᠨ | ᠬᠠᠮᠲᠤᠷᠠᠯ ᠬᠦᠴᠦᠨ ᠢᠶᠠᠷ ᠬᠥᠭᠵᠢᠯᠲᠡ ᠶᠢᠨ ᠬᠥᠳᠡᠯᠭᠡᠭᠴᠢ ᠬᠦᠴᠦᠨ ᠢ ᠴᠢᠩᠭᠠᠳᠬᠠᠬᠤ ᠬᠡᠷᠡᠭᠲᠡᠢ ᠭᠡᠵᠡᠢ᠃ ᠲᠡᠷᠡ | ᠴᠢᠬᠤᠯᠠᠴᠢᠯᠠᠬᠤ ᠳᠤ ᠪᠠᠨ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠯᠠᠪᠳᠠᠭᠤᠨ ᠪᠠᠲᠤᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃ | ᠲᠦᠷᠦ ᠶᠢᠨ ᠶᠠᠪᠤᠳᠠᠯ ᠤᠨ ᠬᠤᠷᠢᠶᠠᠨ ᠤ ᠤᠳᠤᠷᠢᠳᠬᠤ ᠨᠥᠬᠦᠳ ᠵᠢᠴᠢ ᠲᠦᠷᠦ ᠶᠢᠨ ᠶᠠᠪᠤᠳᠠᠯ ᠤᠨ | ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠪᠠ᠃ | |