6 ᠰᠠᠷ᠎ᠠ ᠶᠢᠨ 14 ᠤ ᠡᠳᠦᠷ᠂ 2025 ᠣᠨ ᠤ ︽ᠵᠠᠭᠤᠨ ᠬᠤᠳᠠ ᠮᠢᠩᠭᠠᠨ ᠰᠤᠷᠭᠠᠭᠤᠯᠢ ᠲᠦᠮᠡᠨ | ᠠᠵᠤ ᠠᠬᠤᠶᠢᠯᠠᠯ︾ ᠠᠵᠢᠯ ᠣᠯᠭᠤᠯᠲᠠ ᠶᠢ ᠠᠬᠢᠭᠤᠯᠬᠤ ᠰᠢᠷᠢᠰ ᠠᠵᠢᠯᠯᠠᠭ᠎ᠠ ᠥᠪᠥᠷ ᠮᠣᠩᠭᠤᠯ ᠤᠨ ᠠᠵᠤ | ᠦᠢᠯᠡᠳᠪᠦᠷᠢ ᠶᠢᠨ ᠶᠡᠭᠡ ᠰᠤᠷᠭᠠᠭᠤᠯᠢ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ | ᠬᠦᠦᠳᠠᠭᠤᠯᠠ᠂ ᠠᠨ ᠷᠦᠨ ᠱᠧᠩ ᠣᠷᠣᠯᠴᠠᠵᠠᠢ᠃ | ᠠᠵᠢᠯᠯᠠᠭ᠎ᠠ ᠳᠤ ᠶᠡᠷᠦᠩᠬᠡᠢ ᠱᠦᠵᠢ ᠰᠢ ᠶᠢᠨ ᠫᠢᠩ ᠤᠨ ᠠᠵᠢᠯ ᠣᠯᠭᠤᠯᠲᠠ ᠶᠢᠨ ᠠᠵᠢᠯ ᠤᠨ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ | ᠤᠷᠢᠳ ᠢᠶᠠᠷ ᠪᠣᠳᠣᠯᠬᠢᠯᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠢ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ | ᠯᠠᠪᠳᠠᠭᠤᠨ ᠪᠠᠲᠤᠲᠠᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠭᠦᠢᠴᠡᠳ | ᠠᠵᠢᠯ ᠣᠯᠭᠤᠯᠲᠠ ᠶᠢ ᠳᠡᠮᠵᠢᠬᠦ ᠪᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠣᠭᠤᠷᠢᠨ ᠳᠤ᠂ ᠠᠵᠢᠯᠲᠠᠨ ᠬᠡᠷᠡᠭᠯᠡᠬᠦ ᠬᠡᠷᠡᠭᠴᠡᠭᠡ ᠪᠣᠯᠣᠨ ᠠᠵᠢᠯ ᠡᠷᠢᠬᠦ ᠬᠦᠰᠡᠯ | ᠡᠷᠡᠮᠡᠯᠵᠡᠯ ᠢ ᠵᠣᠯᠭᠠᠭᠤᠯᠬᠤ ᠲᠠᠪᠴᠠᠩ ᠢ ᠰᠢᠯᠢᠳᠡᠭᠵᠢᠭᠦᠯᠵᠦ᠂ ᠤᠨᠤᠪᠴᠢᠳᠠᠢ ᠵᠣᠬᠢᠴᠠᠭᠤᠯᠤᠨ ᠵᠣᠯᠭᠠᠭᠤᠯᠬᠤ ᠶᠢ | ᠪᠡᠶᠡᠯᠡᠭᠦᠯᠪᠡ᠃ | ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠰᠤᠷᠭᠠᠨ | ᠬᠥᠮᠦᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ ᠠᠵᠢᠯᠴᠢᠨ ᠤ ᠶᠡᠷᠦᠩᠬᠡᠢ ᠡᠪᠯᠡᠯ | ᠬᠠᠮᠲᠤ ᠪᠠᠷ ᠡᠷᠭᠢᠯᠡᠪᠡ᠃ ᠡᠭᠢᠯᠡᠯᠲᠡ ᠶᠢᠨ ᠶᠣᠰᠣᠯᠠᠯ ᠳᠡᠭᠡᠷ᠎ᠡ᠂ 800 ᠭᠠᠷᠤᠢ ᠠᠵᠤ ᠠᠬᠤᠶᠢᠯᠠᠯ ᠰᠦᠯᠵᠢᠶᠡᠨ | ᠳᠡᠭᠡᠷ᠎ᠡ ᠪᠠ ᠠᠬᠤᠢ ᠲᠠᠯᠠᠪᠠᠢ ᠳᠤ ᠠᠵᠢᠯᠲᠠᠨ ᠡᠯᠰᠡᠵᠦ᠂ 2 ᠲᠦᠮᠡ ᠭᠠᠷᠤᠢ ᠠᠵᠢᠯ ᠤᠨ ᠪᠠᠶᠢᠷᠢ ᠬᠠᠩᠭᠠᠵᠤ᠂ | ᠤᠯᠠᠭᠠᠨᠬᠠᠳᠠ ᠬᠤᠲᠠ ᠠᠵᠢᠯᠲᠠᠨ ᠡᠯᠰᠡᠬᠦ ᠲᠤᠰᠬᠠᠢ ᠴᠤᠭᠯᠠᠭᠠᠨ ᠢ ᠵᠡᠷᠭᠡ ᠪᠠᠷ ᠡᠷᠭᠢᠯᠡᠪᠡ᠃ |