ᠤᠯᠤᠰ ᠤᠨ ᠲᠡᠮᠦᠷ ᠵᠠᠮ ᠤᠨ ᠪᠦᠯᠦᠭᠯᠡᠯ ᠤᠨ ᠮᠡᠳᠡᠭᠡ ᠶᠢ ᠦᠨᠳᠦᠰᠦᠯᠡᠪᠡᠯ᠂ ᠡᠨᠡ ᠵᠢᠯ ᠤᠨ 1 ᠠᠴᠠ 5 | ᠳ᠋ᠤᠭᠠᠷ ᠰᠠᠷ᠎ᠠ ᠳᠤ᠂ ᠤᠯᠤᠰ ᠤᠨ ᠲᠡᠮᠦᠷ ᠵᠠᠮ ᠤᠨ ᠬᠢᠨ ᠨᠡᠶᠢᠲᠡ 16.41 ᠳ᠋ᠦᠩᠰᠢᠭᠤᠷ ᠲᠣᠨ ᠡᠳ᠋ ᠪᠠᠷᠠᠭ᠎ᠠ | ᠲᠡᠭᠡᠭᠡᠪᠦᠷᠢᠯᠡᠵᠦ ᠶᠠᠪᠤᠭᠤᠯᠤᠭᠰᠠᠨ ᠨᠢ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠵᠡᠢ᠃ | ᠬᠠᠮᠤᠭ ᠤᠨ ᠰᠢᠨ᠎ᠡ ᠳ᠋ᠠᠶᠢᠲ᠋ᠠ ᠶᠢᠨ ᠢᠯᠡᠷᠡᠭᠦᠯᠦᠭᠰᠡᠨ ᠢᠶᠠᠷ᠂ ᠡᠨᠡ ᠵᠢᠯ ᠤᠨ 1 – 4 ᠳ᠋ᠦ᠋ᠭᠡᠷ ᠰᠠᠷ᠎ᠠ ᠳᠤ᠂ | ᠮᠠᠨ ᠤ ᠤᠯᠤᠰ ᠤᠨ ᠰᠠᠯᠬᠢᠨ ᠬᠦᠴᠦᠨ ᠤ ᠴᠠᠬᠢᠯᠭᠠᠨ ᠭᠠᠷᠭᠠᠭᠰᠠᠨ ᠬᠡᠮᠵᠢᠶ᠎ᠡ 3814.3 ᠳ᠋ᠦᠩᠰᠢᠭᠤᠷ ᠺᠢᠯᠣᠸᠠᠲ | ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.35% ᠪᠠᠷ ᠨᠡᠮᠡᠭᠳᠡᠵᠡᠢ᠃ | ᠳ᠋ᠠᠶᠢᠲ᠋ᠠ ᠶᠢᠨ ᠢᠯᠡᠷᠡᠭᠦᠯᠦᠭᠰᠡᠨ ᠢᠶᠠᠷ᠂ 5 ᠳ᠋ᠤᠭᠠᠷ ᠰᠠᠷ᠎ᠠ ᠶᠢᠨ 1 ᠤ ᠡᠳᠦᠷ ᠠᠴᠠ 6 ᠳ᠋ᠤᠭᠠᠷ ᠰᠠᠷ᠎ᠠ ᠶᠢᠨ | 21 ᠤ ᠡᠳᠦᠷ ᠪᠣᠯᠲᠠᠯ᠎ᠠ᠂ ᠮᠠᠨ ᠤ ᠤᠯᠤᠰ ᠤᠨ ᠰᠢᠶᠠᠨ ᠤ ᠬᠡᠪᠴᠢᠶᠡᠨ ᠳᠠᠬᠢ ᠭᠡᠷ ᠤᠨ ᠴᠠᠬᠢᠯᠭᠠᠨ ᠬᠡᠷᠡᠭᠰᠡᠯ ᠤᠨ | ᠪᠣᠷᠣᠯᠠᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 47% ᠪᠠᠷ ᠨᠡᠮᠡᠭᠳᠡᠵᠦ᠂ ︽ᠬᠠᠭᠤᠴᠢᠨ ᠢᠶᠠᠷ | ᠰᠢᠨ᠎ᠡ ᠶᠢ ᠰᠣᠯᠢᠬᠤ︾ ᠪᠣᠷᠣᠯᠠᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 54% ᠪᠠᠷ | ᠨᠡᠮᠡᠭᠳᠡᠵᠡᠢ᠃ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠯᠤᠰ ᠤᠨ ᠪᠠᠷᠠᠭᠠᠨ ᠤ ᠭᠦᠢᠯᠭᠡᠭᠡᠨ ᠤ | ᠵᠠᠩᠭᠢᠯᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠨᠢᠭᠡ ᠪᠦᠯᠦᠭ ᠤᠨ ᠨᠡᠷᠡᠰ ᠢ 30 ᠨᠡᠶᠢᠲᠡᠯᠡᠵᠦ᠂ ᠵᠡᠭᠦᠨ | ᠳᠤᠮᠳᠠ ᠪᠠᠷᠠᠭᠤᠨ ᠬᠡᠰᠡᠭ ᠤᠨ 24 ᠮᠤᠵᠢ ᠣᠷᠣᠨ ᠵᠢᠴᠢ ᠲᠤᠰᠬᠠᠢ ᠲᠥᠯᠥᠪᠯᠡᠭᠡᠲᠦ 2 ᠬᠤᠳᠠ ᠶᠢ ᠬᠠᠮᠤᠷᠪᠠ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠮᠡᠳᠡᠭᠳᠡᠯ ᠨᠡᠶᠢᠲᠡᠯᠡᠵᠦ᠂ ᠨᠠᠩ | ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠶᠠᠰᠤ ᠴᠢᠨᠠᠷ ᠤᠨ ᠪᠡᠯᠡ ᠲᠣᠬᠢᠷᠠᠭᠤᠯᠭ᠎ᠠ ᠶᠢᠨ ᠢᠲᠡᠭᠡᠮᠵᠢ ᠶᠢ | ᠨᠡᠮᠡᠭᠳᠡᠭᠦᠯᠬᠦ ᠠᠵᠢᠯ ᠢᠶᠠᠷ ᠥᠷᠭᠡᠨ ᠣᠯᠠᠨ ᠠᠵᠤ ᠠᠬᠤᠶᠢᠯᠠᠯ ᠳᠤ ᠨᠠᠩ ᠰᠠᠶᠢᠨ ᠠᠰᠢᠭ ᠬᠦᠷᠲᠡᠭᠡᠵᠦ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠶᠠᠰᠤ ᠴᠢᠨᠠᠷ ᠲᠠᠢ ᠦᠷ᠎ᠡ ᠠᠰᠢᠭ ᠲᠠᠢ ᠵᠠᠮ ᠢᠶᠠᠷ ᠵᠠᠮᠨᠠᠬᠤ ᠶᠢ ᠨᠠᠩ | ᠪᠦᠲᠦᠮᠵᠢᠲᠡᠶ ᠪᠠᠷ ᠬᠠᠪᠰᠤᠷᠤᠨ ᠲᠡᠳᠬᠦᠨ᠎ᠡ ᠭᠡᠵᠦ ᠲᠣᠳᠣᠷᠬᠠᠶᠢᠯᠠᠪᠠ᠃ | ᠳᠣᠲᠣᠷ᠎ᠠ ᠭᠠᠵᠠᠷ ᠬᠢᠭᠡᠳ ᠰᠢᠶᠠᠩᠭᠠᠩ ᠤᠨ ᠬᠢᠯᠢ ᠠᠯᠤᠰᠯᠠᠨ ᠲᠣᠭᠠᠴᠠᠭ᠎ᠠ ᠬᠢᠬᠦ ᠰᠢᠰᠲ᠋ᠧᠮ ᠢ 22 ᠤᠨ | ᠡᠳᠦᠷ ᠰᠦᠯᠵᠢᠶᠡᠨ ᠳᠤ ᠭᠠᠷᠭᠠᠨ ᠠᠵᠢᠯᠯᠠᠭᠤᠯᠪᠠ᠂ ᠬᠤᠶᠠᠷ ᠭᠠᠵᠠᠷ ᠤᠨ ᠰᠠᠭᠤᠭᠠᠯᠢ ᠠᠷᠠᠳ ᠭᠠᠷ ᠤᠲᠠᠰᠤᠨ | ᠳᠡᠭᠡᠷ᠎ᠡ ᠪᠠᠨ ᠨᠥᠭᠦᠭᠡ ᠡᠲᠡᠭᠡᠳ ᠤᠨ ᠢᠶᠠᠨ ᠭᠠᠷ ᠤᠲᠠᠰᠤᠨ ᠤ ᠳ᠋ᠤᠭᠠᠷ ᠪᠤᠶᠤ ᠪᠠᠩᠬᠢ ᠶᠢᠨ ᠲᠠᠩᠰᠠᠨ ᠤ ᠳ᠋ᠤᠭᠠᠷ ᠢ | ᠣᠷᠣᠭᠤᠯᠤᠭᠰᠠᠭᠠᠷ ᠬᠢᠯᠢ ᠠᠯᠤᠰᠯᠠᠨ ᠵᠣᠭᠤᠰ ᠭᠤᠪᠢᠭᠤᠯᠬᠤ ᠵᠡᠷᠭᠡ ᠠᠵᠢᠯᠯᠠᠭ᠎ᠠ ᠶᠢ ᠬᠢᠵᠦ ᠪᠣᠯᠣᠨ᠎ᠠ᠃ | 22 ᠤᠨ ᠡᠳᠦᠷ᠂ ᠢᠷᠡᠨ ᠠᠴᠠ ᠰᠢᠯᠵᠢᠨ ᠭᠠᠷᠬᠤ ᠳᠤᠮᠳᠠᠳᠤ ᠤᠯᠤᠰ ᠤᠨ ᠢᠷᠭᠡᠳ ᠢ ᠲᠣᠰᠣᠭᠰᠠᠨ | ᠬᠤᠶᠠᠳᠤᠭᠠᠷ ᠡᠭᠡᠯᠵᠢ ᠶᠢᠨ ᠲᠦᠷ ᠴᠠᠭ ᠤᠨ ᠨᠢᠰᠬᠡᠯ ᠪᠡᠭᠡᠵᠢᠩ ᠤᠨ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ | ᠪᠠᠭᠤᠳᠠᠯ ᠳᠤ ᠪᠠᠭᠤᠪᠠ᠂ ᠨᠢᠰᠬᠡᠯ ᠳᠡᠭᠡᠷ᠎ᠡ ᠨᠡᠶᠢᠲᠡ 119 ᠠᠶᠠᠨᠴᠢᠨ ᠰᠠᠭᠤᠭᠰᠠᠨ ᠪᠥᠭᠡᠳ ᠴᠥᠮ ᠳᠤᠮᠳᠠᠳᠤ | ᠤᠯᠤᠰ ᠤᠨ ᠢᠷᠭᠡᠳ ᠪᠠᠶᠢᠪᠠ᠃ |