ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ︽ᠦᠢᠯᠡᠰ ᠪᠤᠰᠬᠠᠵᠤ ᠤᠮᠠᠷᠠᠲᠤ ᠬᠢᠯᠢ ᠪᠠᠨ | ᠬᠥᠭᠵᠢᠭᠦᠯᠦᠨ ᠮᠠᠨᠳᠤᠭᠤᠯᠵᠤ᠂ ᠬᠦᠰᠡᠯ ᠢᠶᠠᠨ ᠬᠥᠭᠡᠭᠡᠴᠡᠯᠳᠦᠬᠦ ᠠᠶᠠᠨ ᠤ ᠡᠬᠢᠯᠡᠯᠲᠡ︾ ᠪᠠᠷ ᠭᠤᠣᠯ ᠰᠡᠳᠦᠪ | ᠪᠣᠯᠭᠠᠵᠤ᠂ ︽ᠦᠢᠯᠡᠰ ᠪᠤᠰᠬᠠᠵᠤ ᠤᠮᠠᠷᠠᠲᠤ ᠬᠢᠯᠢ ᠪᠠᠨ ᠬᠥᠭᠵᠢᠭᠦᠯᠦᠨ ᠮᠠᠨᠳᠤᠭᠤᠯᠬᠤ︾ ᠦᠢᠯᠡᠰ ᠪᠤᠰᠬᠠᠬᠤ | ᠦᠢᠯᠡᠴᠢᠯᠡᠭᠡᠨ ᠤ ᠨᠠᠷᠠᠲᠤ ᠲᠡᠮᠳᠡᠭ ᠢ ᠢᠳᠡᠪᠬᠢᠲᠡᠢ ᠴᠣᠭᠴᠠᠯᠠᠨ᠂ ︽ᠦᠢᠯᠡᠰ ᠪᠤᠰᠬᠠᠬᠤ ᠪᠣᠯᠪᠠᠰᠤᠷᠠᠯ᠂ ᠦᠢᠯᠡᠰ | ᠪᠤᠰᠬᠠᠬᠤ ᠦᠢᠯᠡᠴᠢᠯᠡᠭᠡ᠂ ᠦᠢᠯᠡᠰ ᠪᠤᠰᠬᠠᠬᠤ ᠨᠡᠪᠴᠢᠭᠦᠯᠦᠭᠦᠷ᠂ ᠦᠢᠯᠡᠰ ᠪᠤᠰᠬᠠᠬᠤ ᠠᠵᠢᠯᠯᠠᠭ᠎ᠠ︾ ᠶᠢᠨ | ᠬᠤᠯᠪᠣᠭᠠᠯᠠᠬᠤ ᠶᠢ ᠲᠦᠯᠬᠢᠨ ᠠᠬᠢᠭᠤᠯᠵᠤ᠂ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠳᠤ ᠬᠦᠴᠦᠨ | ᠨᠡᠮᠡᠷᠢᠯᠡᠪᠡ᠃ ᠨᠢᠭᠡ ᠳᠤ ᠨᠢᠭᠡᠨ ᠲᠠᠪᠴᠠᠩ — ᠦᠢᠯᠡᠰ ᠪᠤᠰᠬᠠᠬᠤ ᠵᠢᠯᠣᠭᠤᠳᠤᠯᠭ᠎ᠠ ᠶᠢᠨ ᠶᠡᠭᠡ ᠪᠠᠭᠰᠢ ᠶᠢᠨ | ᠲᠠᠰᠤᠭ ᠢ ᠴᠣᠭᠴᠠᠯᠠᠪᠠ᠃ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ᠂ ᠶᠡᠭᠡ | ᠳᠡᠭᠡᠳᠦ ᠰᠤᠷᠭᠠᠭᠤᠯᠢ᠂ ᠦᠢᠯᠡᠰ ᠪᠤᠰᠬᠠᠬᠤ ᠪᠣᠯᠪᠠᠰᠤᠷᠠᠯ ᠤᠨ ᠪᠠᠶᠢᠭᠤᠯᠤᠮᠵᠢ ᠪᠠ ᠦᠢᠯᠡᠰ ᠪᠤᠰᠬᠠᠬᠤ | ᠬᠦᠷᠢᠶᠡᠯᠡᠩ ᠤᠨ ᠨᠡᠪᠴᠢᠭᠦᠯᠦᠭᠦᠷ ᠰᠠᠭᠤᠷᠢᠨ ᠭᠠᠵᠠᠷ ᠲᠤ ᠲᠦᠰᠢᠭᠯᠡᠨ᠂ ᠦᠢᠯᠡᠰ ᠪᠤᠰᠬᠠᠬᠤ ᠵᠢᠯᠣᠭᠤᠳᠤᠯᠭ᠎ᠠ ᠶᠢᠨ | ᠶᠡᠭᠡ ᠪᠠᠭᠰᠢ ᠶᠢᠨ ᠲᠠᠰᠤᠭ ᠢ 5 ᠪᠠᠶᠢᠭᠤᠯᠬᠤ ᠪᠠᠨ ᠠᠬᠢᠭᠤᠯᠪᠠ᠃ ᠬᠤᠶᠠᠷ ᠲᠤ ᠨᠢᠭᠡᠨ ᠡᠬᠢ ᠪᠠᠶᠠᠯᠢᠭ ᠤᠨ | ᠬᠥᠮᠥᠷᠭᠡ — ᠦᠢᠯᠡᠰ ᠪᠤᠰᠬᠠᠬᠤ ᠲᠥᠷᠥᠯ ᠵᠦᠢᠯ ᠤᠨ ᠬᠥᠮᠥᠷᠭᠡ ᠶᠢ ᠪᠠᠶᠢᠭᠤᠯᠪᠠ᠃ ᠴᠢᠨᠠᠷ ᠰᠠᠶᠢᠲᠠᠢ ᠦᠢᠯᠡᠰ | ᠪᠤᠰᠬᠠᠭᠰᠠᠨ ᠲᠥᠷᠥᠯ ᠵᠦᠢᠯ ᠢ ᠡᠯᠰᠡᠨ ᠴᠤᠭᠯᠠᠭᠤᠯᠵᠤ ᠨᠡᠶᠢᠲᠡᠯᠡᠬᠦ ᠲᠣᠭᠲᠠᠴᠠ ᠶᠢ ᠪᠠᠶᠢᠭᠤᠯᠵᠤ᠂ ᠲᠦᠷᠦᠭᠦᠤ | ᠪᠦᠯᠦᠭ ᠲᠤ 100 ᠰᠢᠯᠢᠳᠡᠭ ᠦᠢᠯᠡᠰ ᠪᠤᠰᠬᠠᠭᠰᠠᠨ ᠲᠥᠷᠥᠯ ᠵᠦᠢᠯ ᠢ ᠨᠡᠶᠢᠲᠡᠯᠡᠨ᠂ ᠦᠢᠯᠡᠰ ᠪᠤᠰᠬᠠᠭᠴᠢ ᠳᠤ | ᠨᠠᠩ ᠣᠯᠠᠨ ᠰᠣᠩᠭᠤᠯᠲᠠ ᠬᠠᠩᠭᠠᠪᠠ᠃ ᠭᠤᠷᠪᠠ ᠳᠤ ᠪᠠᠭᠰᠢ ᠶᠢᠨ ᠰᠣᠯᠢᠯᠴᠠᠭᠠᠨ ᠤ ᠲᠠᠪᠴᠠᠩ — ᠰᠦᠯᠵᠢᠶᠡᠨ | ᠳᠡᠭᠡᠷᠡᠬᠢ ᠰᠣᠯᠢᠯᠴᠠᠭᠠᠨ ᠤ ᠬᠤᠷᠠᠯ ᠢ ᠪᠠᠶᠢᠭᠤᠯᠪᠠ᠃ ᠰᠦᠯᠵᠢᠶ᠎ᠡ ᠪᠠᠷ ᠰᠣᠯᠢᠯᠴᠠᠬᠤ᠂ ᠬᠡᠷᠡᠭ ᠤᠨ ᠵᠢᠱᠢᠶ᠎ᠡ ᠶᠢ | ᠬᠤᠪᠢᠶᠠᠯᠴᠠᠬᠤ᠂ ᠲᠤᠷᠰᠢᠯᠭ᠎ᠠ ᠪᠠᠨ ᠰᠤᠳᠤᠯᠤᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ᠂ ᠨᠡᠶᠢᠲᠡ 38 | ᠬᠤᠭᠤᠴᠠᠭᠠᠨ ᠤ ︽ᠡᠭᠦᠯᠡᠨ ᠳᠡᠭᠡᠷᠡᠬᠢ ᠬᠢᠴᠢᠶᠡᠯ ᠤᠨ ᠲᠠᠩᠬᠢᠮ︾ ᠤᠨ ᠦᠢᠯᠡᠰ ᠪᠤᠰᠬᠠᠬᠤ ᠪᠣᠯᠪᠠᠰᠤᠷᠠᠯ ᠪᠣᠯᠬᠤ | ᠯᠧᠺᠲ᠋ᠣᠷ ᠤᠨ ᠰᠦᠯᠵᠢᠶᠡᠨ ᠳᠡᠭᠡᠷᠡᠬᠢ ᠰᠣᠯᠢᠯᠴᠠᠭᠠᠨ ᠤ ᠬᠤᠷᠠᠯ ᠢ ᠡᠷᠭᠢᠯᠡᠵᠦ᠂ ᠲᠦᠮᠡ ᠭᠠᠷᠤᠢ ᠬᠥᠮᠥᠨ | ᠤᠳᠠᠭ᠎ᠠ ᠶᠢ ᠲᠡᠳᠡᠨ ᠣᠷᠣᠯᠴᠠᠭᠤᠯᠵᠠᠢ᠃ ᠳᠥᠷᠪᠡ ᠳᠤ ᠠᠷᠠᠳ ᠲᠤ ᠠᠰᠢᠭ ᠬᠦᠷᠲᠡᠭᠡᠬᠦ ᠨᠢᠭᠡ ᠵᠦᠢᠯ ᠤᠨ | ᠲᠥᠷᠥ ᠶᠢᠨ ᠪᠣᠳᠣᠯᠭ᠎ᠠ — ᠦᠢᠯᠡᠰ ᠪᠤᠰᠬᠠᠬᠤ ᠨᠢᠭᠡ ᠯᠡ ᠤᠳᠠᠭ᠎ᠠ ᠶᠢᠨ ᠴᠢᠨᠠᠷᠲᠠᠢ ᠨᠡᠮᠡᠭᠦᠷᠢ ᠶᠢᠨ ᠲᠦᠷᠦ ᠶᠢᠨ | ᠪᠣᠳᠣᠯᠭ᠎ᠠ ᠶᠢᠨ ᠵᠡᠷᠭᠡ ᠳᠡᠰ ᠢ ᠳᠡᠪᠰᠢᠭᠦᠯᠪᠡ᠃ 3 ᠬᠥᠮᠥᠨ ᠠᠴᠠ ᠳᠡᠭᠡᠭᠰᠢᠬᠢ ᠠᠵᠢᠯ ᠣᠯᠭᠤᠯᠲᠠ ᠶᠢ | ᠳᠠᠶᠢᠴᠢᠯᠠᠭᠰᠠᠨ᠂ ᠨᠡᠶᠢᠭᠡᠮ ᠤᠨ ᠳᠠᠭᠠᠳᠬᠠᠯ ᠲᠤᠰᠢᠶᠠᠭᠠᠳ ᠪᠦᠬᠦᠯᠢ ᠨᠢᠭᠡ ᠵᠢᠯ ᠪᠣᠯᠤᠭᠰᠠᠨ ᠦᠢᠯᠡᠰ ᠪᠤᠰᠬᠠᠭᠴᠢ ᠳᠤ | 2 ᠲᠦᠮᠡᠨ ᠲᠥᠭᠦᠷᠢᠭ ᠤᠨ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠭᠰᠠᠨ ᠨᠢᠭᠡ ᠯᠡ | ᠤᠳᠠᠭ᠎ᠠ ᠶᠢᠨ ᠴᠢᠨᠠᠷᠲᠠᠢ ᠨᠡᠮᠡᠭᠦᠷᠢ ᠣᠯᠭᠤᠨ᠎ᠠ︔ 3 ᠵᠢᠯ ᠭᠠᠷᠤᠢ ᠡᠵᠡᠩᠨᠡᠨ ᠠᠵᠢᠯᠯᠠᠭᠰᠠᠨ ᠪᠥᠭᠡᠳ ᠠᠵᠢᠯ | ᠣᠯᠭᠤᠯᠲᠠ ᠶᠢ ᠳᠠᠶᠢᠴᠢᠯᠠᠭᠰᠠᠨ ᠬᠥᠮᠥᠨ ᠤ ᠲᠤᠭ᠎ᠠ ᠨᠢ ᠬᠠᠰᠤᠭᠳᠠᠭᠰᠠᠨ ᠦᠭᠡᠢ ᠪᠠᠶᠢᠪᠠᠯ᠂ ᠳᠠᠬᠢᠭᠠᠳ 2 ᠲᠦᠮᠡᠨ | ᠲᠥᠭᠦᠷᠢᠭ ᠤᠨ ᠨᠡᠮᠡᠭᠦᠷᠢ ᠣᠯᠭᠤᠨ᠎ᠠ᠃ ᠲᠠᠪᠤ ᠳᠤ ᠠᠯᠢ ᠣᠯᠠᠨ ᠠᠵᠢᠯᠯᠠᠭ᠎ᠠ — ᠲᠤᠯᠤᠭᠠᠨ ᠵᠦᠢᠯ ᠤᠨ | ᠠᠵᠢᠯᠯᠠᠭ᠎ᠠ ᠶᠢ ᠠᠬᠢᠭᠤᠯᠪᠠ᠃ ︽ᠦᠢᠯᠡᠰ ᠪᠤᠰᠬᠠᠬᠤ ᠳᠤ ᠠᠮᠠᠷ︾ ᠵᠡᠷᠭᠡ ᠰᠢᠷᠢᠰ ᠠᠵᠢᠯᠯᠠᠭ᠎ᠠ ᠳᠤ ᠲᠦᠰᠢᠭᠯᠡᠨ᠂ | ᠠᠵᠢᠯᠯᠠᠭ᠎ᠠ ᠶᠢᠨ ᠠᠭᠤᠯᠭ᠎ᠠ ᠶᠢ ᠥᠷᠭᠡᠳᠬᠡᠨ ᠤᠷᠲᠤᠳᠬᠠᠵᠤ᠂ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠬᠤ᠂ ᠲᠥᠷᠥᠯ ᠵᠦᠢᠯ ᠢ ᠳᠡᠯᠭᠡᠨ ᠦᠵᠡᠭᠦᠯᠬᠦ᠂ ᠪᠡᠯᠡ ᠲᠣᠬᠢᠷᠠᠭᠤᠯᠭ᠎ᠠ ᠶᠢ ᠵᠣᠯᠭᠠᠭᠤᠯᠬᠤ᠂ ᠣᠷᠣᠨ | ᠪᠦᠰᠡ ᠶᠢᠨ ᠦᠢᠯᠡᠰ ᠪᠤᠰᠬᠠᠬᠤ ᠶᠢᠨ ᠬᠤᠯᠪᠣᠭ᠎ᠠ ᠪᠠᠶᠢᠭᠤᠯᠬᠤ᠂ ᠪᠠᠭᠰᠢ ᠨᠠᠷ ᠢ ᠰᠣᠯᠪᠢᠴᠠᠨ ᠲᠣᠮᠢᠯᠠᠬᠤ ᠵᠡᠷᠭᠡ | ᠣᠨᠴᠠᠯᠢᠭᠲᠤ ᠦᠢᠯᠡᠴᠢᠯᠡᠭᠡᠨ ᠢ ᠦᠷᠨᠢᠭᠦᠯᠪᠡ᠃ | |