ᠰᠢᠨᠬᠤᠸᠠ ᠬᠤᠷᠢᠶᠠᠨ ᠤ ᠨᠠᠨᠵᠢᠩ ᠤᠨ 6 ᠳ᠋ᠤᠭᠠᠷ ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ | ᠰᠠᠷ᠎ᠠ ᠶᠢᠨ 16 ᠤ ᠡᠳᠦᠷ ᠠᠴᠠ 18 ᠤ ᠡᠳᠦᠷ ᠪᠣᠯᠲᠠᠯ᠎ᠠ ᠵᠢᠶᠠᠩᠰᠤ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ | ᠴᠢᠬᠤᠯᠠᠴᠢᠯᠠᠬᠤ ᠳᠤ ᠪᠠᠨ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠭᠰᠠᠨ ᠬᠥᠭᠵᠢᠯᠲᠡ ᠶᠢ ᠪᠠᠷᠢᠮᠲᠠᠯᠠᠵᠤ᠂ ᠪᠦᠲᠦᠮᠵᠢᠲᠡᠢ ᠬᠡᠷᠡᠭᠴᠡᠭᠡ ᠶᠢ ᠬᠦᠴᠦᠯᠡᠨ ᠥᠷᠭᠡᠳᠬᠡᠵᠦ᠂ | ᠠᠵᠢᠯ ᠬᠢᠵᠦ ᠦᠢᠯᠡᠰ ᠪᠣᠰᠬᠠᠬᠤ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠢ ᠪᠣᠯᠭᠠᠵᠤ᠂ | ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠳᠤ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠴᠢ ᠬᠦᠴᠦᠨ | ᠪᠠ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ ᠶᠢ | ᠠᠬᠢᠭᠤᠯᠬᠤ ᠬᠡᠷᠡᠭᠲᠡᠢ ᠭᠡᠪᠡ᠃ | ᠯᠢ ᠴᠢᠶᠠᠩ ᠰᠢᠦ᠋ᠢᠵᠸᠦ ᠬᠤᠳᠠ᠂ ᠨᠠᠨᠵᠢᠩ ᠬᠤᠳᠠ ᠳᠤ ᠤᠷᠢᠳ ᠬᠤᠵᠢᠳ ᠬᠦᠷᠴᠦ᠂ ᠠᠵᠤ ᠠᠬᠤᠶᠢᠯᠠᠯ᠂ | ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠢᠨᠵᠧᠨᠧᠷᠢᠩ ᠤᠨ ᠲᠤᠬᠠᠢ ᠶᠢᠨ ᠲᠠᠯᠠᠪᠠᠢ᠂ | ᠠᠷᠠᠯᠵᠢᠶᠠᠨ ᠤ ᠬᠠᠮᠲᠤᠷᠠᠯᠴᠠᠭᠠᠨ ᠤ ᠲᠠᠪᠴᠠᠩ ᠵᠡᠷᠭᠡ ᠳᠤ ᠬᠦᠷᠴᠦ᠂ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ | ᠭᠦᠨᠵᠡᠭᠡᠢ ᠣᠶᠢᠯᠠᠭᠠᠪᠠ᠃ ᠵᠢᠶᠠᠩᠰᠤ ᠶᠢᠨ ᠬᠤᠢ ᡁᠢ ᠳᠡᠭᠡᠳᠦ ᠲᠡᠰ ᠤᠨ ᠢᠨᠵᠧᠨᠧᠷᠢᠩ ᠤᠨ ᠮᠠᠰᠢᠨ ᠮᠧᠬᠠᠨᠢᠭ ᠤᠨ | ᠰᠢᠨ᠎ᠡ ᠡᠭᠦᠳᠦᠯᠲᠡ ᠶᠢᠨ ᠲᠥᠪ ᠤᠨ ᠬᠢᠵᠠᠭᠠᠷᠲᠤ ᠺᠣᠮᠫᠠᠨᠢ ᠳᠤ᠂ ᠯᠢ ᠴᠢᠶᠠᠩ ᠲᠤᠷᠰᠢᠯᠲᠠ ᠶᠢᠨ ᠲᠦᠷᠦᠯ ᠵᠦᠢᠯ | ᠵᠡᠷᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠣᠯ ᠰᠡᠯᠪᠢᠭ ᠲᠤᠨᠤᠭ ᠪᠠ ᠦᠢᠯᠡᠳᠬᠦᠨ ᠢ ᠪᠠᠶᠢᠴᠠᠭᠠᠨ | ᠦᠵᠡᠪᠡ᠃ ᠲᠡᠷᠡ ᠵᠢᠭᠠᠵᠤ ᠭᠠᠷᠭᠠᠬᠤ ᠳᠤ ᠪᠠᠨ᠂ ᠢᠨᠵᠧᠨᠧᠷᠢᠩ ᠤᠨ ᠮᠠᠰᠢᠨ ᠮᠧᠬᠠᠨᠢᠭ ᠤᠨ ᠠᠵᠢᠯ ᠲᠦᠷᠦᠯ ᠤᠨ | ᠳᠡᠭᠡᠳᠦ ᠳᠡᠰᠵᠢᠭᠦᠯᠦᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠶᠢᠵᠢᠭᠦᠯᠦᠭᠰᠡᠨ ᠬᠥᠭᠵᠢᠯᠲᠡ ᠪᠣᠯ ᠶᠡᠭᠡ ᠬᠠᠨᠳᠤᠰᠢ | ᠮᠥᠨ᠃ ᠳᠡᠯᠡᠬᠡᠢ ᠶᠢᠨ ᠲᠡᠷᠢᠭᠦᠨ ᠤ ᠲᠦᠪᠰᠢᠨ ᠢᠶᠠᠷ ᠪᠠᠷᠢᠮᠵᠢᠶᠠᠯᠠᠵᠤ᠂ ᠵᠣᠬᠢᠶᠠᠮᠠᠯ ᠤᠶᠤᠨ᠂ ᠴᠡᠪᠡᠷ ᠡᠨᠧᠷᠭᠢ ᠵᠡᠷᠭᠡ | ᠮᠡᠷᠭᠡᠵᠢᠯ ᠢ ᠢᠳᠡᠪᠬᠢᠲᠡᠢ ᠠᠰᠢᠭᠯᠠᠵᠤ᠂ ᠠᠵᠤ ᠦᠢᠯᠡᠰ ᠤᠨ ᠬᠡᠯᠪᠡᠷᠢ ᠶᠢ ᠨᠢ ᠬᠤᠪᠢᠷᠠᠭᠤᠯᠤᠨ ᠲᠡᠰ ᠳᠡᠪᠰᠢᠭᠦᠯᠬᠦ ᠶᠢ | ᠠᠬᠢᠭᠤᠯᠬᠤ ᠬᠡᠷᠡᠭᠲᠡᠢ᠃ ᠠᠵᠢᠯ ᠲᠦᠷᠦᠯ ᠤᠨ ᠡᠬᠢ ᠪᠠᠶᠠᠯᠢᠭ ᠢ ᠨᠢᠭᠲᠠᠷᠠᠭᠤᠯᠵᠤ᠂ ᠲᠣᠮᠣ ᠳᠤᠮᠳᠠ ᠵᠢᠵᠢᠭ ᠠᠵᠤ | ᠠᠬᠤᠶᠢᠯᠠᠯ ᠤᠨ ᠬᠠᠮᠵᠢᠯᠴᠠᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠠᠵᠤ ᠠᠬᠤᠶᠢᠯᠠᠯ ᠤᠨ | ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠬᠦᠴᠦᠨ ᠡᠨᠧᠷᠭᠢ ᠣᠯᠭᠤᠬᠤ ᠶᠢ ᠠᠬᠢᠭᠤᠯᠬᠤ ᠬᠡᠷᠡᠭᠲᠡᠢ | ᠭᠡᠵᠡᠢ᠃ ᠭᠠᠵᠠᠷ ᠤᠨ ᠭᠦᠨ ᠤ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ ᠶᠦᠨ ᠯᠦᠩ ᠬᠤ᠋ ᠨᠠᠭᠤᠷ ᠤᠨ | ᠲᠤᠷᠰᠢᠯᠲᠠ ᠶᠢᠨ ᠲᠠᠰᠤᠭ ᠲᠤ ᠬᠦᠷᠴᠦ᠂ ᠯᠢ ᠴᠢᠶᠠᠩ ᠬᠤᠯᠪᠣᠭᠳᠠᠯ ᠪᠦᠬᠦᠢ ᠮᠡᠷᠭᠡᠵᠢᠯ ᠤᠨ ᠲᠤᠨᠤᠭ | ᠲᠥᠬᠦᠭᠡᠷᠦᠮᠵᠢ ᠶᠢ ᠰᠤᠳᠤᠯᠤᠨ ᠨᠡᠭᠡᠭᠡᠬᠦ ᠠᠬᠢᠴᠠ ᠵᠡᠷᠭᠡ ᠶᠢᠨ ᠲᠠᠨᠢᠯᠴᠠᠭᠤᠯᠭ᠎ᠠ ᠶᠢ ᠰᠣᠨᠣᠰᠤᠭᠠᠳ᠂ | ᠤᠯᠠᠨ ᠢᠶᠠᠷ ᠢᠶᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ | ᠬᠡᠷᠡᠭᠴᠡᠭᠡ ᠶᠢ ᠪᠦᠲᠦᠮᠵᠢᠲᠡᠢ ᠤᠶᠠᠯᠳᠤᠭᠤᠯᠵᠤ᠂ ᠴᠢᠬᠤᠯᠠ ᠶᠡᠭᠡ ᠠᠩᠬᠠᠨ ᠤ ᠰᠢᠨ᠎ᠡ ᠡᠭᠦᠳᠦᠯᠲᠡ ᠪᠠ ᠮᠡᠷᠭᠡᠵᠢᠯ ᠤᠨ | ᠰᠢᠪᠲᠤᠯᠤᠯᠲᠠ ᠶᠢ ᠠᠬᠢᠭᠤᠯᠵᠤ᠂ ᠠᠵᠤ ᠦᠢᠯᠡᠰᠵᠢᠯᠲᠡ ᠪᠠᠷ ᠨᠤᠲᠤᠭᠰᠢᠭᠤᠯᠬᠤ ᠨᠠᠶᠢᠳᠠᠪᠤᠷᠢᠵᠢᠭᠤᠯᠤᠯᠲᠠ ᠪᠠ ᠵᠠᠬ᠎ᠠ | ᠳᠡᠯᠭᠡᠭᠦᠷ ᠤᠨ ᠬᠡᠷᠡᠭᠯᠡᠯᠲᠡ ᠳᠡᠯᠭᠡᠷᠡᠭᠦᠯᠦᠯᠲᠡ ᠶᠢ ᠲᠦᠷᠭᠡᠳᠬᠡᠬᠦ ᠶᠢ ᠬᠦᠰᠡᠪᠡ᠃ ᠨᠠᠨᠵᠢᠩ ᠤᠨ ᠠᠲ᠋ᠣᠮ ᠤᠨ | ᠦᠢᠯᠡᠳᠬᠡᠯ ᠤᠨ ᠰᠤᠳᠤᠯᠭᠠᠨ ᠤ ᠭᠠᠵᠠᠷ ᠲᠤ᠂ ᠯᠢ ᠴᠢᠶᠠᠩ ᠠᠲ᠋ᠣᠮ ᠤᠨ ᠲᠡᠰ ᠤᠨ ᠦᠢᠯᠡᠳᠬᠦ ᠮᠡᠷᠭᠡᠵᠢᠯ ᠤᠨ | ᠬᠥᠭᠵᠢᠯᠲᠡ ᠵᠡᠷᠭᠡ ᠪᠠᠶᠢᠳᠠᠯ ᠤᠳ ᠢ ᠣᠶᠢᠯᠠᠭᠠᠵᠤ᠂ ᠳᠡᠳᠡᠨ ᠢ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢᠶᠠᠨ | ᠲᠣᠭᠲᠠᠭᠠᠵᠤ᠂ ᠪᠠᠷᠠᠯᠠᠯ ᠴᠢᠨᠠᠷᠲᠠᠢ ᠪᠠᠶᠢᠷᠢᠰᠢᠭᠤᠯᠤᠯᠲᠠ ᠪᠠᠨ ᠴᠢᠩᠭᠠᠳᠬᠠᠵᠤ᠂ ᠰᠠᠭᠤᠷᠢ ᠰᠤᠳᠤᠯᠭᠠᠨ ᠢ ᠭᠦᠨᠵᠡᠭᠡᠢ | ᠥᠷᠨᠢᠭᠦᠯᠵᠦ᠂ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠰᠣᠯᠪᠢᠴᠠᠨ ᠠᠭᠤᠰᠤᠯᠴᠠᠭᠤᠯᠬᠤ ᠰᠢᠨ᠎ᠡ ᠡᠭᠦᠳᠦᠯᠲᠡ ᠪᠠ | ᠨᠡᠭᠡᠭᠡᠯᠲᠡᠲᠤ ᠬᠠᠮᠲᠤᠷᠠᠯᠴᠠᠭ᠎ᠠ ᠪᠠᠨ ᠠᠬᠢᠭᠤᠯᠵᠤ᠂ ᠢᠷᠡᠭᠡᠳᠦᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ | ᠠᠵᠤ ᠦᠢᠯᠡᠰ ᠤᠨ ᠬᠥᠭᠵᠢᠯᠲᠡ ᠶᠢᠨ ᠠᠰᠢᠭᠲᠠᠢ ᠪᠠᠶᠢᠷᠢ ᠶᠢ ᠡᠵᠡᠯᠡᠬᠦ ᠬᠡᠷᠡᠭᠲᠡᠢ ᠭᠡᠵᠦ ᠵᠣᠷᠢᠭᠵᠢᠭᠤᠯᠪᠠ᠃ | ᠯᠢ ᠴᠢᠶᠠᠩ ᠨᠠᠨᠵᠢᠩ ᠬᠤᠶᠢᠲᠤ ᠦᠷᠳᠡᠭᠡ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ | ᠲᠥᠯᠦᠪᠵᠢᠭᠦᠯᠭᠡ ᠵᠢᠷᠤᠭᠯᠠᠯ᠂ ᠪᠠᠷᠢᠯᠭ᠎ᠠ ᠶᠢᠨ ᠠᠵᠢᠯ ᠤᠨ ᠠᠬᠢᠴᠠ ᠶᠢ ᠣᠶᠢᠯᠠᠭᠠᠵᠤ᠂ ᠪᠠᠶᠢᠭᠤᠯᠵᠤ ᠪᠠᠶᠢᠭ᠎ᠠ | ᠪᠠᠷᠢᠯᠭ᠎ᠠ ᠶᠢᠨ ᠭᠠᠵᠠᠷ ᠢ ᠪᠠᠷᠠᠯᠠᠵᠤ᠂ ᠲᠦᠷᠦᠯ ᠵᠦᠢᠯ ᠤᠨ ᠬᠠᠷᠢᠭᠤᠴᠠᠯᠭᠠᠲᠠᠨ ᠨᠠᠷ ᠲᠠᠢ ᠶᠠᠷᠢᠯᠴᠠᠵᠤ᠂ ᠥᠨᠳᠥᠷ | ᠪᠠᠷᠢᠮᠵᠢᠶ᠎ᠠ ᠪᠠᠷ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠮᠠᠲ᠋ᠧᠷᠢᠶᠠᠯ᠂ ᠰᠢᠨ᠎ᠡ | ᠮᠡᠷᠭᠡᠵᠢᠯ ᠤᠨ ᠬᠡᠷᠡᠭᠯᠡᠯᠲᠡ ᠶᠢ ᠢᠳᠡᠪᠬᠢᠲᠡᠢ ᠰᠦᠪᠡᠭᠴᠢᠯᠡᠵᠦ᠂ ᠢᠵᠢ ᠪᠦᠷᠢᠳᠦᠭᠰᠡᠨ ᠪᠡᠯᠡᠳᠬᠡᠮᠵᠢ ᠪᠠ ᠠᠵᠤ | ᠦᠢᠯᠡᠰ ᠤᠨ ᠪᠠᠶᠢᠷᠢᠰᠢᠭᠤᠯᠤᠯᠲᠠ ᠶᠢ ᠰᠠᠶᠢᠲᠤᠷ ᠲᠥᠯᠥᠪᠯᠡᠵᠦ᠂ ᠲᠦᠷᠦᠯ ᠵᠦᠢᠯ ᠤᠨ ᠨᠥᠯᠥᠭᠡᠯᠡᠨ ᠳᠠᠶᠢᠴᠢᠯᠠᠬᠤ | ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ ᠲᠡᠷᠡ ᠴᠢᠬᠤᠯᠠᠴᠢᠯᠠᠬᠤ ᠳᠤ ᠪᠠᠨ᠂ ᠶᠠᠰᠤ | ᠴᠢᠨᠠᠷ ᠨᠢ ᠶᠠᠭᠤᠨ ᠠᠴᠠ ᠴᠤ ᠴᠢᠬᠤᠯᠠ ᠶᠤᠮ᠂ ᠵᠠᠭᠤᠨ ᠵᠢᠯ ᠤᠨ ᠶᠡᠭᠡ ᠪᠣᠳᠣᠯᠭ᠎ᠠ ᠶᠢᠨ ᠱᠠᠭᠠᠷᠳᠠᠯᠭ᠎ᠠ ᠪᠠᠷ | ᠭᠤᠭᠴᠤᠭ᠎ᠠ ᠨᠢᠭᠡ ᠪᠦᠷᠢ ᠶᠢ ᠰᠠᠶᠢᠲᠤᠷ ᠡᠵᠡᠮᠳᠡᠵᠦ᠂ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ | ᠭᠡᠵᠡᠢ᠃ ᠪᠥᠸᠧ ᠰᠢ ᠭᠡᠷ ᠤᠨ ᠴᠠᠬᠢᠯᠭᠠᠨ ᠬᠡᠷᠡᠭᠰᠡᠯ ︵ᠳᠤᠮᠳᠠᠳᠤ ᠤᠯᠤᠰ︶ ᠤᠨ ᠪᠡᠯᠡ ᠣᠷᠣᠭᠤᠯᠤᠯᠲᠠ ᠶᠢᠨ | ᠬᠢᠵᠠᠭᠠᠷᠲᠤ ᠺᠣᠮᠫᠠᠨᠢ ᠳᠤ ᠬᠦᠷᠴᠦ᠂ ᠯᠢ ᠴᠢᠶᠠᠩ ᠠᠵᠤ ᠠᠬᠤᠶᠢᠯᠠᠯ ᠤᠨ ᠮᠡᠷᠭᠡᠵᠢᠯ ᠤᠨ ᠰᠤᠳᠤᠯᠤᠨ ᠨᠡᠭᠡᠭᠡᠯᠲᠡ ᠪᠠ | ᠵᠠᠬ᠎ᠠ ᠳᠡᠯᠭᠡᠭᠦᠷ ᠤᠨ ᠥᠷᠭᠡᠳᠬᠡᠯ ᠵᠡᠷᠭᠡ ᠪᠠᠶᠢᠳᠠᠯ ᠤᠳ ᠢ ᠣᠶᠢᠯᠠᠭᠠᠵᠤ᠂ ᠬᠡᠷᠡᠭᠯᠡᠭᠡ ᠶᠢᠨ ᠵᠦᠢᠯ ᠤᠨ ︽ | ᠬᠠᠭᠤᠴᠢᠨ ᠢᠶᠠᠷ ᠰᠢᠨ᠎ᠡ ᠶᠢ ᠰᠣᠯᠢᠬᠤ︾ ᠦᠷ᠎ᠡ ᠪᠦᠲᠦᠮᠵᠢ ᠶᠢ ᠨᠢᠮᠪᠠᠢ ᠠᠰᠠᠭᠤᠨ ᠯᠠᠪᠯᠠᠵᠤ᠂ ᠲᠡᠳᠡᠨ ᠢ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ᠂ ᠬᠡᠷᠡᠭᠯᠡᠭᠴᠢᠳ ᠤᠨ ᠰᠢᠨ᠎ᠡ ᠬᠡᠷᠡᠭᠴᠡᠭᠡᠨ ᠤ | ᠲᠣᠭᠤᠷᠢᠨ ᠳᠤ ᠨᠠᠩ ᠣᠯᠠᠨ ᠴᠢᠨᠠᠷ ᠰᠠᠶᠢᠲᠠᠢ ᠦᠢᠯᠡᠳᠬᠦᠨ ᠪᠠ ᠦᠢᠯᠡᠴᠢᠯᠡᠭᠡ ᠶᠢ ᠨᠡᠭᠡᠭᠡᠨ ᠬᠥᠭᠵᠢᠭᠦᠯᠵᠦ᠂ | ᠬᠡᠷᠡᠭᠯᠡᠭᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠬᠤ ᠶᠢ ᠬᠦᠰᠡᠪᠡ᠃ ᠲᠡᠷᠡ᠂ ᠳᠤᠮᠳᠠᠳᠤ | ᠤᠯᠤᠰ ᠲᠤ ᠬᠡᠪᠴᠢᠶ᠎ᠡ ᠪᠠᠷ ᠯᠤᠲᠤ ᠶᠡᠭᠡ᠂ ᠲᠠᠰᠤᠷᠠᠯᠲᠠ ᠦᠭᠡᠢ ᠦᠰᠦᠨ ᠪᠤᠶᠢᠵᠢᠵᠤ ᠪᠠᠶᠢᠭ᠎ᠠ ᠵᠠᠬ᠎ᠠ ᠳᠡᠯᠭᠡᠭᠦᠷ | ᠪᠣᠢ᠂ ᠡᠯ᠎ᠡ ᠤᠯᠤᠰ ᠤᠨ ᠠᠵᠤ ᠠᠬᠤᠶᠢᠯᠠᠯ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠤᠨ ᠦᠢᠯᠡᠰ | ᠪᠣᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠪᠢᠳᠡ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠦᠢᠯᠡᠴᠢᠯᠡᠭᠡᠨ ᠤ | ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠤᠯᠤᠰ ᠲᠤ ᠭᠠᠳᠠᠭᠠᠳᠤ ᠪᠡᠯᠡ ᠶᠢᠨ ᠠᠵᠤ | ᠠᠬᠤᠶᠢᠯᠠᠯ ᠤᠨ ᠭᠦᠨᠵᠡᠭᠡᠶᠢᠷᠡᠨ ᠬᠥᠭᠵᠢᠬᠦ ᠰᠠᠶᠢᠨ ᠰᠠᠶᠢᠬᠠᠨ ᠣᠷᠴᠢᠨ ᠨᠥᠬᠦᠴᠡᠯ ᠢ ᠡᠭᠦᠳᠦᠶ᠎ᠡ ᠭᠡᠵᠦ ᠬᠡᠯᠡᠪᠡ᠃ | ᠵᠢᠶᠠᠩᠰᠤ ᠳᠠᠬᠢ ᠳᠤᠮᠳᠠ ᠠᠽᠢᠶ᠎ᠠ ᠶᠢᠨ ᠲᠥᠪ ᠲᠤ ᠬᠦᠷᠴᠦ᠂ ᠯᠢ ᠴᠢᠶᠠᠩ ᠲᠠᠪᠴᠠᠩ ᠤᠨ ᠠᠵᠢᠯᠯᠠᠭᠠᠨ ᠤ | ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠦ᠂ ᠳᠤᠮᠳᠠᠳᠤ | ᠤᠯᠤᠰ ᠪᠠ ᠳᠤᠮᠳᠠ ᠠᠽᠢᠶ᠎ᠠ ᠶᠢᠨ ᠤᠯᠤᠰ ᠤᠳ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠪᠠᠶᠢᠳᠠᠯ ᠢ | ᠨᠢᠮᠪᠠᠢ ᠯᠠᠪᠯᠠᠨ ᠠᠰᠠᠭᠤᠪᠠ᠃ ᠲᠡᠷᠡ ᠴᠢᠬᠤᠯᠠᠴᠢᠯᠠᠬᠤ ᠳᠤ ᠪᠠᠨ᠂ ᠨᠡᠭᠡᠭᠡᠯᠲᠡ ᠬᠢᠵᠦ ᠬᠠᠮᠲᠤᠷᠠᠯᠴᠠᠪᠠᠯ ᠰᠠᠶ᠋ᠢ | ᠬᠠᠮᠲᠤ ᠪᠠᠷ ᠠᠰᠢᠭ ᠬᠦᠷᠲᠡᠵᠦ ᠬᠥᠭᠵᠢᠵᠦ ᠴᠢᠳᠠᠨ᠎ᠠ᠃ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ᠂ | ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ ᠵᠡᠷᠭᠡ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠠᠵᠤ | ᠠᠬᠤᠢ ᠠᠷᠠᠯᠵᠢᠶᠠᠨ ᠤ ᠶᠠᠪᠤᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ︽ | ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠬᠠᠷᠢᠯᠴᠠᠨ ᠠᠰᠢᠭᠲᠠᠢ | ᠪᠠᠶᠢᠬᠤ ᠶᠢ ᠠᠬᠢᠭᠤᠯᠬᠤ ᠬᠡᠷᠡᠭᠲᠡᠢ ᠭᠡᠵᠡᠢ᠃ | ᠯᠢ ᠴᠢᠶᠠᠩ ᠵᠢᠭᠠᠵᠤ ᠭᠠᠷᠭᠠᠬᠤ ᠳᠤ ᠪᠠᠨ᠂ ᠵᠢᠶᠠᠩᠰᠤ ᠶᠢᠨ ᠠᠵᠤ ᠠᠬᠤᠢ ᠶᠢᠨ ᠰᠠᠭᠤᠷᠢ ᠰᠠᠶᠢᠨ ᠪᠥᠭᠡᠳ | ᠪᠣᠳᠠᠲᠤ ᠬᠦᠴᠦᠨ ᠴᠢᠩᠭ᠎ᠠ ᠪᠠᠶᠢᠬᠤ ᠪᠣᠯᠬᠤᠷ ᠨᠡᠩ ᠥᠨᠳᠥᠷ ᠬᠥᠭᠵᠢᠯᠲᠡ ᠶᠢᠨ ᠱᠠᠭᠠᠷᠳᠠᠯᠭ᠎ᠠ ᠲᠠᠢ ᠶᠤᠮ᠃ | ᠵᠢᠶᠠᠩᠰᠤ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠬᠥᠭᠵᠢᠯᠲᠡ ᠶᠢ ᠰᠤᠯᠠᠷᠠᠭᠤᠯᠤᠯ ᠦᠭᠡᠢ ᠠᠳᠬᠤᠵᠤ᠂ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠯᠠᠪᠳᠠᠭᠤᠨ ᠪᠠᠲᠤᠲᠠᠢ ᠲᠡᠮᠡᠴᠡᠵᠦ᠂ ᠠᠵᠤ ᠠᠬᠤᠢ ᠶᠢᠨ | ᠬᠥᠭᠵᠢᠯᠲᠡ ᠪᠠᠷ ᠲᠣᠮᠣ ᠮᠤᠵᠢ ᠶᠢᠨ ᠭᠤᠣᠯ ᠲᠤᠯᠭᠠᠭᠤᠷᠢ ᠪᠣᠯᠬᠤ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠵᠤ᠂ | ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ | ᠭᠡᠵᠡᠢ᠃ | ᠦ᠋ ᠵᠧᠩ ᠯᠦᠩ ᠪᠠᠶᠢᠴᠠᠭᠠᠨ ᠰᠤᠳᠤᠯᠤᠯᠲᠠ ᠳᠤ ᠪᠠᠷ᠎ᠠ ᠪᠣᠯᠪᠠ᠃ | |