6 ᠳ᠋ᠤᠭᠠᠷ ᠰᠠᠷ᠎ᠠ ᠶᠢᠨ 16 ᠤ ᠡᠳᠦᠷ ᠬᠡᠪᠯᠡᠭᠳᠡᠭᠰᠡᠨ 12 ᠳ᠋ᠤᠭᠠᠷ ᠬᠤᠭᠤᠴᠠᠭᠠᠨ ᠤ ︽ᠦᠨᠡᠨ︾ | ᠰᠡᠳᠬᠦᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ︽ᠳᠤᠮᠳᠠ | ᠤᠷᠲᠤ ᠬᠤᠭᠤᠴᠠᠭᠠᠨ ᠤ ᠲᠥᠯᠦᠪᠵᠢᠭᠦᠯᠭᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠢᠯᠤᠭᠤᠳᠬᠤ ᠪᠣᠯ | ᠮᠠᠨ ᠤ ᠨᠠᠮ ᠤᠨ ᠲᠥᠷᠥ ᠶᠢ ᠵᠠᠰᠠᠵᠤ ᠵᠠᠰᠠᠭ ᠢ ᠡᠷᠭᠢᠯᠡᠬᠦ ᠴᠢᠬᠤᠯᠠ ᠠᠷᠭ᠎ᠠ ᠬᠡᠯᠪᠡᠷᠢ ᠮᠥᠨ︾ ᠭᠡᠰᠡᠨ ᠴᠢᠬᠤᠯᠠ | ᠵᠣᠬᠢᠶᠠᠯ ᠢ ᠨᠡᠶᠢᠲᠡᠯᠡᠪᠡ᠃ | ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠮᠡᠳᠡᠭᠡ ᠶᠢ ᠦᠨᠳᠦᠰᠦᠯᠡᠪᠡᠯ᠂ ᠡᠨᠡ ᠵᠢᠯ ᠤᠨ ᠲᠦᠷᠦᠭᠦᠤ 5 | ᠰᠠᠷ᠎ᠠ ᠳᠤ᠂ ᠳᠤᠮᠳᠠᠳᠤ ᠠᠽᠢᠶ᠎ᠠ ᠶᠢᠨ ᠲᠠᠪᠤᠨ ᠤᠯᠤᠰ ᠲᠠᠬᠢ ᠮᠠᠨ ᠤ ᠤᠯᠤᠰ ᠤᠨ ᠭᠠᠳᠠᠭᠠᠳᠤ ᠣᠷᠣᠭᠤᠯᠤᠯᠲᠠ | ᠭᠠᠷᠭᠠᠯᠲᠠ 2864.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10. | 4% ᠪᠠᠷ ᠨᠡᠮᠡᠭᠳᠡᠨ᠂ ᠬᠡᠪᠴᠢᠶᠡᠵᠢᠯ ᠨᠢ ᠲᠡᠦᠬᠡ ᠶᠢᠨ ᠠᠳᠠᠯᠢ ᠬᠤᠭᠤᠴᠠᠭᠠᠨ ᠤ ᠰᠢᠨ᠎ᠡ ᠲᠡᠮᠳᠡᠭᠯᠡᠯ ᠢ ᠡᠭᠦᠳᠪᠡ᠃ | ᠬᠤᠳᠠᠯᠳᠤᠭᠠᠨ ᠤ ᠶᠠᠪᠤᠳᠠᠯ ᠤᠨ ᠶᠠᠮᠤᠨ ᠤ ᠮᠡᠳᠡᠭᠡ ᠶᠢ ᠦᠨᠳᠦᠰᠦᠯᠡᠪᠡᠯ᠂ ᠣᠳᠣᠬᠠᠨ ᠳᠤ ᠮᠠᠨ ᠤ ᠤᠯᠤᠰ | ᠠᠮᠢᠳᠤᠷᠠᠯ ᠳᠤ ᠳᠥᠭᠦᠮᠯᠡᠬᠦ ᠮᠥᠴᠡ ᠶᠢᠨ ᠵᠠᠶᠢᠲᠠᠢ ᠲᠣᠭᠤᠷᠢᠭ ᠢ 5510 ᠪᠠᠶᠢᠭᠤᠯᠵᠤ᠂ 1.25 ᠳ᠋ᠦᠩᠰᠢᠭᠤᠷ | ᠰᠠᠭᠤᠭᠠᠯᠢ ᠠᠷᠠᠳ ᠲᠤ ᠦᠢᠯᠡᠴᠢᠯᠡᠵᠦ ᠪᠠᠶᠢᠨ᠎ᠠ᠃ | 15 ᠤ ᠡᠳᠦᠷ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠲᠠᠪᠤᠨ ᠰᠠᠯᠠᠭ᠎ᠠ ᠮᠥᠴᠢᠷ ᠤᠨ ᠵᠣᠬᠢᠶᠠᠨ | ᠪᠠᠶᠢᠭᠤᠯᠤᠭᠰᠠᠨ 2025 ᠣᠨ ᠤ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠳᠡᠭᠡ ᠪᠠᠭᠤᠯᠭᠠᠬᠤ ᠠᠩᠬᠠᠨ ᠤ | ᠥᠷᠲᠡᠭᠡᠨ ᠤ ᠠᠵᠢᠯᠯᠠᠭ᠎ᠠ ᠵᠢᠶᠠᠩᠰᠤ ᠶᠢᠨ ᠷᠦ᠋ ᠭᠤᠤ ᠳᠤ ᠡᠬᠢᠯᠡᠪᠡ᠂ ᠡᠨᠡ ᠵᠢᠯ 124 ᠬᠡᠯᠪᠡᠷᠢ ᠮᠠᠶ᠋ᠢᠭ ᠤᠨ ᠰᠢᠨ᠎ᠡ | ᠡᠨᠧᠷᠭᠢ ᠶᠢᠨ ᠮᠠᠰᠢᠨ ᠲᠡᠷᠭᠡ ᠶᠢ ᠬᠥᠳᠡᠭᠡ ᠪᠠᠭᠤᠯᠭᠠᠬᠤ ᠪᠣᠯᠣᠨ᠎ᠠ᠃ | ᠡᠨᠡ ᠵᠢᠯ ᠤᠨ 1 ᠳ᠋ᠦ᠋ᠭᠡᠷ ᠨᠣᠮᠧᠷᠲᠤ ᠲᠠᠶᠢᠹᠧᠩ ᠰᠠᠯᠬᠢᠨ ︽ᠡᠷᠪᠡᠬᠡᠢ︾ ᠵᠢᠴᠢ ᠲᠡᠭᠦᠨ ᠢ ᠳᠠᠭᠠᠯᠳᠤᠨ | ᠡᠭᠦᠰᠦᠭᠰᠡᠨ ᠰᠢᠷᠦᠭᠦᠨ ᠪᠣᠷᠣᠭᠠᠨ ᠦᠶᠡᠷ ᠤᠰᠤᠲᠤᠯ ᠤᠨ ᠭᠠᠮᠰᠢᠭ ᠲᠤ ᠴᠢᠭᠯᠡᠭᠦᠯᠦᠨ᠂ ᠡᠳ᠋ ᠤᠨ ᠵᠠᠰᠠᠭ ᠤᠨ | ᠶᠠᠮᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠪᠠᠶᠢᠭᠠᠯᠢ ᠶᠢᠨ ᠭᠠᠮᠰᠢᠭ ᠠᠴᠠ | ᠠᠪᠤᠷᠠᠬᠤ ᠳᠤ ᠲᠤᠰᠠᠯᠠᠬᠤ ᠲᠥᠪ ᠤᠨ ᠪᠡᠯᠡ ᠮᠥᠩᠭᠦ ᠶᠢ 4000 ᠲᠦᠮᠡᠨ ᠲᠥᠭᠦᠷᠢᠭ ᠤᠷᠢᠳᠴᠢᠯᠠᠨ ᠰᠠᠯᠭᠠᠨ | ᠥᠭᠴᠦ᠂ ᠬᠠᠶᠢᠨᠠᠨ᠂ ᠭᠤᠸᠠᠩᠳᠦ᠋ᠩ᠂ ᠭᠤᠸᠠᠩᠰᠢ ᠵᠡᠷᠭᠡ ᠮᠤᠵᠢ ︵ᠣᠷᠣᠨ︶ ᠶᠢᠨ ᠦᠶᠡᠷ ᠪᠠ ᠲᠠᠶᠢᠹᠧᠩ | ᠰᠠᠯᠬᠢᠨ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠠᠵᠢᠯ ᠢᠶᠠᠨ ᠰᠠᠶᠢᠲᠤᠷ | ᠬᠢᠬᠦ ᠶᠢ ᠨᠢ ᠳᠡᠮᠵᠢᠪᠡ᠃ | ᠤᠯᠤᠰ ᠤᠨ ᠲᠡᠮᠦᠷ ᠵᠠᠮ ᠤᠨ ᠪᠦᠯᠦᠭᠯᠡᠯ ᠤᠨ ᠮᠡᠳᠡᠭᠡ ᠶᠢ ᠦᠨᠳᠦᠰᠦᠯᠡᠪᠡᠯ᠂ ᠡᠨᠡ ᠵᠢᠯ ᠤᠨ 1 ᠠᠴᠠ 5 | ᠳ᠋ᠤᠭᠠᠷ ᠰᠠᠷ᠎ᠠ ᠳᠤ ᠪᠦᠬᠦ ᠤᠯᠤᠰ ᠤᠨ ᠲᠡᠮᠦᠷ ᠵᠠᠮ ᠤᠨ ᠬᠢᠨ 2421 ᠳ᠋ᠦᠩᠰᠢᠭᠤᠷ ᠲᠥᠭᠦᠷᠢᠭ ᠤᠨ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠵᠡᠢ᠃ | | |