ᠤᠯᠤᠰ ᠤᠨ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶᠠᠨ ᠤ ᠮᠡᠳᠡᠭᠡ ᠶᠢ ᠦᠨᠳᠦᠰᠦᠯᠡᠪᠡᠯ᠂ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ 3.65 ᠳ᠋ᠦᠩᠰᠢᠭᠤᠷ ᠮᠦ ᠡᠯᠡᠰᠦᠵᠢᠭᠰᠡᠨ | ᠭᠠᠵᠠᠷ ᠰᠢᠷᠣᠢ ᠶᠢ ᠵᠠᠰᠠᠬᠤ ᠡᠭᠦᠷᠭᠡ ᠶᠢ ᠪᠡᠶᠡᠯᠡᠭᠦᠯᠵᠦ᠂ 2794 ᠲᠦᠮᠡᠨ ᠮᠦ ᠶᠢ ᠪᠢᠲᠡᠭᠦᠮᠵᠢᠯᠡᠨ ᠬᠠᠮᠠᠭᠠᠯᠠᠵᠤ | ᠪᠤᠢ᠃ | ᠠᠷᠪᠠᠨ ᠨᠠᠢᠮᠠᠳᠤᠭᠠᠷ ᠬᠤᠭᠤᠴᠠᠭᠠᠨ ᠤ ᠳᠤᠮᠳᠠᠳᠤ ᠶᠢᠨ ᠨᠣᠮ ᠪᠢᠴᠢᠭ ᠤᠨ ᠣᠨᠴᠠᠭᠠᠢ ᠬᠤᠪᠢ ᠨᠡᠮᠡᠷᠢ ᠶᠢᠨ | ᠱᠠᠩᠨᠠᠯ ᠣᠯᠭᠤᠬᠤ ᠶᠣᠰᠣᠯᠠᠯ 17 ᠤ ᠡᠳᠦᠷ ᠪᠡᠭᠡᠵᠢᠩ ᠳᠤ ᠶᠠᠪᠤᠭᠳᠠᠵᠤ᠂ 12 ᠤᠯᠤᠰ ᠤᠨ 16 | ᠱᠠᠩᠨᠠᠭᠳᠠᠭᠴᠢ ᠶᠢ ᠬᠥᠬᠢᠭᠦᠯᠦᠨ ᠰᠠᠶᠢᠰᠢᠶᠠᠪᠠ᠃ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠮᠡᠳᠡᠭᠡ ᠶᠢ | ᠦᠨᠳᠦᠰᠦᠯᠡᠪᠡᠯ᠂ ᠨᠢᠭᠡᠳᠦᠭᠡᠷ ᠤᠯᠠᠷᠢᠯ ᠤᠨ ᠡᠴᠦᠰ ᠪᠣᠯᠲᠠᠯ᠎ᠠ᠂ ᠲᠥᠪ ᠤᠨ ᠡᠯ᠎ᠡ ᠠᠵᠤ ᠠᠬᠤᠶᠢᠯᠠᠯ᠂ ᠡᠯ᠎ᠡ | ᠭᠠᠵᠠᠷ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠳᠡᠭᠡᠭᠰᠢᠯᠡᠭᠦᠯᠬᠦ ᠠᠵᠢᠯᠯᠠᠭᠠᠨ ᠤ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠭᠰᠡᠨ ᠳᠤᠮᠳᠠᠴᠢ | ᠨᠣᠷᠮ᠎ᠠ 80% ᠶᠢ ᠳᠠᠪᠠᠪᠠ᠃ | ᠬᠤᠳᠠᠯᠳᠤᠭᠠᠨ ᠤ ᠶᠠᠪᠤᠳᠠᠯ ᠤᠨ ᠶᠠᠮᠤᠨ ᠤ ᠮᠡᠳᠡᠭᠡ ᠶᠢ ᠦᠨᠳᠦᠰᠦᠯᠡᠪᠡᠯ᠂ ᠣᠳᠣᠬᠠᠨ ᠪᠣᠯᠲᠠᠯ᠎ᠠ᠂ ᠳᠤᠮᠳᠠᠳᠤ | ᠠᠽᠢᠶ᠎ᠠ ᠶᠢᠨ ᠤᠯᠤᠰ ᠤᠳ ᠲᠤ ᠣᠷᠣᠭᠤᠯᠤᠭᠰᠠᠨ ᠮᠠᠨ ᠤ ᠤᠯᠤᠰ ᠤᠨ ᠪᠡᠯᠡ ᠮᠥᠩᠭᠦ ᠨᠡᠶᠢᠲᠡ 300 ᠳ᠋ᠦᠩᠰᠢᠭᠤᠷ | ᠳ᠋ᠣᠯᠯᠠᠷ ᠢ ᠳᠠᠪᠠᠵᠠᠢ᠃ | 17 ᠤ ᠡᠳᠦᠷ᠂ ᠮᠠᠨ ᠤ ᠤᠯᠤᠰ ᠵᠢᠦᠴᠢᠦᠸᠠᠨ ᠳᠠᠭᠠᠭᠤᠯᠢ ᠣᠳᠣᠨ ᠤ ᠬᠠᠷᠪᠤᠯᠲᠠ ᠶᠢᠨ ᠲᠥᠪ ᠲᠤ ᠮᠧᠩ | ᠵᠧᠦ ︵ᠬᠦᠰᠡᠯ ᠵᠠᠪᠢ︶ ᠬᠥᠮᠥᠨ ᠰᠠᠭᠤᠯᠭᠠᠭᠰᠠᠨ ᠨᠢᠰᠬᠦ ᠣᠩᠭᠤᠴᠠᠨ ᠤ ᠲᠡᠭ ᠥᠨᠳᠥᠷᠴᠡ ᠠᠴᠠ ᠵᠢᠭᠤᠲᠠᠬᠤ | ᠨᠢᠰᠦᠯᠲᠡ ᠶᠢᠨ ᠲᠤᠷᠰᠢᠯᠲᠠ ᠶᠢ ᠠᠮᠵᠢᠯᠲᠠ ᠲᠠᠢ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠨᠢ ᠮᠠᠨ ᠤ ᠤᠯᠤᠰ ᠤᠨ | ᠰᠠᠷᠠᠨ ᠪᠥᠮᠪᠥᠷᠴᠡᠭ ᠢ ᠬᠥᠮᠥᠨ ᠰᠠᠭᠤᠯᠭᠠᠭᠰᠠᠨ ᠨᠢᠰᠬᠦ ᠣᠩᠭᠤᠴᠠ ᠪᠠᠷ ᠬᠠᠶᠢᠨ ᠰᠢᠨᠵᠢᠯᠡᠬᠦ ᠢᠨᠵᠧᠨᠧᠷᠢᠩ ᠤᠨ | ᠰᠤᠳᠤᠯᠤᠨ ᠦᠢᠯᠡᠳᠬᠦ ᠠᠵᠢᠯ ᠰᠢᠨ᠎ᠡ ᠴᠢᠬᠤᠯᠠ ᠰᠢᠪᠲᠤᠯᠤᠯᠲᠠ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃ | ᠭᠠᠳᠠᠭᠠᠳᠤ ᠶᠠᠪᠤᠳᠠᠯ ᠤᠨ ᠶᠠᠮᠤᠨ 17 ᠤ ᠡᠳᠦᠷ ᠢᠯᠡᠷᠬᠡᠶᠢᠯᠡᠬᠦ ᠳᠤ ᠪᠠᠨ᠂ ᠭᠠᠳᠠᠭᠠᠳᠤ ᠶᠠᠪᠤᠳᠠᠯ ᠤᠨ ᠶᠠᠮᠤᠨ | ᠵᠢᠴᠢ ᠬᠤᠯᠪᠣᠭᠳᠠᠯ ᠪᠦᠬᠦᠢ ᠡᠯᠴᠢᠨ ᠰᠠᠶᠢᠳ ᠤᠨ ᠶᠠᠮᠤᠨ ᠪᠠ ᠺᠤᠨᠰᠦ᠋ᠯ ᠤᠨ ᠭᠠᠵᠠᠷ ᠶᠠᠭ ᠬᠤᠯᠪᠣᠭᠳᠠᠯ ᠪᠦᠬᠦᠢ | ᠰᠠᠯᠠᠭ᠎ᠠ ᠮᠥᠴᠢᠷ ᠯᠦᠭᠡ ᠬᠠᠮᠲᠤᠷᠠᠵᠤ ᠪᠠᠶᠢᠭᠠᠳ ᠢᠷᠠᠨ ᠪᠠ ᠢᠰᠷᠧᠯ ᠳᠤ ᠪᠠᠶᠢᠭ᠎ᠠ ᠳᠤᠮᠳᠠᠳᠤ ᠤᠯᠤᠰ ᠤᠨ | ᠢᠷᠭᠡᠳ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠤᠮᠳᠠᠳᠤ | ᠤᠯᠤᠰ ᠤᠨ ᠢᠷᠭᠡᠳ ᠢ ᠪᠤᠴᠠᠭᠠᠵᠤ ᠠᠪᠴᠢᠷᠠᠬᠤ ᠠᠵᠢᠯ ᠢ ᠦᠳᠲᠡᠷ ᠲᠦᠷᠭᠡᠨ ᠵᠣᠬᠢᠶᠠᠨ ᠪᠠᠶᠢᠭᠤᠯᠵᠤ ᠪᠣᠢ᠃ | | |