ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠢ ᠶᠠᠭ ᠥᠷᠨᠢᠭᠦᠯᠵᠦ ᠪᠣᠢ᠂ ᠪᠦᠬᠦ ᠨᠠᠮ ᠢᠶᠠᠷ ᠢᠶᠠᠨ ᠲᠣᠭᠲᠠᠭᠠᠯ ᠠᠴᠠ ᠵᠥᠷᠢᠴᠡᠨ ᠢᠳᠡᠵᠦ | ᠤᠤᠭᠤᠬᠤ ᠠᠰᠠᠭᠤᠳᠠᠯ ᠳᠤ ᠴᠢᠭᠯᠡᠭᠦᠯᠦᠨ ᠴᠤᠬᠤᠶᠢᠪᠠᠯ ᠴᠣᠬᠢᠯᠲᠠ ᠥᠭᠴᠦ᠂ ᠴᠢᠩᠭ᠎ᠠ ᠪᠠᠶᠢᠴᠠᠭᠠᠨ | ᠰᠢᠢᠳᠪᠦᠷᠢᠯᠡᠬᠦ ᠶᠢ ᠪᠠᠷᠢᠮᠲᠠᠯᠠᠪᠠ᠃ ᠭᠡᠪᠡᠴᠦ ᠣᠨᠴᠠ ᠵᠠᠷᠢᠮ ᠨᠠᠮ ᠤᠨ ᠭᠡᠰᠢᠭᠦᠨ ᠺᠠᠳ᠋ᠷ ᠰᠤᠷᠤᠯᠴᠠᠯᠭ᠎ᠠ ᠬᠥᠮᠦᠵᠢᠯ ᠤᠨ | ᠬᠤᠭᠤᠴᠠᠭᠠᠨ ᠳᠤ ᠪᠠᠨ ᠲᠣᠭᠲᠠᠭᠠᠯ ᠠᠴᠠ ᠵᠥᠷᠢᠴᠡᠨ ᠬᠠᠮᠲᠤ ᠬᠤᠭᠤᠯᠠᠯᠠᠵᠤ ᠠᠷᠢᠬᠢᠳᠠᠭᠰᠠᠨ ᠨᠢ ︽ᠳᠥᠷᠪᠡᠨ | ᠰᠤᠷᠲᠠᠯ︾ ᠤᠨ ᠠᠰᠠᠭᠤᠳᠠᠯ ᠳᠤ ᠮᠤᠵᠢᠭᠤᠳᠠ ᠴᠢᠨᠠᠷ ᠪᠠ ᠳᠠᠪᠲᠠᠭᠳᠠᠯ ᠴᠢᠨᠠᠷ ᠪᠠᠶᠢᠬᠤ ᠶᠢ ᠬᠠᠷᠠᠭᠤᠯᠵᠤ ᠪᠠᠶᠢᠭ᠎ᠠ | ᠪᠥᠭᠡᠳ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢᠨ ︽ᠵᠢᠵᠢᠭ ᠰᠠᠵᠢᠭ ᠶᠠᠪᠤᠳᠠᠯ ᠤᠨ ᠣᠨᠣᠯ︾ ︽ | ᠬᠥᠭᠵᠢᠯᠲᠡ ᠶᠢ ᠨᠥᠯᠥᠭᠡᠯᠡᠬᠦ ᠣᠨᠣᠯ︾ ︽ᠠᠵᠢᠯ ᠲᠥᠷᠥᠯ ᠤᠨ ᠣᠨᠴᠠᠭᠠᠶ ᠪᠠᠶᠢᠳᠠᠯ ᠤᠨ ᠣᠨᠣᠯ︾ ᠵᠡᠷᠭᠡ ᠪᠤᠷᠤᠭᠤ | ᠦᠵᠡᠯ ᠰᠠᠨᠠᠭ᠎ᠠ ᠨᠢ ᠵᠠᠷᠢᠮ ᠬᠥᠮᠥᠰ ᠤᠨ ᠰᠡᠳᠬᠢᠯ ᠳᠤ ᠮᠥᠨ ᠬᠦ ᠭᠦᠨ ᠦᠨᠳᠦᠰᠦᠯᠡᠭᠰᠡᠨ ᠢ ᠣᠯᠵᠤ ᠬᠠᠷᠠᠨ᠎ᠠ᠃ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠨᠢ ᠨᠢᠭᠤᠷ ᠲᠠᠯ᠎ᠠ ᠶᠢ ᠨᠥᠯᠥᠭᠡᠯᠡᠳᠡᠭ ᠦᠭᠡᠢ ᠵᠢᠵᠢᠭ | ᠰᠠᠵᠢᠭ ᠶᠠᠪᠤᠳᠠᠯ ᠪᠢᠰᠢ᠂ ᠬᠠᠷᠢᠨ ᠨᠠᠮ ᠤᠨ ᠰᠤᠷᠲᠠᠯ ᠵᠠᠰᠠᠭ ᠤᠨ ᠰᠤᠷᠲᠠᠯ᠂ ᠬᠥᠮᠥᠰ ᠤᠨ ᠰᠡᠳᠬᠢᠯ ᠤᠨ | ᠬᠠᠨᠳᠤᠰᠢ ᠳᠤ ᠬᠤᠯᠪᠣᠭᠳᠠᠭᠰᠠᠨ ᠲᠣᠮᠣ ᠶᠠᠪᠤᠳᠠᠯ ᠮᠥᠨ᠃ ᠦᠡᠭᠭᠡᠨ ᠲᠠᠯ᠎ᠠ ᠠᠴᠠ ᠨᠢ ᠦᠵᠡᠬᠦ ᠳᠤ ᠨᠢᠭᠡ ᠴᠠᠭ ᠤᠨ | ᠬᠤᠭᠤᠯᠠ᠂ ᠨᠢᠭᠡ ᠤᠳᠠᠭᠠᠨ ᠤ ᠠᠷᠢᠬᠢᠳᠠᠯ ᠭᠡᠳᠡᠭ ᠪᠣᠯᠪᠠᠴᠤ ᠮᠥᠨ ᠴᠢᠨᠠᠷ ᠳᠡᠭᠡᠷ᠎ᠡ ᠪᠠᠨ ᠱᠠᠮᠰᠢᠵᠤ ᠢᠯᠵᠢᠷᠡᠬᠦ | ᠠᠰᠠᠭᠤᠳᠠᠯ ᠤᠨ ᠰᠢᠵᠢᠮ ᠮᠥᠨ᠂ ᠦᠡᠭᠭᠡᠨ ᠲᠠᠯ᠎ᠠ ᠠᠴᠠ ᠨᠢ ᠦᠵᠡᠬᠦ ᠳᠤ ᠪᠠᠭᠠᠯᠵᠠᠭᠤᠷ ᠢᠶᠠᠨ ᠪᠠᠷᠢᠵᠤ ᠴᠢᠳᠠᠭᠰᠠᠨ | ᠦᠭᠡᠢ ᠰᠢᠭ ᠪᠣᠯᠪᠠᠴᠤ ᠮᠥᠨ ᠴᠢᠨᠠᠷ ᠳᠡᠭᠡᠷ᠎ᠡ ᠪᠠᠨ ᠰᠡᠳᠬᠢᠯ ᠢᠶᠠᠨ ᠪᠠᠲᠤ ᠰᠠᠬᠢᠭᠰᠠᠨ ᠦᠭᠡᠢ ᠶᠠᠪᠤᠳᠠᠯ ᠶᠤᠮ᠃ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠨᠢ ᠬᠥᠭᠵᠢᠯᠲᠡ ᠶᠢ ᠠᠬᠢᠭᠤᠯᠬᠤ ᠶᠢᠨ ᠲᠦᠷᠭᠡᠳᠬᠡᠭᠦᠷ ᠡᠳ᠋ | ᠪᠢᠰᠢ᠂ ᠬᠠᠷᠢᠨ ᠡᠷᠬᠡ ᠪᠠᠨ ᠲᠦᠷᠢᠶᠡᠰᠦᠯᠡᠬᠦ ᠪᠠ ᠠᠰᠢᠭ ᠲᠤᠰᠠ ᠰᠣᠯᠢᠯᠴᠠᠬᠤ ᠶᠢᠨ ᠬᠦᠯᠡᠮᠵᠢ ᠪᠣᠯᠵᠤ ᠮᠡᠳᠡᠨ᠎ᠡ᠂ | ᠨᠡᠩ ᠣᠷᠳᠣ ᠬᠤᠭᠤᠴᠠᠭᠠᠨ ᠤ ᠲᠤᠷᠰᠢᠲᠠ ᠠᠵᠢᠭᠯᠠᠭᠠᠳ ᠦᠵᠡᠬᠦ ᠳᠤ ᠬᠡᠪ ᠤᠨ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠡᠪᠳᠡᠵᠦ᠂ ᠡᠴᠦᠰ ᠲᠤ ᠪᠠᠨ ᠡᠬᠢ ᠪᠠᠶᠠᠯᠢᠭ ᠢ ᠪᠤᠷᠤᠭᠤ ᠲᠣᠬᠢᠷᠠᠭᠤᠯᠵᠤ᠂ ᠠᠵᠤ ᠠᠬᠤᠢ ᠶᠢᠨ | ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠪᠠᠭᠤᠷᠠᠭᠤᠯᠬᠤ ᠪᠣᠯᠣᠨ᠎ᠠ᠃ ᠪᠢᠳᠡᠨ ᠤ ᠱᠠᠭᠠᠷᠳᠠᠵᠤ | ᠪᠠᠶᠢᠭ᠎ᠠ ᠨᠢ ᠴᠢᠨᠠᠷ ᠰᠠᠶᠢᠲᠠᠢ ᠬᠥᠭᠵᠢᠯᠲᠡ ᠪᠣᠯᠬᠤ ᠠᠴᠠ ᠪᠢᠰᠢ᠂ ᠶᠡᠭᠡ ᠪᠠᠷ ᠢᠳᠡᠵᠦ ᠤᠤᠭᠤᠬᠤ ᠪᠠᠷ ᠪᠠᠲᠤᠯᠠᠳᠠᠭ | ᠬᠤᠳᠠᠯ ᠬᠠᠭᠤᠷᠮᠠᠭ ᠬᠥᠭᠵᠢᠯ ᠴᠡᠴᠡᠭᠯᠡᠯ ᠤᠭᠳᠤ ᠪᠢᠰᠢ ᠶᠤᠮ᠃ ᠲᠣᠭᠲᠠᠭᠠᠯ ᠠᠴᠠ ᠵᠥᠷᠢᠴᠡᠨ ᠢᠳᠡᠵᠦ | ᠤᠤᠭᠤᠬᠤ ᠨᠢ ᠰᠠᠬᠢᠯᠭ᠎ᠠ ᠪᠠᠲᠤ ᠶᠢᠨ ᠬᠦᠯᠢᠶᠡᠰᠦ ᠰᠤᠯᠠᠷᠠᠭᠰᠠᠨ ᠤ ᠰᠢᠯᠲᠠᠭ ᠪᠢᠰᠢ᠂ ᠨᠠᠮ ᠤᠨ ᠰᠠᠬᠢᠯᠭ᠎ᠠ ᠪᠠᠲᠤ | ᠤᠯᠤᠰ ᠤᠨ ᠬᠠᠤᠯᠢ ᠪᠠ ᠡᠯ᠎ᠡ ᠵᠦᠢᠯ ᠤᠨ ᠳᠦᠷᠢᠮ ᠲᠣᠭᠲᠠᠭᠠᠯ ᠤᠨ ᠡᠮᠦᠨ᠎ᠡ᠂ ︽ᠣᠨᠴᠠᠭᠠᠶ︾᠂ ︽ | ᠴᠡᠭᠡᠷᠯᠡᠯ ᠠᠴᠠ ᠭᠠᠳᠠᠭᠤᠷ︾ ᠠᠵᠢᠯ ᠲᠥᠷᠥᠯ ᠭᠡᠵᠦ ᠪᠠᠶᠢᠳᠠᠭ ᠦᠭᠡᠢ᠂ ᠲᠣᠭᠲᠠᠭᠠᠯ ᠠᠴᠠ ᠵᠥᠷᠢᠴᠡᠨ ᠢᠳᠡᠵᠦ | ᠤᠤᠭᠤᠬᠤ ᠪᠠᠨ ︽ᠠᠵᠢᠯ ᠤᠨ ᠬᠡᠷᠡᠭᠴᠡᠭᠡ︾ ᠪᠠᠷ ᠬᠠᠯᠬᠠᠯᠠᠵᠤ ᠪᠣᠯᠬᠤ ᠦᠭᠡᠢ᠃ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠨᠢ ᠬᠡᠰᠡᠭ ᠵᠠᠭᠤᠷ᠎ᠠ ᠶᠢᠨ | ᠶᠠᠪᠤᠳᠠᠯ ᠪᠢᠰᠢ᠃ ᠵᠠᠷᠢᠮ ᠮᠠᠭᠤ ᠰᠤᠷᠲᠠᠯ ᠨᠢ ᠶᠠᠭ ᠭᠤᠭᠤᠳ ᠬᠠᠳᠤᠬᠤ ᠰᠢᠭ᠋᠂ ᠬᠠᠳᠤᠵᠤ ᠯᠠ ᠪᠠᠶᠢᠨ᠎ᠠ ᠤᠷᠭᠤᠵᠤ | ᠯᠠ ᠪᠠᠶᠢᠨ᠎ᠠ᠂ ᠡᠭᠦᠨ ᠤ ᠵᠠᠩᠭᠢᠯᠠᠭ᠎ᠠ ᠨᠢ ᠰᠤᠷᠲᠠᠯ ᠤᠨ ᠠᠰᠠᠭᠤᠳᠠᠯ ᠤᠨ ᠮᠤᠵᠢᠭᠤᠳᠠ ᠴᠢᠨᠠᠷ ᠪᠠ ᠳᠠᠪᠲᠠᠭᠳᠠᠯ | ᠴᠢᠨᠠᠷ ᠢ ᠭᠦᠢᠴᠡᠳ ᠪᠣᠳᠣᠯᠬᠢᠯᠠᠭᠰᠠᠨ ᠦᠭᠡᠢ ᠳᠤ ᠪᠣᠢ᠃ ᠣᠨᠴᠠ ᠵᠠᠷᠢᠮ ᠨᠠᠮ ᠤᠨ ᠭᠡᠰᠢᠭᠦᠨ ᠺᠠᠳ᠋ᠷ ᠭᠤᠷᠢᠳᠠᠬᠤ | ᠪᠣᠳᠣᠯ ᠡᠪᠦᠷᠯᠡᠨ᠂ ᠲᠦᠷ ᠬᠦᠯᠢᠶᠡᠵᠦ ᠪᠠᠶᠢᠭᠠᠳ ᠥᠩᠭᠡᠷᠡᠵᠦ ᠭᠠᠷᠪᠠᠯ ᠪᠣᠯᠴᠢᠬᠠᠨ᠎ᠠ ᠭᠡᠵᠦ ᠪᠣᠳᠣᠳᠠᠭ᠃ ᠡᠨᠡ ᠪᠣᠯ | ᠨᠠᠮ ᠤᠨ ᠲᠥᠪ ᠬᠤᠷᠢᠶᠠᠨ ᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠬᠤ ᠡᠷᠡᠰ ᠪᠠᠲᠤ ᠵᠣᠷᠢᠭ | ᠰᠠᠨᠠᠭ᠎ᠠ ᠶᠢ ᠲᠣᠳᠣᠷᠬᠠᠢ ᠲᠠᠨᠢᠭᠰᠠᠨ ᠦᠭᠡᠢ ᠳᠤ ᠪᠠᠶᠢᠨ᠎ᠠ᠃ | ᠲᠥᠪ ᠤᠨ ᠨᠠᠢᠮᠠᠨ ᠵᠤᠷᠪᠤᠰ ᠲᠣᠭᠲᠠᠭᠠᠯ ᠪᠣᠯ ᠤᠷᠳᠤ ᠬᠤᠭᠤᠴᠠᠭ᠎ᠠ ᠪᠠᠷ ᠬᠦᠴᠦᠨ ᠲᠠᠢ ᠲᠡᠮᠦᠷ ᠮᠡᠲᠦ | ᠬᠠᠲᠠᠭᠤ ᠳᠦᠷᠢᠮ ᠲᠣᠭᠲᠠᠭᠠᠯ ᠮᠥᠨ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ | ᠵᠠᠰᠠᠬᠤ ᠳᠤ ᠪᠠᠶᠢᠩᠭᠤ ᠬᠠᠮᠢᠶᠠᠷᠬᠤ ᠬᠠᠳᠠᠨ ᠵᠣᠷᠢᠭ᠂ ᠴᠢᠩᠭ᠎ᠠ ᠠᠳᠬᠤᠬᠤ ᠲᠡᠰᠪᠦᠷᠢ ᠲᠡᠪᠴᠢᠶᠡᠷᠢ ᠪᠠᠶᠢᠬᠤ ᠬᠡᠷᠡᠭᠲᠡᠢ | ᠮᠥᠷᠲᠡᠭᠡᠨ ᠠᠯᠤᠰ ᠢ ᠪᠣᠳᠣᠨ᠂ ᠰᠠᠭᠤᠷᠢ ᠶᠢ ᠪᠠᠬᠢᠵᠢᠭᠦᠯᠦᠭᠰᠡᠨ ᠳᠦᠷᠢᠮ ᠪᠠᠶᠢᠬᠤ ᠬᠡᠷᠡᠭᠲᠡᠢ᠃ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠭᠡᠰᠢᠭᠦᠨ ᠺᠠᠳ᠋ᠷᠴᠤᠳ ᠢ ᠦᠨᠡᠨ ᠬᠦ ᠬᠥᠮᠥᠵᠢᠭᠦᠯᠦᠨ ᠵᠢᠯᠤᠭᠤᠳᠴᠤ | ᠪᠠᠶᠢᠭᠠᠳ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢᠨ ᠤᠯᠤᠰ ᠲᠥᠷᠥ ᠶᠢᠨ ᠬᠤᠣᠷ ᠬᠥᠨᠥᠭᠡᠯ ᠢ | ᠲᠣᠳᠣᠷᠬᠠᠢ ᠲᠠᠨᠢᠭᠤᠯᠵᠤ᠂ ᠡᠯ᠎ᠡ ᠵᠦᠢᠯ ᠤᠨ ᠪᠤᠷᠤᠭᠤ ᠦᠵᠡᠯ ᠰᠠᠨᠠᠭ᠎ᠠ ᠲᠠᠢ ᠤᠬᠠᠮᠰᠠᠷ ᠠᠴᠠ ᠪᠠᠨ ᠲᠡᠮᠡᠴᠡᠵᠦ᠂ | ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠶᠢ ᠪᠠᠰᠠ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ | ᠬᠥᠮᠦᠵᠢᠯ ᠤᠨ ᠳᠤᠮᠳᠠᠬᠢ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠵᠡᠷᠭᠡ ᠠᠰᠠᠭᠤᠳᠠᠯ ᠢ | ᠵᠠᠯᠠᠷᠠᠭᠤᠯᠤᠭᠰᠠᠨ ᠦᠢᠯᠡᠳᠦᠯᠭᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠵᠢᠷᠤᠮᠵᠢᠯ ᠲᠠᠢ᠂ ᠪᠦᠷᠢᠨ ᠲᠡᠭᠦᠯᠳᠡᠷ | ᠪᠥᠭᠡᠳ ᠬᠡᠷᠡᠭᠵᠢᠭᠦᠯᠬᠦ ᠴᠢᠨᠠᠷ ᠢᠶᠠᠷ ᠴᠢᠩᠭ᠎ᠠ ᠳᠦᠷᠢᠮ ᠢ ᠪᠦᠷᠢᠯᠳᠦᠭᠦᠯᠵᠦ᠂ ᠡᠭᠦᠨ ᠢ ᠦᠨᠳᠦᠰᠦᠯᠡᠨ ᠣᠳᠣᠬᠢ ᠶᠢ | ᠠᠳᠬᠤᠵᠤ᠂ ᠨᠡᠶᠢᠲᠡᠯᠢᠭ ᠵᠢᠱᠢᠶ᠎ᠡ ᠶᠢ ᠠᠳᠬᠤᠵᠤ᠂ ᠵᠠᠷᠯᠠᠨ ᠮᠡᠳᠡᠭᠳᠡᠬᠦ ᠶᠢ ᠠᠳᠬᠤᠵᠤ᠂ ᠲᠣᠭᠲᠠᠭᠠᠯ ᠠᠴᠠ | ᠵᠥᠷᠢᠴᠡᠨ ᠢᠳᠡᠵᠦ ᠤᠤᠭᠤᠭᠰᠠᠨ ᠤ ᠠᠷᠤ ᠳᠠᠬᠢ ᠢᠯᠵᠢᠷᠡᠯ ᠤᠨ ᠠᠰᠠᠭᠤᠳᠠᠯ ᠢ ᠭᠦᠨᠵᠡᠭᠡᠢ ᠠᠭᠤᠳᠠᠯᠵᠤ ᠨᠠᠷᠢᠨ | ᠪᠠᠶᠢᠴᠠᠭᠠᠬᠤ ᠬᠡᠷᠡᠭᠲᠡᠢ᠃ | ᠡᠭᠦᠨ ᠤ ᠵᠡᠷᠭᠡ ᠪᠠᠷ ᠡᠷᠬᠡᠪᠰᠢ ᠠᠩᠬᠠᠷᠬᠤ ᠨᠢ ᠭᠡᠪᠡᠯ᠂ ᠲᠣᠭᠲᠠᠭᠠᠯ ᠠᠴᠠ ᠵᠥᠷᠢᠴᠡᠨ ᠢᠳᠡᠵᠦ | ᠤᠤᠭᠤᠬᠤ ᠶᠢ ᠴᠡᠭᠴᠡᠯᠡᠨ ᠵᠠᠰᠠᠬᠤ ᠶᠢᠨ ᠭᠤᠣᠯᠳᠠᠯᠭ᠎ᠠ ᠪᠣᠯ ︽ᠲᠣᠭᠲᠠᠭᠠᠯ ᠠᠴᠠ ᠵᠥᠷᠢᠴᠡᠭᠰᠡᠨ︾ ᠶᠠᠪᠤᠳᠠᠯ ᠶᠤᠮ᠂ | ᠬᠠᠷᠢᠨ ᠢᠳᠡᠵᠦ ᠤᠤᠭᠤᠬᠤ ᠶᠠᠪᠤᠳᠠᠯ ᠪᠢᠰᠢ᠃ ᠭᠤᠣᠯ ᠴᠣᠭᠴᠠ ᠨᠢ ᠨᠠᠮ ᠤᠨ ᠭᠡᠰᠢᠭᠦᠨ ᠺᠠᠳ᠋ᠷ᠂ ᠠᠯᠪᠠᠨ | ᠲᠤᠰᠢᠶᠠᠯᠲᠠᠨ᠂ ᠢᠯᠠᠩᠭᠤᠶ᠎ᠠ ᠤᠳᠤᠷᠢᠳᠬᠤ ᠺᠠᠳ᠋ᠷ ᠪᠣᠯᠣᠨ᠎ᠠ᠃ ︽ᠲᠣᠭᠲᠠᠭᠠᠯ ᠢ ᠵᠥᠷᠢᠴᠡᠭᠰᠡᠨ︾ ᠡᠰᠡᠬᠦ ᠨᠢ | ᠨᠠᠮ ᠤᠨ ᠰᠠᠬᠢᠯᠭ᠎ᠠ ᠪᠠᠲᠤ ᠨᠠᠮ ᠤᠨ ᠲᠣᠭᠲᠠᠭᠠᠯ ᠤᠨ ᠲᠠᠯ᠎ᠠ ᠪᠠᠷ ᠭᠤᠣᠯᠳᠠᠭᠤ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠣᠯᠭᠤᠬᠤ ᠳᠦᠷᠢᠮ︾ ᠳᠠᠬᠢ ᠠᠯᠪᠠᠨ ᠶᠠᠪᠤᠳᠠᠯ ᠤᠨ ᠵᠣᠴᠢᠯᠠᠭ᠎ᠠ | ᠳᠠᠶᠢᠯᠠᠯᠭ᠎ᠠ᠂ ᠬᠤᠳᠠᠯᠳᠤᠭᠠᠨ ᠤ ᠶᠠᠪᠤᠳᠠᠯ ᠤᠨ ᠵᠣᠴᠢᠯᠠᠭ᠎ᠠ ᠵᠡᠷᠭᠡ ᠲᠣᠭᠲᠠᠭᠠᠯ ᠢ ᠦᠨᠳᠦᠰᠦᠯᠡᠵᠦ᠂ ᠠᠯᠪᠠᠨ | ᠲᠤᠰᠢᠶᠠᠯᠲᠠᠨ ᠤ ᠬᠠᠮᠢᠶᠠᠷᠤᠯᠲᠠ ᠶᠢᠨ ᠲᠠᠯ᠎ᠠ ᠪᠠᠷ ᠭᠤᠣᠯᠳᠠᠭᠤ ᠬᠢᠨᠠᠨ ᠪᠠᠶᠢᠴᠠᠭᠠᠬᠤ ᠬᠠᠤᠯᠢ᠂ ᠠᠯᠪᠠᠨ | ᠲᠤᠰᠢᠶᠠᠯᠲᠠᠨ ᠤ ᠵᠠᠰᠠᠭ ᠤᠨ ᠶᠠᠪᠤᠳᠠᠯ ᠤᠨ ᠰᠢᠢᠳᠬᠡᠯ ᠤᠨ ᠬᠠᠤᠯᠢ ᠵᠡᠷᠭᠡ ᠶᠢ ᠦᠨᠳᠦᠰᠦᠯᠡᠨ᠎ᠡ᠃ ᠲᠥᠪ ᠠᠴᠠ | ᠣᠷᠣᠨ ᠨᠤᠲᠤᠭ ᠬᠦᠷᠲᠡᠯᠡᠬᠢ ᠡᠯ᠎ᠡ ᠵᠦᠢᠯ ᠤᠨ ︽ᠠᠷᠢᠬᠢ ᠴᠠᠭᠠᠵᠠᠯᠠᠬᠤ ᠵᠠᠷᠯᠢᠭ︾ ᠤᠨ ᠭᠤᠣᠯᠳᠠᠯᠭ᠎ᠠ ᠨᠢ ᠠᠯᠪᠠᠨ | ᠶᠠᠪᠤᠳᠠᠯ ᠤᠨ ᠠᠵᠢᠯᠯᠠᠭ᠎ᠠ ᠶᠢ ᠵᠢᠷᠤᠮᠵᠢᠭᠤᠯᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠴᠢᠩᠳᠠᠯᠠᠬᠤ ᠶᠠᠪᠤᠳᠠᠯ | ᠪᠣᠯᠣᠨ᠎ᠠ᠂ ᠬᠠᠷᠢᠨ ᠬᠥᠮᠥᠰ ᠤᠨ ᠬᠤᠭᠤᠷᠣᠨᠳᠣᠬᠢ ᠬᠡᠪ ᠤᠨ ᠶᠠᠪᠤᠯᠴᠠᠭ᠎ᠠ ᠶᠢ ᠨᠢᠭᠡ ᠯᠡ ᠠᠳᠠᠯᠢ ᠪᠠᠷ ᠬᠤᠷᠢᠭᠯᠠᠬᠤ | ᠶᠠᠪᠤᠳᠠᠯ ᠪᠢᠰᠢ ᠶᠤᠮ᠃ ᠨᠠᠮ ᠤᠨ ᠭᠡᠰᠢᠭᠦᠨ ᠺᠠᠳ᠋ᠷᠴᠤᠳ ᠲᠤ ᠬᠤᠪᠢ ᠬᠥᠮᠥᠨ ᠤ ᠬᠡᠪ ᠤᠨ ᠶᠠᠪᠤᠯᠴᠠᠭᠠᠨ ᠤ ᠡᠷᠬᠡ | ᠪᠠᠶᠢᠳᠠᠭ᠂ ᠡᠭᠦᠨ ᠤ ᠤᠷᠢᠲᠠᠯ ᠨᠢ ︽ᠠᠯᠪᠠᠨ ᠶᠠᠪᠤᠳᠠᠯ ᠢ ᠨᠥᠯᠥᠭᠡᠯᠡᠬᠦ ᠦᠭᠡᠢ︾᠂ ︽ᠠᠷᠢᠭᠤᠨ ᠴᠢᠬᠡᠴᠢ ᠶᠢ | ᠨᠥᠯᠥᠭᠡᠯᠡᠬᠦ ᠦᠭᠡᠢ︾ ᠪᠠᠶᠢᠬᠤ ᠬᠢᠵᠠᠭᠠᠷ ᠱᠤᠭᠤᠮ ᠢ ᠰᠠᠬᠢᠬᠤ ᠶᠠᠪᠤᠳᠠᠯ ᠪᠣᠯᠣᠨ᠎ᠠ᠃ | ᠠᠯᠪᠠᠨ ᠲᠤᠰᠢᠶᠠᠯᠲᠠᠨ 24 ᠴᠠᠭ ᠢᠶᠠᠷ ᠠᠷᠢᠬᠢ ᠴᠡᠭᠡᠷᠯᠡᠬᠦ᠂ ᠬᠠᠮᠲᠤ ᠬᠤᠭᠤᠯᠠᠯᠠᠬᠤ ᠳᠤ ᠭᠤᠷᠪᠠᠨ | ᠬᠥᠮᠥᠨ ᠢᠶᠠᠷ ᠬᠢᠵᠠᠭᠠᠷᠯᠠᠬᠤ᠂ ᠬᠤᠭᠤᠯᠠᠨ ᠤ ᠵᠠᠷᠤᠳᠠᠯ ᠢ ᠡᠷᠬᠡᠪᠰᠢ AA ᠪᠠᠶᠢᠯᠭᠠᠬᠤ ᠁ ᠣᠳᠣᠬᠠᠨ ᠳᠤ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠲᠠᠯ᠎ᠠ ᠪᠠᠷ ᠭᠠᠵᠢᠭᠤᠳᠠᠭᠤᠯᠤᠨ | ᠲᠠᠶᠢᠯᠪᠤᠷᠢᠯᠠᠵᠤ ᠪᠠᠶᠢᠭ᠎ᠠ ᠵᠠᠷᠢᠮ ᠶᠠᠪᠤᠳᠠᠯ ᠢ ᠡᠷᠬᠡᠪᠰᠢ ᠰᠡᠷᠡᠮᠵᠢᠯᠡᠬᠦ ᠬᠡᠷᠡᠭᠲᠡᠢ᠃ ᠦᠨᠡᠨ ᠠᠴᠠ ᠵᠥᠪ ᠢ ᠡᠷᠢᠬᠦ ᠪᠣᠯ | ᠨᠠᠮ ᠤᠨ ᠦᠨᠳᠦᠰᠦᠨ ᠦᠵᠡᠯ ᠰᠠᠨᠠᠭᠠᠨ ᠤ ᠠᠷᠭ᠎ᠠ᠂ ᠠᠵᠢᠯ ᠤᠨ ᠠᠷᠭ᠎ᠠ᠂ ᠤᠳᠤᠷᠢᠳᠬᠤ ᠠᠷᠭ᠎ᠠ ᠮᠥᠨ᠂ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ | ᠵᠠᠰᠠᠬᠤ ᠶᠠᠪᠤᠴᠠ ᠳᠤ᠂ ᠡᠷᠬᠡᠪᠰᠢ ᠦᠨᠡᠨ ᠠᠴᠠ ᠵᠥᠪ ᠢ ᠡᠷᠢᠬᠦ ᠶᠢ ᠲᠡᠷᠢᠭᠦᠨ ᠳᠤ ᠲᠠᠯᠪᠢᠵᠤ᠂ ᠲᠣᠭᠲᠠᠭᠠᠯ ᠠᠴᠠ | ᠵᠥᠷᠢᠴᠡᠨ ᠢᠳᠡᠵᠦ ᠤᠤᠭᠤᠬᠤ ᠪᠠ ᠬᠡᠪ ᠤᠨ ᠬᠤᠭᠤᠯᠠ ᠤᠮᠳᠠᠭᠠᠨ ᠤ ᠬᠡᠷᠡᠭᠯᠡᠭᠡ ᠶᠢ ᠢᠯᠭᠠᠬᠤ ᠶᠢ ᠠᠩᠬᠠᠷᠴᠤ᠂ ︽ | ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠣᠨᠣᠪᠴᠢᠲᠠᠢ ᠬᠡᠷᠡᠭᠯᠡᠵᠦ᠂ ᠤᠯᠤᠰ ᠲᠦᠷᠦ ᠶᠢᠨ ᠦᠷ᠎ᠡ ᠪᠦᠲᠦᠮᠵᠢ᠂ | ᠰᠠᠬᠢᠯᠭ᠎ᠠ ᠪᠠᠲᠤ ᠶᠢᠨ ᠦᠷ᠎ᠡ ᠪᠦᠲᠦᠮᠵᠢ ᠪᠠ ᠨᠡᠶᠢᠭᠡᠮ ᠤᠨ ᠦᠷ᠎ᠡ ᠪᠦᠲᠦᠮᠵᠢ ᠶᠢ ᠠᠮᠢᠳᠤᠯᠢᠭ ᠢᠶᠠᠷ ᠨᠢᠭᠡᠳᠬᠡᠬᠦ | ᠬᠡᠷᠡᠭᠲᠡᠢ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠨᠢ ᠬᠡᠪ ᠤᠨ ᠬᠡᠷᠡᠭᠯᠡᠭᠡ᠂ | ᠵᠠᠬ᠎ᠠ ᠳᠡᠯᠭᠡᠭᠦᠷ ᠤᠨ ᠴᠡᠴᠡᠭᠯᠡᠨ ᠬᠥᠭᠵᠢᠬᠦ ᠶᠢ ᠠᠬᠢᠭᠤᠯᠬᠤ ᠯᠤᠭ᠎ᠠ ᠬᠠᠷᠰᠢᠯᠳᠤᠭᠤᠯᠬᠤ ᠦᠭᠡᠢ ᠪᠠᠶᠢᠵᠤ᠂ | ᠵᠠᠰᠠᠯᠲᠠ ᠶᠢᠨ ᠠᠷᠭ᠎ᠠ ᠮᠠᠶ᠋ᠢᠭ ᠠᠷᠭ᠎ᠠ ᠪᠠᠷᠢᠯ ᠢ ᠴᠢᠬᠤᠯᠠᠴᠢᠯᠠᠨ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ | ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠵᠦ᠂ ᠢᠳᠡᠭᠡᠨ ᠤᠮᠳᠠᠭᠠᠨ ᠤ ᠠᠵᠢᠯ ᠲᠥᠷᠥᠯ ᠤᠨ | ᠬᠡᠪ ᠤᠨ ᠡᠵᠡᠩᠨᠡᠯᠲᠡ ᠪᠠ ᠣᠯᠠᠨ ᠲᠦᠮᠡᠨ ᠤ ᠬᠡᠪ ᠤᠨ ᠬᠡᠷᠡᠭᠯᠡᠭᠡ ᠶᠢ ᠨᠥᠯᠥᠭᠡᠯᠡᠵᠦ ᠪᠣᠯᠬᠤ ᠦᠭᠡᠢ᠂ ᠲᠥᠷᠥ ᠶᠢᠨ | ᠪᠣᠳᠣᠯᠭ᠎ᠠ ᠠᠴᠠ ᠵᠥᠷᠢᠴᠡᠨ ᠨᠢᠭᠡ ᠯᠡ ᠠᠳᠠᠯᠢ ᠪᠠᠷ ᠱᠠᠭᠠᠷᠳᠠᠵᠤ᠂ ᠱᠠᠲᠤ ᠱᠠᠲᠤ ᠪᠠᠷ ᠳᠠᠷᠤᠭᠠᠰᠤ ᠨᠡᠮᠡᠵᠦ ᠪᠣᠯᠬᠤ | ᠦᠭᠡᠢ᠃ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠳᠤ ︽ᠰᠡᠯᠲᠡᠵᠦ︾ ᠪᠣᠯᠬᠤ | ᠦᠭᠡᠢ᠂ ᠨᠠᠩ ᠴᠤ ︽ᠠᠩᠬᠠᠷᠤᠯ ᠢᠶᠠᠨ ᠰᠠᠷᠨᠢᠭᠤᠯᠵᠤ︾ ᠪᠣᠯᠬᠤ ᠦᠭᠡᠢ᠂ ᠬᠠᠷᠠᠯᠲᠠ ᠲᠠᠢ ᠪᠠᠷ ᠠᠵᠢᠯᠯᠠᠪᠠᠯ ᠰᠠᠶ᠋ᠢ | ᠪᠣᠳᠠᠲᠤ ᠦᠷ᠎ᠡ ᠪᠦᠲᠦᠮᠵᠢ ᠣᠯᠵᠤ ᠴᠢᠳᠠᠨ᠎ᠠ᠃ ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠲᠠᠷᠠᠭᠤᠯᠤᠨ | ᠬᠦᠴᠦᠨ ᠢᠶᠠᠨ ᠬᠠᠮᠲᠤᠳᠬᠠᠪᠠᠯ ᠯᠠᠪᠲᠠᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠳᠤ ᠴᠡᠪᠡᠷ ᠠᠷᠢᠭᠤᠨ ᠬᠦᠴᠦᠷᠬᠡᠭ ᠶᠡᠭᠡ ᠴᠤᠭ ᠵᠢᠪᠬᠤᠭ᠎ᠠ ᠨᠡᠮᠡᠷᠢᠯᠡᠵᠦ ᠴᠢᠳᠠᠨ᠎ᠠ᠃ | |