ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 12 ᠤᠨ ᠡᠳᠦᠷ ᠤᠨ ᠴᠠᠬᠢᠯᠭᠠᠨ | ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 12 ᠤᠨ | ᠡᠳᠦᠷ ᠤᠨ ᠦᠳᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠸᠦ᠋ᠷᠦᠫᠡ ᠲᠢᠪ ᠤᠨ | ᠲᠥᠪ ᠪᠠᠩᠬᠢ ᠶᠢᠨ ᠪᠠᠩᠬᠢ ᠶᠢᠨ ᠳᠠᠷᠤᠭ᠎ᠠ ᠯᠠᠭᠠᠷᠳ᠋ ᠲᠠᠢ ᠠᠭᠤᠯᠵᠠᠪᠠ᠃ | ᠯᠢ ᠴᠢᠶᠠᠩ ᠢᠯᠡᠷᠬᠡᠶᠢᠯᠡᠬᠦ ᠳᠤ ᠪᠠᠨ᠂ ᠣᠳᠣᠬᠠᠨ ᠳᠤ ᠳᠤᠮᠳᠠᠳᠤ ᠪᠠ ᠡᠸᠦ᠋ᠷᠦᠫᠡ ᠶᠢᠨ ᠬᠠᠷᠢᠴᠠᠭ᠎ᠠ | ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯ᠎ᠠ ᠶᠢᠨ ᠬᠠᠷᠢᠴᠠᠭ᠎ᠠ ᠨᠤᠭᠤᠳ ᠤᠨ ᠨᠢᠭᠡ ᠨᠢ ᠪᠣᠯᠤᠭᠰᠠᠨ | ᠪᠠᠶᠢᠨ᠎ᠠ᠃ ᠡᠨᠡ ᠵᠢᠯ ᠪᠣᠯ ᠳᠤᠮᠳᠠᠳᠤ ᠪᠠ ᠡᠸᠦ᠋ᠷᠦᠫᠡ ᠶᠢᠨ ᠬᠠᠷᠢᠴᠠᠭ᠎ᠠ ᠪᠠᠶᠢᠭᠤᠯᠤᠭᠳᠠᠭᠰᠠᠨ 50 ᠵᠢᠯ ᠤᠨ ᠤᠢ | ᠪᠣᠯᠣᠨ᠎ᠠ᠃ ᠳᠡᠭᠡᠷ᠎ᠡ ᠰᠠᠷ᠎ᠠ ᠳᠤ᠂ ᠲᠡᠷᠢᠭᠦᠯᠡᠭᠴᠢ ᠰᠢ ᠶᠢᠨ ᠫᠢᠩ ᠪᠠ ᠲᠡᠷᠢᠭᠦᠯᠡᠭᠴᠢ ᠺᠣᠰᠲ᠋ᠠ᠂ ᠲᠡᠷᠢᠭᠦᠯᠡᠭᠴᠢ ᠹᠣᠨ | ᠳ᠋ᠧ ᠯᠠᠶᠢᠶᠧᠨ ᠲᠠᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠲᠠᠯ᠎ᠠ ᠶᠢᠨ ᠬᠠᠨᠢᠲᠠᠨ ᠤ | ᠬᠠᠷᠢᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠢ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ | ᠥᠭᠴᠡᠢ᠃ ᠳᠤᠮᠳᠠᠳᠤ ᠪᠠ ᠡᠸᠦ᠋ᠷᠦᠫᠡ ᠶᠢᠨ ᠬᠠᠷᠢᠴᠠᠭ᠎ᠠ ᠶᠢᠨ ᠮᠥᠨ ᠴᠢᠨᠠᠷ ᠪᠣᠯ ᠬᠠᠷᠢᠯᠴᠠᠨ ᠠᠰᠢᠭᠲᠠᠢ ᠬᠠᠮᠲᠤ ᠪᠠᠷ | ᠠᠰᠢᠭ ᠬᠦᠷᠳᠡᠬᠦ ᠶᠠᠪᠤᠳᠠᠯ ᠪᠣᠯᠣᠨ᠎ᠠ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠴᠢᠩᠭᠠᠳᠬᠠᠬᠤ ᠪᠣᠯ | ᠪᠤᠰᠤᠳᠴᠢ ᠬᠡᠷᠡᠭᠴᠡᠭᠡ ᠪᠠ ᠶᠡᠭᠡ ᠪᠠᠶᠢᠳᠠᠯ ᠤᠨ ᠬᠠᠨᠳᠤᠰᠢ ᠶᠤᠮ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ | ᠡᠸᠦ᠋ᠷᠦᠫᠡ ᠶᠢᠨ ᠲᠠᠯ᠎ᠠ ᠶᠢᠨ ᠬᠢᠨ ᠲᠠᠢ ᠬᠠᠮᠲᠤ ᠪᠠᠷ ᠦᠷᠭᠦᠯᠵᠢᠯᠡᠨ ᠴᠢᠷᠮᠠᠶᠢᠵᠤ᠂ ᠤᠯᠤᠰ ᠲᠦᠷᠦ ᠶᠢᠨ | ᠢᠲᠡᠭᠡᠯᠴᠡᠭᠡ ᠪᠠᠨ ᠪᠠᠬᠢᠵᠢᠭᠦᠯᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠵᠦ᠂ ᠬᠥᠭᠵᠢᠯ | ᠴᠡᠴᠡᠭᠯᠡᠯ ᠢ ᠬᠠᠮᠲᠤ ᠪᠠᠷ ᠠᠬᠢᠭᠤᠯᠵᠤ᠂ ᠨᠢᠭᠡᠨ ᠨᠢᠭᠡᠨ ᠢᠶᠠᠨ ᠳᠡᠮᠵᠢᠬᠦ ᠪᠠᠷ ᠪᠠᠷᠠᠬᠤ ᠦᠭᠡᠢ ᠳᠡᠯᠡᠬᠡᠢ ᠳ᠋ᠠᠬᠢᠨ ᠳᠤ ᠴᠤ | ᠠᠰᠢᠭ ᠬᠦᠷᠲᠡᠭᠡᠨ᠎ᠡ ᠭᠡᠪᠡ᠃ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 12 ᠤᠨ | ᠡᠳᠦᠷ ᠤᠨ ᠦᠳᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠸᠦ᠋ᠷᠦᠫᠡ ᠲᠢᠪ ᠤᠨ | ᠲᠥᠪ ᠪᠠᠩᠬᠢ ᠶᠢᠨ ᠪᠠᠩᠬᠢ ᠶᠢᠨ ᠳᠠᠷᠤᠭ᠎ᠠ ᠯᠠᠭᠠᠷᠳ᠋ ᠲᠠᠢ ᠠᠭᠤᠯᠵᠠᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ | ᠯᠢᠦ ᠪᠢᠨ ᠰᠡᠭᠦᠳᠡᠷᠯᠡᠪᠡ | ᠯᠢ ᠴᠢᠶᠠᠩ ᠵᠢᠭᠠᠵᠤ ᠭᠠᠷᠭᠠᠬᠤ ᠳᠤ ᠪᠠᠨ᠂ ᠳᠤᠮᠳᠠᠳᠤ ᠪᠠ ᠡᠸᠦ᠋ᠷᠦᠫᠡ ᠶᠢᠨ ᠠᠵᠤ ᠠᠬᠤᠢ ᠶᠢᠨ | ᠬᠠᠷᠢᠯᠴᠠᠨ ᠨᠥᠬᠦᠪᠦᠷᠢᠯᠡᠬᠦ ᠴᠢᠨᠠᠷ ᠢᠶᠠᠷ ᠴᠢᠩᠭ᠎ᠠ᠂ ᠳᠤᠮᠳᠠᠳᠤ ᠤᠯᠤᠰ ᠲᠤ ᠬᠡᠲᠦ ᠶᠡᠭᠡ ᠬᠡᠪᠴᠢᠶᠡᠨ ᠤ ᠵᠠᠬ᠎ᠠ | ᠳᠡᠯᠭᠡᠭᠦᠷ ᠤᠨ ᠳᠠᠪᠠᠭᠤᠯᠢᠭ ᠪᠠᠶᠢᠬᠤ ᠪᠥᠭᠡᠳ ᠵᠠᠬ᠎ᠠ ᠳᠡᠯᠭᠡᠭᠦᠷ ᠤᠨ ᠳᠠᠯᠳᠠ ᠬᠦᠴᠦᠨ ᠢᠶᠠᠨ ᠦᠷᠭᠦᠯᠵᠢᠯᠡᠨ | ᠪᠠᠳᠠᠷᠠᠭᠤᠯᠵᠤ ᠪᠠᠶᠢᠨ᠎ᠠ᠂ ᠳᠤᠮᠳᠠᠳᠤ ᠪᠠ ᠡᠸᠦ᠋ᠷᠦᠫᠡ ᠮᠠᠰᠢ ᠣᠯᠠᠨ ᠬᠦᠷᠢᠶᠡᠨ ᠳᠤ ᠴᠥᠮ ᠮᠠᠰᠢ ᠶᠡᠭᠡ | ᠬᠠᠮᠲᠤᠷᠠᠯᠴᠠᠭᠠᠨ ᠤ ᠳᠠᠯᠳᠠ ᠬᠦᠴᠦᠨ ᠲᠠᠢ ᠶᠤᠮ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠡᠸᠦ᠋ᠷᠦᠫᠡ ᠶᠢᠨ | ᠲᠠᠯ᠎ᠠ ᠶᠢᠨ ᠬᠢᠨ ᠲᠠᠢ ᠬᠠᠮᠲᠤ ᠪᠠᠷ ᠵᠠᠬ᠎ᠠ ᠳᠡᠯᠭᠡᠭᠦᠷ ᠤᠨ ᠬᠤᠯᠪᠤᠭᠠᠯᠠᠨ ᠨᠡᠪᠲᠡᠷᠡᠯᠴᠡᠬᠦ ᠪᠠ ᠠᠵᠤ ᠦᠢᠯᠡᠰ ᠤᠨ | ᠬᠠᠮᠵᠢᠯᠴᠠᠭ᠎ᠠ ᠪᠠᠨ ᠴᠢᠩᠭᠠᠳᠬᠠᠵᠤ᠂ ᠲᠤᠰ ᠲᠤᠰ ᠤᠨ ᠬᠥᠭᠵᠢᠯᠲᠡ ᠳᠤ ᠪᠠᠨ ᠨᠡᠩ ᠦᠯᠡᠮᠵᠢ ᠬᠥᠳᠡᠯᠭᠡᠭᠴᠢ | ᠬᠦᠴᠦᠨ ᠨᠡᠮᠡᠷᠢᠯᠡᠨ᠎ᠡ᠃ ᠣᠳᠣᠬᠠᠨ ᠤ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠤᠷᠤᠰᠬᠠᠯ ᠳᠤ ᠲᠤᠯᠭᠠᠷᠠᠵᠤ | ᠪᠠᠶᠢᠭ᠎ᠠ ᠶᠡᠭᠡ ᠠᠬᠤᠢ ᠪᠠᠶᠢᠳᠠᠯ ᠳᠣᠣᠷ᠎ᠠ᠂ ᠬᠠᠮᠲᠤᠷᠠᠯᠴᠠᠪᠠᠯ ᠰᠠᠶ᠋ᠢ ᠬᠠᠮᠲᠤ ᠪᠠᠷ ᠠᠰᠢᠭ ᠬᠦᠷᠲᠡᠵᠦ ᠴᠢᠳᠠᠨ᠎ᠠ᠃ | ᠳᠤᠮᠳᠠᠳᠤ ᠪᠠ ᠡᠸᠦ᠋ᠷᠦᠫᠡ ᠬᠤᠶᠠᠷ ᠶᠡᠭᠡ ᠠᠵᠤ ᠠᠬᠤᠢ ᠶᠢᠨ ᠴᠣᠭᠴᠠ᠂ ᠬᠤᠶᠠᠷ ᠶᠡᠭᠡ ᠬᠦᠴᠦᠨ ᠪᠣᠯᠤᠭᠰᠠᠨ ᠤ | ᠬᠤᠪᠢ ᠳᠤ᠂ ᠤᠯᠠᠨ ᠲᠠᠯ᠎ᠠ ᠶᠢᠨ ᠵᠣᠬᠢᠴᠠᠭᠤᠯᠭ᠎ᠠ ᠪᠠᠨ ᠨᠢᠭᠲᠠᠷᠠᠭᠤᠯᠵᠤ᠂ ᠨᠡᠭᠡᠭᠡᠯᠲᠡ ᠬᠢᠵᠦ ᠬᠠᠮᠲᠤᠷᠠᠯᠴᠠᠬᠤ ᠪᠠᠨ | ᠠᠬᠢᠭᠤᠯᠵᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠶᠢ ᠠᠬᠢᠭᠤᠯᠬᠤ᠂ ᠪᠦᠬᠦ ᠪᠥᠮᠪᠥᠷᠴᠡᠭ ᠤᠨ ᠵᠠᠰᠠᠯᠲᠠ ᠶᠢ | ᠲᠡᠭᠦᠯᠳᠡᠷᠵᠢᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠪᠡᠯ ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ | ᠡᠸᠦ᠋ᠷᠦᠫᠡ ᠶᠢᠨ ᠲᠥᠪ ᠪᠠᠩᠬᠢ ᠯᠤᠭ᠎ᠠ ᠤᠯᠠᠨ ᠤᠯᠤᠰ ᠤᠨ ᠵᠣᠭᠤᠰᠤᠨ ᠤ ᠲᠣᠭᠲᠠᠯᠴᠠᠭ᠎ᠠ ᠶᠢᠨ ᠥᠭᠡᠷᠡᠴᠢᠯᠡᠯᠲᠡ | ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠡᠨᠡ ᠵᠢᠯ ᠳᠤᠮᠳᠠᠳᠤ ᠤᠯᠤᠰ ᠨᠡᠩ ᠢᠳᠡᠪᠬᠢᠲᠡᠢ ᠪᠥᠭᠡᠳ | ᠪᠦᠲᠦᠮᠵᠢᠲᠡᠶ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠥᠷᠭᠡᠦ ᠦᠶᠡᠯᠡᠯ ᠢ ᠲᠣᠬᠢᠷᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ | ᠳᠣᠲᠣᠭᠠᠳᠤ ᠬᠡᠷᠡᠭᠴᠡᠭᠡ ᠪᠠᠨ ᠥᠷᠭᠡᠳᠬᠡᠵᠦ᠂ ᠬᠡᠷᠡᠭᠯᠡᠭᠡ ᠶᠢ ᠬᠥᠭᠵᠢᠭᠡᠨ ᠪᠠᠳᠠᠷᠠᠭᠤᠯᠪᠠᠯ᠂ ᠭᠠᠳᠠᠭᠠᠳᠤ ᠣᠷᠴᠢᠨ ᠤ | ᠠᠰᠢᠭ ᠦᠭᠡᠢ ᠬᠦᠴᠦᠨ ᠵᠦᠢᠯ ᠤᠨ ᠨᠥᠯᠥᠭᠡ ᠶᠢ ᠪᠦᠷᠢᠮᠦᠰᠦᠨ ᠠᠷᠢᠯᠭᠠᠵᠤ ᠴᠢᠳᠠᠬᠤ ᠶᠤᠮ᠃ ᠳᠤᠮᠳᠠᠳᠤ ᠤᠯᠤᠰ | ᠨᠡᠭᠡᠭᠡᠯᠲᠡ ᠪᠠᠨ ᠡᠷᠡᠰ ᠥᠷᠭᠡᠳᠬᠡᠵᠦ᠂ ᠡᠯ᠎ᠡ ᠤᠯᠤᠰ ᠯᠤᠭ᠎ᠠ ᠬᠥᠭᠵᠢᠯᠲᠡ ᠶᠢᠨ ᠠᠵᠠ ᠲᠣᠬᠢᠶᠠᠯ ᠢ ᠬᠤᠪᠢᠶᠠᠯᠴᠠᠨ᠎ᠠ | ᠭᠡᠪᠡ᠃ | ᠯᠠᠭᠠᠷᠳ᠋ ᠢᠯᠡᠷᠬᠡᠶᠢᠯᠡᠬᠦ ᠳᠤ ᠪᠠᠨ᠂ ᠣᠳᠣᠬᠠᠨ ᠤ ᠲᠣᠭᠲᠠᠭᠠᠯᠲᠤ ᠪᠤᠰᠤ ᠴᠢᠨᠠᠷ ᠢᠶᠠᠷ ᠳᠦᠭᠦᠷᠦᠭᠰᠡᠨ | ᠳᠡᠯᠡᠬᠡᠢ ᠶᠢᠨ ᠪᠠᠶᠢᠳᠠᠯ ᠳᠣᠣᠷ᠎ᠠ᠂ ᠡᠸᠦ᠋ᠷᠦᠫᠡ ᠪᠠ ᠳᠤᠮᠳᠠᠳᠤ ᠳᠡᠭᠡᠳᠦ ᠳᠠᠪᠬᠤᠷᠭ᠎ᠠ ᠶᠢᠨ ᠬᠠᠷᠢᠯᠴᠠᠭ᠎ᠠ ᠪᠠ | ᠶᠠᠷᠢᠯᠴᠠᠭ᠎ᠠ ᠬᠠᠮᠲᠤᠷᠠᠯᠴᠠᠭ᠎ᠠ ᠪᠠᠨ ᠪᠠᠲᠤᠯᠠᠬᠤ ᠨᠢ ᠲᠦᠢᠯ ᠤᠨ ᠴᠢᠬᠤᠯᠠ ᠶᠤᠮ᠃ ᠡᠸᠦ᠋ᠷᠦᠫᠡ ᠪᠠ ᠳᠤᠮᠳᠠᠳᠤ ᠶᠢᠨ | ᠠᠰᠢᠭ ᠲᠤᠰᠠ ᠠᠭᠤᠰᠤᠯᠴᠠᠵᠤ᠂ ᠪᠦᠬᠦ ᠪᠥᠮᠪᠥᠷᠴᠡᠭ ᠤᠨ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ | ᠬᠠᠮᠠᠭᠠᠯᠠᠬᠤ᠂ ᠤᠯᠠᠨ ᠤᠯᠤᠰ ᠤᠨ ᠠᠷᠠᠯᠵᠢᠶᠠᠨ ᠤ ᠬᠥᠭᠵᠢᠯᠲᠡ ᠶᠢ ᠠᠬᠢᠭᠤᠯᠬᠤ ᠵᠡᠷᠭᠡ ᠤᠯᠠᠨ ᠲᠠᠯ᠎ᠠ ᠪᠠᠷ | ᠬᠠᠮᠲᠤ ᠶᠢᠨ ᠬᠠᠷᠢᠭᠤᠴᠠᠯᠭ᠎ᠠ ᠲᠠᠢ ᠶᠤᠮ᠃ ᠪᠣᠭᠤᠮᠲᠠ ᠶᠢᠨ ᠭᠠᠶᠢᠯᠢ ᠶᠢᠨ ᠲᠠᠶᠢᠨ᠂ ᠠᠷᠠᠯᠵᠢᠶᠠᠨ ᠤ ᠲᠠᠶᠢᠨ ᠨᠢ | ᠬᠤᠶᠠᠭᠤᠯᠠ ᠶᠢ ᠢᠯᠠᠭᠳᠠᠯ ᠳᠤ ᠤᠴᠠᠷᠠᠭᠤᠯᠤᠨ᠎ᠠ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠨᠡᠭᠡᠭᠡᠯᠲᠡ ᠬᠢᠵᠦ | ᠬᠠᠮᠲᠤᠷᠠᠯᠴᠠᠬᠤ ᠪᠠᠨ ᠴᠢᠩᠭᠠᠳᠬᠠᠬᠤ ᠪᠣᠯ ᠰᠠᠶ᠋ᠢ ᠵᠥᠪ ᠰᠣᠩᠭᠤᠯᠲᠠ ᠪᠣᠯᠣᠨ᠎ᠠ᠃ ᠳᠤᠮᠳᠠᠳᠤ ᠤᠯᠤᠰ ᠤᠨ | ᠣᠶᠢᠷ᠎ᠠ ᠶᠢᠨ ᠵᠢᠯ ᠤᠳ ᠤᠨ ᠰᠢᠨ᠎ᠡ ᠡᠭᠦᠳᠦᠯᠲᠡ ᠲᠠᠢ ᠬᠥᠭᠵᠢᠯᠲᠡ ᠪᠠ ᠠᠵᠤ ᠠᠬᠤᠶᠢᠯᠠᠯ ᠤᠨ ᠥᠷᠢᠰᠦᠯᠳᠦᠬᠦ | ᠬᠦᠴᠦᠨ ᠨᠢ ᠬᠥᠮᠥᠰ ᠲᠤ ᠭᠦᠨ ᠰᠠᠭᠤᠭᠳᠠᠯ ᠦᠯᠡᠳᠡᠭᠡᠵᠡᠢ᠃ ᠡᠸᠦ᠋ᠷᠦᠫᠡ ᠲᠢᠪ ᠤᠨ ᠲᠥᠪ ᠪᠠᠩᠬᠢ ᠶᠢᠨ ᠬᠢᠨ | ᠳᠤᠮᠳᠠᠳᠤ ᠶᠢᠨ ᠲᠠᠯ᠎ᠠ ᠶᠢᠨ ᠬᠢᠨ ᠯᠤᠭ᠎ᠠ ᠲᠥᠪ ᠪᠠᠩᠬᠢ ᠶᠢᠨ ᠳᠠᠷᠤᠭ᠎ᠠ ᠨᠠᠷ ᠤᠨ ᠠᠭᠤᠯᠵᠠᠯᠲᠠ ᠶᠢᠨ ᠲᠣᠭᠲᠠᠴᠠ ᠶᠢ | ᠪᠠᠶᠢᠭᠤᠯᠬᠤ ᠶᠢᠨ ᠬᠠᠮᠲᠤ ᠠᠩᠬᠠᠳᠠᠭᠴᠢ ᠬᠤᠷᠠᠯ ᠬᠤᠷᠠᠯᠳᠤᠭᠤᠯᠵᠤ᠂ ᠳᠤᠮᠳᠠᠳᠤ ᠶᠢᠨ ᠲᠠᠯ᠎ᠠ ᠶᠢᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠯᠤᠭ᠎ᠠ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠬᠤ ᠪᠠᠷ ᠴᠢᠷᠮᠠᠶᠢᠵᠤ᠂ | ᠬᠠᠮᠲᠤᠷᠠᠯᠴᠠᠬᠤ ᠬᠦᠷᠢᠶ᠎ᠡ ᠪᠠᠨ ᠭᠦᠨᠵᠡᠭᠡᠶᠢᠷᠡᠭᠦᠯᠵᠦ᠂ ᠪᠦᠬᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ | ᠬᠠᠮᠲᠤ ᠪᠠᠷ ᠠᠷᠭᠠᠴᠠᠭᠠᠵᠤ᠂ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠪᠤᠷᠢᠲᠤ ᠴᠢᠨᠠᠷ ᠪᠠ ᠲᠣᠭᠲᠠᠭᠠᠯᠲᠤ ᠴᠢᠨᠠᠷ | ᠣᠯᠭᠤᠨ᠎ᠠ ᠭᠡᠪᠡ᠃ | | |