ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ | ᠲᠥᠯᠥᠭᠡᠯᠡᠭᠴᠢᠳ ᠠ᠋᠄ | ᠣᠳᠣ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ | ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠪᠠ ᠪᠤᠰᠤᠳ ᠰᠤᠯᠠ ᠤᠷᠤᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2024 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠠᠭᠠᠭᠤᠯᠭ᠎ᠠ | ᠳᠣᠣᠷ᠎ᠠ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ | ᠰᠡᠳᠬᠢᠯ ᠢᠶᠠᠨ ᠨᠢᠭᠡᠳᠬᠡᠵᠦ ᠬᠦᠴᠦᠨ ᠢᠶᠠᠨ ᠬᠠᠮᠲᠤᠳᠬᠠᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ | ᠵᠢᠷᠭᠤᠭᠠᠨ ᠢᠨᠵᠧᠨᠧᠷᠢᠩ︾ ᠢ ᠰᠠᠶᠢᠲᠤᠷ ᠠᠳᠬᠤᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ | ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ | ᠳᠠᠪᠰᠢᠬᠤ ᠲᠠᠯ᠎ᠠ ᠪᠠᠷ ᠪᠣᠳᠠᠲᠤ ᠠᠬᠢᠴᠠ ᠲᠠᠢ ᠪᠣᠯᠪᠠ᠃ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠦᠷᠲᠡᠭ 6% ᠣᠷᠴᠢᠮ ᠨᠡᠮᠡᠭᠳᠡᠨ᠂ 2.6 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠶᠡᠷᠦᠩᠬᠡᠢ | ᠬᠡᠮᠵᠢᠶ᠎ᠡ ᠪᠦᠬᠦ ᠤᠯᠤᠰ ᠤᠨ ᠨᠡᠷᠡᠰ ᠤᠨ ᠵᠢᠭᠰᠠᠭᠠᠯᠲᠠ ᠳᠤ 20 ᠳ᠋ᠤᠭᠠᠷ ᠲᠤ ᠬᠦᠷᠬᠦ ᠪᠣᠯᠣᠮᠵᠢᠲᠠᠢ ᠪᠠᠶᠢᠵᠤ᠂ 5 ᠵᠢᠯ | ᠥᠩᠭᠡᠷᠡᠭᠡᠳ ᠳᠠᠬᠢᠨᠲᠠ ᠪᠦᠬᠦ ᠤᠯᠤᠰ ᠤᠨ ᠳᠤᠮᠳᠠ ᠲᠦᠪᠰᠢᠨ ᠳᠤ ᠪᠤᠴᠠᠬᠤ ᠪᠣᠯᠣᠨ᠎ᠠ︔ ᠠᠵᠤ ᠦᠢᠯᠡᠳᠪᠦᠷᠢ ᠶᠢᠨ | ᠨᠡᠮᠡᠭᠳᠡᠯ ᠦᠷᠲᠡᠭ ᠲᠦᠮᠡᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠤ᠂ ᠪᠦᠬᠦ ᠤᠯᠤᠰ ᠤᠨ | ᠨᠡᠷᠡᠰ ᠤᠨ ᠵᠢᠭᠰᠠᠭᠠᠯᠲᠠ ᠳᠤ 3 ᠨᠡᠷᠡᠰ ᠳᠡᠭᠡᠭᠰᠢᠯᠡᠨ᠂ 14 ᠳ᠋ᠦ᠋ᠭᠡᠷ ᠲᠤ ᠬᠦᠷᠬᠦ ᠪᠣᠯᠣᠮᠵᠢᠲᠠᠢ ᠪᠠᠶᠢᠵᠤ᠂ ᠰᠦ | ᠰᠠᠭᠠᠯᠢ ᠶᠢᠨ ᠦᠢᠯᠡᠰ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠤᠯᠤᠰ ᠤᠨ ᠳᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠳᠤ ᠰᠣᠩᠭᠤᠭᠳᠠᠨ᠂ | ᠲᠤᠭ᠎ᠠ ᠬᠡᠮᠵᠢᠶ᠎ᠡ ᠨᠢ ᠪᠠᠷᠠᠭᠤᠨ ᠬᠡᠰᠡᠭ ᠤᠨ ᠮᠤᠵᠢ ᠣᠷᠣᠨ ᠤ ᠳᠣᠲᠣᠷ᠎ᠠ 2 ᠳ᠋ᠤᠭᠠᠷ ᠲᠤ ᠪᠠᠶᠢᠷᠢᠰᠢᠪᠠ᠃ ᠠᠮᠤ | ᠪᠤᠳᠠᠭᠠᠨ ᠤ ᠶᠡᠷᠦᠩᠬᠡᠢ ᠤᠨᠠᠯᠲᠠ 820.1 ᠳ᠋ᠦᠩᠰᠢᠭᠤᠷ ᠵᠢᠩ ᠳᠤ ᠬᠦᠷᠴᠦ᠂ ︽ᠬᠤᠷᠢᠨ ᠨᠢᠭᠡᠨ ᠵᠢᠯ ᠳᠠᠷᠠᠭᠠᠯᠠᠨ | ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠵᠦ᠂ ᠨᠡᠮᠡᠭᠳᠡᠯ ᠤᠨ ᠬᠡᠮᠵᠢᠶ᠎ᠡ ᠪᠦᠬᠦ ᠤᠯᠤᠰ ᠤᠨ 3 ᠳ᠋ᠤᠭᠠᠷ ᠲᠤ | ᠪᠠᠶᠢᠷᠢᠰᠢᠪᠠ᠃ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠪᠦᠬᠦ ᠤᠯᠤᠰ ᠲᠤ ᠡᠩ ᠲᠡᠷᠢᠭᠦᠨ ᠳᠤ ᠳ᠋ᠦᠩᠰᠢᠭᠤᠷ | ᠺᠢᠯᠣᠸᠠᠲ ᠢ ᠳᠠᠪᠠᠵᠤ᠂ 1.35 ᠳ᠋ᠦᠩᠰᠢᠭᠤᠷ ᠺᠢᠯᠣᠸᠠᠲ ᠲᠤ ᠬᠦᠷᠴᠦ᠂ ᠢᠯᠴᠢ ᠶᠢᠨ ᠴᠠᠬᠢᠯᠭᠠᠨ ᠤ ᠮᠠᠰᠢᠨ | ᠴᠣᠭᠴᠠᠯᠠᠪᠤᠷᠢ ᠠᠴᠠ ᠳᠠᠪᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠬᠤᠷᠠᠯ ᠳᠤ ᠲᠣᠭᠲᠠᠭᠠᠭᠰᠠᠨ ᠬᠠᠷᠠᠯᠲᠠ ᠶᠢ ᠨᠢᠭᠡ ᠵᠢᠯ ᠤᠷᠢᠳᠴᠢᠯᠠᠨ ᠪᠡᠶᠡᠯᠡᠭᠦᠯᠪᠡ᠃ | ᠨᠢᠭᠡᠴᠢ GDP ᠤᠨ ᠡᠨᠧᠷᠬᠢ ᠶᠢᠨ ᠬᠤᠷᠣᠭᠳᠠᠯ 3% ᠪᠠᠷ ᠪᠠᠭᠤᠷᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠦᠪᠵᠢᠭᠦᠯᠭᠡ ᠳᠠᠬᠢ ᠬᠢᠵᠠᠭᠠᠷᠯᠠᠬᠤ ᠬᠠᠷᠠᠯᠲᠠ ᠳᠤ ᠪᠠᠨ ᠨᠢᠭᠡ ᠵᠢᠯ ᠤᠷᠢᠳᠴᠢᠯᠠᠨ ᠬᠦᠷᠪᠡ᠃ ᠣᠷᠣᠭᠤᠯᠤᠨ | ᠠᠪᠴᠢᠷᠠᠵᠤ ᠪᠣᠳᠠᠲᠠᠶᠢᠵᠢᠭᠤᠯᠤᠭᠰᠠᠨ ᠪᠡᠯᠡ ᠮᠥᠩᠭᠦ 5300 ᠳ᠋ᠦᠩᠰᠢᠭᠤᠷ ᠲᠥᠭᠦᠷᠢᠭ ᠢ ᠳᠠᠪᠠᠵᠤ᠂ ᠭᠤᠷᠪᠠᠨ | ᠵᠢᠯ ᠳᠤ ᠲᠦᠮᠡᠨ ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠠᠪᠴᠢᠷᠠᠬᠤ ᠬᠠᠷᠠᠯᠲᠠ ᠪᠠᠨ ᠨᠢᠭᠡ ᠵᠢᠯ | ᠤᠷᠢᠳᠴᠢᠯᠠᠨ ᠪᠡᠶᠡᠯᠡᠭᠦᠯᠪᠡ᠃ ᠪᠣᠳᠣᠬᠤ ᠴᠢᠳᠠᠪᠤᠷᠢ ᠶᠢᠨ ᠶᠡᠷᠦᠩᠬᠡᠢ ᠬᠡᠪᠴᠢᠶᠡᠵᠢᠯ 9.4 ᠲᠦᠮᠡᠨ P ᠲᠤ ᠬᠦᠷᠴᠦ᠂ | ᠡᠭᠦᠨ ᠳᠤ ᠣᠶᠤᠨᠴᠢ ᠪᠣᠳᠣᠬᠤ ᠴᠢᠳᠠᠪᠤᠷᠢ 8.7 ᠲᠦᠮᠡᠨ P ᠪᠠᠶᠢᠵᠤ᠂ ᠪᠦᠬᠦ ᠤᠯᠤᠰ ᠤᠨ ᠨᠢᠭᠡᠳᠦᠭᠡᠷ ᠲᠤ | ᠪᠠᠶᠢᠷᠢᠯᠠᠪᠠ᠃ | ᠨᠢᠭᠡ ᠵᠢᠯ ᠤᠨ ᠲᠤᠷᠰᠢ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠪᠠ ︽ᠲᠠᠪᠤᠨ ᠶᠡᠭᠡ ᠡᠭᠦᠷᠭᠡ︾ ᠶᠢ ᠠᠬᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠪᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ | ᠰᠢᠵᠢᠮ ᠤᠨ ᠲᠣᠭᠤᠷᠢᠨ ᠳᠤ ᠨᠢᠭᠲᠠ ᠤᠶᠠᠯᠳᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ ᠵᠢᠴᠢ | 28 ᠵᠤᠷᠪᠤᠰ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠨᠠᠮ ᠤᠨ ᠠᠴᠢ ᠳᠤ ᠲᠠᠯᠠᠷᠬᠠᠨ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠤᠯᠠᠨ ᠲᠦᠮᠡᠨᠴᠢ ᠬᠥᠮᠦᠵᠢᠯ ᠢ ᠪᠠᠶᠢᠩᠭᠤᠰᠢᠭᠤᠯᠤᠨ | ᠥᠷᠨᠢᠭᠦᠯᠵᠦ᠂ ᠭᠤᠣᠯ ᠰᠢᠵᠢᠮ ᠤᠨ ᠱᠠᠭᠠᠷᠳᠠᠯᠭ᠎ᠠ ᠳᠤ ᠦᠯᠦ ᠨᠡᠶᠢᠴᠡᠬᠦ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠬᠥᠳᠡᠯᠦᠩᠭᠦᠢ ᠪᠠᠷ ᠢᠯᠭᠠᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠳᠤ ᠭᠤᠷᠪᠠᠨ ᠬᠢᠴᠢᠶᠡᠯ | ᠲᠦᠷᠦᠯ ᠤᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠷᠢᠨ ᠪᠦᠷᠬᠦᠭᠦᠯᠪᠡ᠃ ︽ | ᠲᠠᠪᠤᠨ ᠶᠡᠭᠡ ᠡᠭᠦᠷᠭᠡ︾ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠᠶᠢᠵᠤ᠂ ᠪᠢᠳᠡᠨ ᠤ ᠡᠷᠬᠡᠪᠰᠢ ᠰᠠᠶᠢᠲᠤᠷ ᠭᠦᠢᠴᠡᠳᠬᠡᠬᠦ | ᠴᠢᠬᠤᠯᠠ ᠬᠠᠷᠢᠭᠤᠴᠠᠯᠭ᠎ᠠ ᠳᠠᠷᠬᠠᠨ ᠡᠭᠦᠷᠭᠡ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ | ᠣᠨ ᠤ ᠡᠭᠦᠷᠭᠡ ᠶᠢᠨ ᠲᠣᠳᠣᠷᠬᠠᠢ ᠬᠠᠭᠤᠳᠠᠰᠤ ᠪᠠᠨ ᠲᠣᠳᠣᠷᠬᠠᠶᠢᠯᠠᠭᠰᠠᠨ ᠤ ᠳᠠᠷᠠᠭ᠎ᠠ᠂ ᠪᠢᠳᠡ ᠮᠦᠷᠳᠡᠨ | ᠲᠣᠬᠢᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠨᠢᠭᠡ ᠵᠢᠯ ᠤᠨ ᠴᠢᠷᠮᠠᠶᠢᠯᠭ᠎ᠠ ᠪᠠᠷ ᠳᠠᠮᠵᠢᠭᠠᠳ | ᠢᠯᠡᠳᠲᠡ ᠦᠷ᠎ᠡ ᠪᠦᠲᠦᠮᠵᠢ ᠣᠯᠪᠠ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠲᠠᠯ᠎ᠠ ᠪᠠᠷ᠂ | ᠶᠡᠷᠦᠩᠬᠡᠢ ᠱᠦᠵᠢ ᠰᠢ ᠶᠢᠨ ᠫᠢᠩ ᠤᠨ ᠳᠠᠶᠢᠴᠢᠯᠠᠯᠲᠠ ᠶᠢᠨ ᠵᠠᠷᠯᠢᠭ ᠤᠨ ᠱᠠᠭᠠᠷᠳᠠᠯᠭ᠎ᠠ ᠶᠣᠰᠣᠭᠠᠷ᠂ ︽ᠭᠤᠷᠪᠠᠨ | ᠤᠮᠠᠷᠠᠲᠤ︾ ᠶᠢᠨ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ | ᠡᠯᠡᠰᠦ ᠶᠢ ᠵᠠᠰᠠᠬᠤ᠂ ᠣᠶᠢᠵᠢᠭᠤᠯᠬᠤ᠂ ᠡᠪᠡᠰᠦ ᠲᠠᠷᠢᠬᠤ ᠲᠠᠯ᠎ᠠ ᠪᠠᠷ ᠳᠤᠰ ᠪᠦᠷᠢ ᠣᠨ ᠤ ᠬᠠᠷᠠᠯᠲᠠ ᠡᠭᠦᠷᠭᠡ ᠪᠠᠨ | 113%᠂ 220% ᠪᠠ 148% ᠪᠠᠷ ᠪᠡᠶᠡᠯᠡᠭᠦᠯᠪᠡ︔ ᠲᠥᠪ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠤᠳ ᠢ ᠴᠢᠩᠭ᠎ᠠ ᠠᠩᠬᠠᠷᠴᠤ | ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠪᠠᠨ ᠰᠠᠶᠢᠲᠤᠷ ᠠᠳᠬᠤᠵᠤ᠂ ᠠᠮᠢ ᠠᠬᠤᠢ ᠣᠷᠴᠢᠨ | ᠲᠣᠭᠤᠷᠢᠨ ᠤ ᠠᠰᠠᠭᠤᠳᠠᠯ ᠤᠨ ᠭᠡᠮ ᠰᠣᠭᠤᠭ ᠢ ᠲᠦᠢᠯᠪᠤᠷᠢᠲᠠᠢ ᠵᠢᠭᠰᠠᠭᠠᠨ ᠪᠠᠶᠢᠴᠠᠭᠠᠵᠤ᠂ ᠬᠠᠳᠤᠨ ᠭᠤᠣᠯ ᠵᠢᠴᠢ | ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠢ | 47᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠶᠢᠨ ᠠᠭᠠᠷ ᠮᠠᠨᠳᠠᠯ ᠤᠨ ᠵᠠᠰᠠᠯᠲᠠ ᠶᠢᠨ ᠲᠦᠷᠦᠯ | ᠵᠦᠢᠯ ᠢ 63 ᠬᠡᠷᠡᠭᠵᠢᠭᠦᠯᠵᠦ᠂ ᠬᠠᠳᠤᠨ ᠭᠤᠣᠯ ᠤᠨ ᠭᠤᠣᠯ ᠤᠷᠤᠰᠬᠠᠯ ᠤᠨ ᠤᠰᠤᠨ ᠤ ᠴᠢᠨᠠᠷ ᠤᠨ 5 ᠵᠢᠯ | ᠳᠠᠷᠠᠭᠠᠯᠠᠨ II ᠲᠦᠷᠦᠯ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠤᠯᠤᠰ ᠤᠨ ᠭᠠᠵᠠᠷ ᠳᠡᠭᠡᠷᠡᠬᠢ ᠤᠰᠤ ᠶᠢ ᠰᠢᠯᠭᠠᠨ | ᠬᠢᠨᠠᠬᠤ ᠣᠭᠲᠣᠯᠣᠭᠠᠰᠤ ᠳᠠᠬᠢ ᠪᠦᠬᠦ ᠣᠷᠣᠨ ᠤ ᠭᠠᠵᠠᠷ ᠳᠡᠭᠡᠷᠡᠬᠢ ᠤᠰᠤᠨ ᠤ ᠴᠢᠨᠠᠷ ᠤᠨ ᠰᠢᠯᠢᠳᠡᠭ ᠰᠠᠶᠢᠨ ᠤ | ᠬᠠᠷᠢᠴᠠᠯ 81.4%᠂ ᠴᠡᠪᠡᠷ ᠰᠠᠶᠢᠨ ᠠᠭᠠᠷ ᠲᠠᠢ ᠡᠳᠦᠷ ᠤᠨ ᠲᠤᠭ᠎ᠠ ᠶᠢᠨ ᠬᠠᠷᠢᠴᠠᠯ 90.6% ᠪᠠᠶᠢᠵᠤ᠂ ᠴᠥᠮ | ᠤᠯᠤᠰ ᠤᠨ ᠪᠠᠭᠤᠯᠭᠠᠭᠰᠠᠨ ᠰᠢᠯᠭᠠᠨ ᠬᠢᠨᠠᠬᠤ ᠬᠠᠷᠠᠯᠲᠠ ᠶᠢ ᠪᠡᠶᠡᠯᠡᠭᠦᠯᠪᠡ᠃ ᠠᠮᠤᠷ ᠲᠣᠭᠲᠠᠭᠤᠨ ᠤ | ᠬᠠᠯᠬᠠᠪᠴᠢ ᠶᠢᠨ ᠲᠠᠯ᠎ᠠ ᠪᠠᠷ᠂ ︽ᠰᠤᠷᠤᠯᠭ᠎ᠠ ᠶᠢᠨ ᠰᠦᠢᠳᠬᠡᠯ ᠢ ᠲᠠᠯᠠᠭᠠᠷ ᠲᠤᠰᠢᠶᠠᠵᠤ ᠪᠣᠯᠬᠤ ᠦᠭᠡᠢ︾ ᠭᠡᠳᠡᠭ ᠢ | ᠪᠠᠲᠤ ᠴᠡᠭᠡᠵᠢᠯᠡᠵᠦ᠂ ᠠᠶᠤᠯ ᠦᠭᠡᠢ ᠦᠢᠯᠡᠳᠪᠦᠷᠢᠯᠡᠯ ᠢ ᠬᠦᠴᠦᠯᠡᠨ ᠠᠳᠬᠤᠵᠤ᠂ ᠦᠨᠳᠦᠰᠦ ᠠᠴᠠ ᠨᠢ ᠵᠠᠰᠠᠬᠤ | ᠰᠢᠪᠲᠤᠯᠤᠯᠲᠠ ᠶᠢ ᠥᠷᠨᠢᠭᠦᠯᠵᠦ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠲᠤᠭ᠎ᠠ᠂ ᠠᠳᠡᠭᠰᠡᠨ | ᠬᠥᠮᠥᠨ ᠤ ᠲᠤᠭ᠎ᠠ ᠴᠥᠮ ᠪᠠᠭᠤᠷᠠᠪᠠ᠃ ᠪᠢᠳᠡ ᠲᠦᠭᠰᠢᠭᠦᠷᠢ ᠶᠢ ᠰᠡᠷᠭᠡᠶᠢᠯᠡᠬᠦ᠂ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠬᠤ᠂ ᠬᠥᠭᠵᠢᠯᠲᠡ ᠶᠢ ᠠᠬᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠳ᠋ ᠤᠨ ᠵᠠᠰᠠᠭ ᠢ | ᠪᠦᠬᠦ ᠣᠷᠣᠨ ᠳᠤ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ ᠪᠡᠯᠡ ᠮᠥᠩᠭᠦ ᠶᠢ ᠦᠨᠳᠦᠰᠦᠨ ᠱᠠᠲᠤᠨ ᠳᠤ | ᠪᠠᠭᠤᠯᠭᠠᠬᠤ ᠶᠢ ᠠᠬᠢᠭᠤᠯᠤᠨ᠂ 120.6 ᠳ᠋ᠦᠩᠰᠢᠭᠤᠷ ᠲᠥᠭᠦᠷᠢᠭ ᠭᠠᠷᠭᠠᠵᠤ ᠦᠨᠳᠦᠰᠦᠨ ᠱᠠᠲᠤᠨ ᠤ ᠥᠷᠢ | ᠥᠭᠴᠡᠭᠡ ᠪᠠᠨ ᠠᠷᠢᠯᠭᠠᠬᠤ ᠶᠢ ᠨᠢ ᠳᠡᠮᠵᠢᠵᠥ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠰᠠᠭᠤᠷᠢ | ᠱᠤᠭᠤᠮ ᠢ ᠪᠠᠲᠤ ᠰᠠᠬᠢᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠪᠡᠯᠡ ᠲᠣᠬᠢᠷᠠᠭᠤᠯᠬᠤ ᠲᠠᠪᠴᠠᠩ ᠢ 66. | 5% ᠪᠠᠷ ᠪᠠᠭᠤᠷᠠᠭᠤᠯᠤᠨ᠂ 8 ᠬᠤᠰᠢᠭᠤ ᠰᠢᠶᠠᠨ ᠤ ᠳᠠᠯᠳᠠ ᠥᠷᠢ ᠥᠭᠴᠡᠭᠡ ᠶᠢ ᠪᠦᠷᠢᠮᠦᠰᠦᠨ ᠠᠷᠢᠯᠭᠠᠵᠤ᠂ 1 | ᠠᠶᠢᠮᠠᠭ ᠬᠤᠳᠡ ᠶᠢᠨ ᠲᠤᠰ ᠱᠠᠲᠤ ᠪᠠ 10 ᠬᠤᠰᠢᠭᠤ ᠰᠢᠶᠠᠨ ᠨᠢ ᠲᠦᠭᠰᠢᠭᠦᠷᠢ ᠶᠡᠬᠡᠲᠡᠢ ᠵᠡᠷᠭᠡ ᠳᠡᠰ ᠠᠴᠠ | ᠪᠤᠴᠠᠵᠤ ᠭᠠᠷᠬᠤ ᠪᠣᠯᠣᠮᠵᠢᠲᠠᠢ ᠪᠠᠶᠢᠵᠤ᠂ ᠪᠦᠬᠦ ᠣᠷᠣᠨ ᠤ ᠥᠷᠢ ᠥᠭᠴᠡᠭᠡᠨ ᠤ ᠲᠦᠭᠰᠢᠭᠦᠷᠢ ᠶᠢᠨ ᠳᠡᠰ ᠤᠨ | ᠪᠠᠭᠤᠷᠠᠯᠲᠠ ᠶᠢ ᠪᠡᠶᠡᠯᠡᠭᠦᠯᠬᠦ ᠪᠣᠯᠣᠮᠵᠢᠲᠠᠢ ᠪᠠᠶᠢᠨ᠎ᠠ︔ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠲᠦᠭᠰᠢᠭᠦᠷᠢ ᠶᠢ ᠠᠷᠢᠯᠭᠠᠬᠤ ᠶᠢ ᠯᠠᠪᠳᠠᠭᠤᠨ ᠠᠬᠢᠭᠤᠯᠵᠤ᠂ ᠲᠦᠭᠰᠢᠭᠦᠷᠢ | ᠶᠡᠬᠡᠲᠡᠢ ᠪᠠᠶᠢᠭᠤᠯᠤᠮᠵᠢ ᠶᠢ 80% ᠪᠠᠷ ᠪᠠᠭᠤᠷᠠᠭᠤᠯᠪᠠ︔ ᠴᠠᠭ ᠲᠤ ᠪᠠᠨ ᠪᠠᠲᠤᠯᠠᠨ ᠲᠤᠰᠢᠶᠠᠬᠤ ᠠᠰᠠᠷ᠂ | ᠴᠠᠭ ᠲᠤ ᠪᠠᠨ ᠪᠠᠲᠤᠯᠠᠨ ᠲᠤᠰᠢᠶᠠᠬᠤ ᠭᠡᠷ ᠪᠠᠶᠢᠰᠢᠩ ᠤᠨ ᠡᠭᠦᠷᠭᠡ ᠪᠠᠨ ᠪᠡᠶᠡᠯᠡᠭᠦᠯᠪᠡ᠃ ᠨᠡᠶᠢᠭᠡᠮ ᠤᠨ ᠵᠥᠷᠢᠴᠡᠯ | ᠵᠠᠭᠤᠷᠠᠯᠳᠤᠭᠠᠨ ᠢ ᠡᠬᠢ ᠡᠭᠦᠰᠦᠯ ᠠᠴᠠ ᠨᠢ ᠵᠠᠰᠠᠬᠤ ᠪᠠᠨ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠤᠨ ᠣᠷᠣᠯᠠᠨ | ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ | ᠶᠡᠷᠦᠩᠬᠡᠢ ᠬᠡᠮᠵᠢᠶ᠎ᠡ 46.5% ᠪᠠᠷ ᠪᠠᠭᠤᠷᠠᠪᠠ᠃ ᠴᠠᠬᠢᠯᠭᠠᠨ ᠬᠤᠯᠪᠣᠭᠠᠨ ᠤ ᠮᠡᠬᠡᠯᠡᠯ᠂ ᠰᠤᠷᠭᠠᠭᠤᠯᠢ ᠶᠢᠨ | ᠬᠦᠷᠢᠶᠡᠨ ᠳᠠᠬᠢ ᠳᠠᠷᠤᠯᠠᠯ ᠳᠣᠷᠣᠮᠵᠢᠯᠠᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠠᠮᠢᠨ ᠬᠡᠷᠡᠭ ᠳᠠᠷᠤᠭᠳᠠᠮᠠᠯ ᠬᠡᠷᠡᠭ ᠤᠨ ᠪᠣᠭᠤᠮᠲᠠ ᠰᠢᠪᠲᠤᠯᠤᠯᠲᠠ ᠶᠢ ᠭᠦᠨᠵᠡᠭᠡᠶᠢᠷᠡᠭᠦᠯᠦᠨ᠂ | ᠨᠡᠶᠢᠭᠡᠮ ᠳᠠᠶᠠᠭᠠᠷ ᠤᠨ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠪᠡ᠃ ᠨᠠᠮ ᠵᠠᠰᠠᠭ ᠴᠡᠷᠢᠭ | ᠴᠠᠭᠳᠠᠭ᠎ᠠ ᠠᠷᠠᠳ ︽ᠲᠠᠪᠤ ᠶᠢ ᠨᠢᠭᠡ ᠴᠣᠭᠴᠠᠵᠢᠭᠤᠯᠬᠤ︾ ᠪᠠᠷ ᠬᠦᠴᠦ ᠪᠠᠨ ᠬᠠᠮᠲᠤᠳᠬᠠᠨ ᠬᠢᠯᠢ ᠬᠢᠵᠠᠭᠠᠷ ᠤᠨ | ᠪᠦᠲᠦᠭᠡᠨ ᠪᠠᠶᠢᠭᠤᠯᠤᠯᠲᠠ ᠶᠢ ᠴᠢᠩᠳᠠᠯᠠᠨ ᠬᠢᠯᠢ ᠬᠢᠵᠠᠭᠠᠷ ᠢᠶᠠᠨ ᠪᠠᠬᠢᠵᠢᠭᠦᠯᠬᠦ ᠠᠵᠢᠯ ᠢ ᠴᠢᠩᠭᠠᠳᠬᠠᠪᠠ᠃ | ᠡᠨᠧᠷᠬᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠲᠠᠯ᠎ᠠ ᠪᠠᠷ᠂ | ᠵᠢᠱᠢᠯᠲᠡ ᠪᠠᠷ ᠨᠡᠭᠦᠷᠡᠰᠦᠨ ᠤ ᠭᠠᠷᠤᠯᠲᠠ 12.9 ᠳ᠋ᠦᠩᠰᠢᠭᠤᠷ ᠲᠤᠨ ᠳᠤ ᠬᠦᠷᠴᠦ᠂ ᠬᠠᠩᠭᠠᠯᠭ᠎ᠠ ᠶᠢ ᠪᠠᠲᠤᠯᠠᠬᠤ | ᠡᠭᠦᠷᠭᠡ ᠪᠠᠨ 8.3 ᠳ᠋ᠦᠩᠰᠢᠭᠤᠷ ᠲᠤᠨ ᠪᠡᠶᠡᠯᠡᠭᠦᠯᠦᠨ᠂ ᠪᠦᠬᠦ ᠤᠯᠤᠰ ᠤᠨ 34.5% ᠶᠢ ᠡᠵᠡᠯᠡᠵᠦ᠂ ᠴᠠᠬᠢᠯᠭᠠᠨ | ᠭᠠᠷᠭᠠᠭᠰᠠᠨ ᠬᠡᠮᠵᠢᠶ᠎ᠡ 8000 ᠳ᠋ᠦᠩᠰᠢᠭᠤᠷ ᠭᠷᠡᠳᠦ᠋ᠰ ᠢ ᠳᠠᠪᠠᠵᠤ᠂ ᠭᠠᠳᠠᠭᠰᠢ ᠴᠠᠬᠢᠯᠭᠠᠨ ᠳᠠᠮᠵᠢᠭᠤᠯᠤᠭᠰᠠᠨ | ᠬᠡᠮᠵᠢᠶ᠎ᠡ 3150 ᠳ᠋ᠦᠩᠰᠢᠭᠤᠷ ᠭᠷᠡᠳᠦ᠋ᠰ ᠲᠤ ᠬᠦᠷᠴᠦ᠂ ᠪᠦᠬᠦ ᠤᠯᠤᠰ ᠤᠨ 16% ᠶᠢ ᠡᠵᠡᠯᠡᠵᠦ᠂ ᠴᠥᠮ ᠪᠦᠬᠦ | ᠤᠯᠤᠰ ᠤᠨ ᠨᠢᠭᠡᠳᠦᠭᠡᠷ ᠲᠤ ᠪᠠᠶᠢᠷᠢᠰᠢᠪᠠ︔ ᠪᠣᠬᠢᠷᠳᠤᠯ ᠦᠭᠡᠢ ᠴᠠᠬᠢᠯᠭᠠᠨ ᠭᠠᠷᠭᠠᠭᠰᠠᠨ ᠬᠡᠮᠵᠢᠶ᠎ᠡ 2000 | ᠳ᠋ᠦᠩᠰᠢᠭᠤᠷ ᠭᠷᠡᠳᠦ᠋ᠰ ᠢ ᠳᠠᠪᠠᠵᠤ᠂ ᠪᠦᠬᠦ ᠤᠯᠤᠰ ᠤᠨ ᠪᠣᠬᠢᠷᠳᠤᠯ ᠦᠭᠡᠢ ᠴᠠᠬᠢᠯᠭᠠᠨ ᠤ ᠤᠯᠠᠨ ᠤᠯᠤᠰ ᠤᠨ | ᠨᠡᠭᠦᠷᠡᠰᠦᠳᠦ᠋ᠷᠦᠭᠴᠢ ᠶᠢᠨ ᠤᠯᠠ ᠮᠥᠷ ᠤᠨ ᠠᠩᠬᠠᠳᠠᠭᠴᠢ ᠦᠨᠡᠮᠯᠡᠯ ᠢ ᠲᠠᠷᠬᠠᠭᠠᠵᠤ᠂ ᠪᠦᠬᠦ ᠤᠯᠤᠰ ᠲᠤ ᠡᠩ | ᠲᠡᠷᠢᠭᠦᠨ ᠳᠤ ᠮᠤᠵᠢ ᠠᠯᠤᠰᠯᠠᠭᠰᠠᠨ ᠣᠨᠴᠠ ᠥᠨᠳᠥᠷ ᠬᠦᠴᠦᠳᠡᠯᠲᠦ ᠪᠣᠬᠢᠷᠳᠤᠯ ᠦᠭᠡᠢ ᠴᠠᠬᠢᠯᠭᠠᠨ ᠤ ᠠᠷᠠᠯᠵᠢᠶ᠎ᠠ | ᠥᠷᠨᠢᠭᠦᠯᠦᠨ᠂ ᠪᠣᠬᠢᠷᠳᠤᠯ ᠦᠭᠡᠢ ᠴᠠᠬᠢᠯᠭᠠᠨ ᠤ ᠠᠷᠠᠯᠵᠢᠶᠠᠨ ᠤ ᠬᠡᠪᠴᠢᠶ᠎ᠡ ᠪᠦᠬᠦ ᠤᠯᠤᠰ ᠤᠨ ᠨᠢᠭᠡᠳᠦᠭᠡᠷ ᠲᠤ | ᠪᠠᠶᠢᠷᠢᠰᠢᠵᠤ᠂ ᠶᠤᠸᠠᠨ ᠵᠢᠩ᠂ ᠮᠢᠩ ᠶᠠᠩ᠂ ᠯᠦᠩ ᠵᠢᠢ᠂ ᠯᠦᠩ ᠮᠠ ᠵᠡᠷᠭᠡ ᠨᠢᠭᠡ ᠪᠦᠯᠦᠭ ᠠᠵᠤ ᠠᠬᠤᠶᠢᠯᠠᠯ ᠤᠨ | ᠶᠡᠷᠦᠩᠬᠡᠢ ᠬᠡᠯᠲᠡᠰ ᠳᠠᠩᠰᠠᠯᠠᠭᠤᠯᠤᠨ ᠰᠠᠭᠤᠷᠢᠰᠢᠪᠠ︔ ᠬᠤᠪᠣᠷ ᠰᠢᠷᠣᠢ ᠶᠢᠨ ᠪᠠᠶᠢᠩᠭᠤ ᠰᠣᠷᠢᠨᠵᠢᠨᠲᠤ | ᠮᠠᠲ᠋ᠧᠷᠢᠶᠠᠯ ᠤᠨ ᠭᠠᠷᠤᠯᠲᠠ 30% ᠠᠴᠠ ᠳᠡᠭᠡᠭᠰᠢ ᠨᠡᠮᠡᠭᠳᠡᠵᠦ᠂ ᠬᠤᠪᠣᠷ ᠰᠢᠷᠣᠢ ᠶᠢᠨ ᠠᠵᠤ ᠦᠢᠯᠡᠰ ᠤᠨ | ᠦᠢᠯᠡᠳᠬᠦᠨ ᠤ ᠦᠷᠲᠡᠭ ᠮᠢᠩᠭᠠᠨ ᠳ᠋ᠦᠩᠰᠢᠭᠤᠷ ᠲᠥᠭᠦᠷᠢᠭ ᠢ ᠳᠠᠪᠠᠪᠠ︔ ᠠᠭᠤᠷᠬᠠᠢ ᠬᠠᠶᠢᠬᠤ ᠰᠢᠪᠲᠤᠯᠤᠯᠲᠠ ᠶᠢᠨ | ᠠᠵᠢᠯᠯᠠᠭᠠᠨ ᠢᠶᠠᠷ ᠲᠣᠮᠣ ᠳᠤᠮᠳᠠ ᠬᠡᠯᠪᠡᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ | ᠭᠠᠷᠤᠯᠲᠠ ᠶᠢᠨ ᠣᠷᠣᠨ ᠢ ᠰᠢᠨ᠎ᠡ ᠪᠠᠷ 20 ᠢᠯᠡᠷᠡᠭᠦᠯᠵᠦ᠂ 8 ᠵᠦᠢᠯ ᠤᠨ ᠠᠭᠤᠷᠬᠠᠢ ᠶᠢᠨ ᠭᠠᠷᠤᠯᠲᠠ ᠨᠢ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠠᠬᠢ ᠨᠥᠭᠡᠴᠡ ᠨᠡᠮᠡᠭᠳᠡᠭᠦᠯᠬᠦ ᠡᠭᠦᠷᠭᠡ ᠶᠢ | ᠪᠡᠶᠡᠯᠡᠭᠦᠯᠪᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ | ᠲᠠᠯ᠎ᠠ ᠪᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 940 ᠲᠦᠮᠡᠨ ᠮᠦ᠂ ︽ᠲᠣᠨ ᠤᠨᠠᠯᠲᠠ ᠲᠠᠢ ᠲᠠᠷᠢᠶ᠎ᠠ︾ | ᠶᠢ 855 ᠲᠦᠮᠡᠨ ᠮᠦ ᠪᠠᠶᠢᠭᠤᠯᠵᠤ᠂ ᠪᠡᠯᠡᠳᠭᠡᠮᠵᠢᠲᠦ ᠲᠠᠷᠢᠶᠠᠯᠠᠩ ᠢ 26 ᠲᠦᠮᠡᠨ ᠮᠦ᠂ ᠬᠠᠰᠢᠶᠠᠯᠠᠨ ᠲᠡᠵᠢᠭᠡᠬᠦ | ᠬᠠᠰᠢᠶ᠎ᠠ ᠰᠠᠷᠠᠪᠴᠢ ᠶᠢ 300 ᠲᠦᠮᠡᠨ ᠺᠦᠸᠠᠳ᠋ ᠮᠧᠳ᠋ᠷ ᠰᠢᠨ᠎ᠡ ᠪᠠᠷ ᠨᠡᠮᠡᠭᠳᠡᠭᠦᠯᠦᠨ᠂ 78 ᠲᠦᠮᠡᠨ ᠲᠠᠷᠢᠶᠠᠯᠠᠬᠤ | ᠮᠠᠯᠵᠢᠬᠤ ᠡᠷᠦᠬᠡ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠵᠦ᠂ ᠠᠮᠤ ᠪᠤᠳᠠᠭᠠᠨ ᠤ ᠮᠦ ᠪᠦᠷᠢ ᠶᠢᠨ | ᠤᠨᠠᠯᠲᠠ 24.2 ᠵᠢᠩ ᠳᠡᠭᠡᠭᠰᠢᠯᠡᠵᠦ᠂ ᠡᠷᠳᠡᠨᠢ ᠰᠢᠰᠢ᠂ ᠲᠥᠮᠥᠰᠥ ᠶᠢᠨ ᠳᠤᠮᠳᠠᠴᠢ ᠨᠢᠭᠡᠴᠢ ᠤᠨᠠᠯᠲᠠ ᠳᠠᠬᠢᠨᠲᠠ | ᠰᠢᠨ᠎ᠡ ᠲᠦᠪᠰᠢᠨ ᠳᠤ ᠬᠦᠷᠴᠦ᠂ ᠦᠬᠡᠷ ᠬᠤᠨᠢᠨ ᠤ ᠮᠢᠬ᠎ᠠ᠂ ᠦᠨᠢᠶᠡᠨ ᠰᠦᠨ ᠤ ᠭᠠᠷᠤᠯᠲᠠ ᠪᠦᠬᠦ ᠤᠯᠤᠰ ᠤᠨ | ᠨᠢᠭᠡᠳᠦᠭᠡᠷ ᠲᠤ ᠯᠠᠪᠳᠠᠭᠤᠨ ᠪᠠᠶᠢᠷᠢᠯᠠᠵᠤ᠂ ᠰᠦ ᠰᠠᠭᠠᠯᠢ᠂ ᠤᠯᠠᠭᠠᠨ ᠢᠳᠡᠭᠡ᠂ ᠲᠥᠮᠥᠰᠥ᠂ ᠨᠣᠣᠯᠣᠭᠤᠷ ᠵᠡᠷᠭᠡ | ᠭᠤᠣᠯᠳᠠᠯᠭ᠎ᠠ ᠪᠣᠯᠬᠤ 7 ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠦᠷᠲᠡᠭ 7000 ᠳ᠋ᠦᠩᠰᠢᠭᠤᠷ | ᠲᠥᠭᠦᠷᠢᠭ ᠢ ᠳᠠᠪᠠᠵᠤ᠂ ᠪᠦᠬᠦ ᠤᠯᠤᠰ ᠤᠨ ᠠᠷᠠᠳ ᠲᠦᠮᠡᠨ ᠤ ᠬᠤᠭᠤᠯᠠᠨ ᠰᠢᠷᠡᠭᠡᠨ ᠳᠤ ᠲᠠᠯ᠎ᠠ ᠨᠤᠲᠤᠭ ᠠᠴᠠ | ᠢᠷᠡᠭᠰᠡᠨ ᠪᠣᠬᠢᠷᠳᠤᠯ ᠦᠭᠡᠢ ᠢᠳᠡᠭᠡᠨ ᠶᠠᠪᠤᠬᠤ ᠲᠣᠳᠣᠮ ᠣᠯᠠᠰᠢᠷᠠᠪᠠ᠃ ᠤᠮᠠᠷᠠᠰᠢ ᠨᠡᠭᠡᠭᠡᠯᠲᠡ ᠬᠢᠬᠦ | ᠪᠠᠬᠢᠯᠡᠯᠲᠡ ᠶᠢᠨ ᠲᠠᠯ᠎ᠠ ᠪᠠᠷ᠂ 3 ᠬᠤᠣᠰ ᠤᠯᠠᠨ ᠤᠯᠤᠰ ᠤᠨ ᠨᠦᠬᠦᠷᠰᠡᠭ ᠬᠤᠳᠠ ᠶᠢᠨ ᠬᠠᠷᠢᠴᠠᠭ᠎ᠠ ᠶᠢ ᠰᠢᠨ᠎ᠡ ᠪᠠᠷ | ᠪᠠᠶᠢᠭᠤᠯᠤᠨ᠂ ᠳᠤᠮᠳᠠᠳᠤ ᠮᠣᠩᠭᠤᠯ ᠤᠨ ᠡᠷᠢᠶᠡᠨ ᠬᠤᠳᠠ – ᠵᠠᠮ ᠤᠨ ᠡᠭᠦᠳᠡ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠣᠷᠣᠨ᠂ ᠲᠦᠩᠯᠢᠶᠣᠣ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ | ᠵᠥᠪᠰᠢᠶᠡᠷᠡᠭᠳᠡᠵᠦ᠂ ᠭᠠᠭᠴᠠᠮᠣᠳᠤ ᠬᠢᠯᠢ ᠶᠢᠨ ᠪᠣᠭᠤᠮᠲᠠ ᠶᠢᠨ ᠲᠦᠷᠭᠡᠨ ᠤ ᠵᠠᠰᠠᠮᠠᠯ ᠵᠠᠮ ᠪᠦᠭᠦ ᠱᠤᠭᠤᠮ ᠢᠶᠠᠷ | ᠨᠡᠪᠲᠡᠷᠡᠵᠥ᠂ ᠮᠠᠨᠵᠤᠤᠷ ᠲᠡᠮᠦᠷ ᠵᠠᠮ ᠤᠨ ᠬᠢᠯᠢ ᠶᠢᠨ ᠪᠣᠭᠤᠮᠲᠠ ᠶᠢᠨ ᠬᠠᠷᠢᠯᠴᠠᠨ ᠠᠷᠠᠯᠵᠢᠶᠠᠯᠠᠬᠤ ᠣᠷᠣᠨ ᠢ | ᠪᠣᠭᠤᠮᠲᠠ ᠬᠤᠷᠢᠵᠤ ᠡᠵᠡᠩᠨᠡᠨ ᠠᠵᠢᠯᠯᠠᠭᠤᠯᠵᠤ᠂ ᠵᠢᠱᠢᠯᠲᠡ ᠪᠠᠷ ᠪᠦᠬᠦ ᠣᠷᠣᠨ ᠤ ᠬᠠᠭᠤᠷᠠᠢ ᠵᠠᠮ ᠤᠨ ᠬᠢᠯᠢ ᠶᠢᠨ | ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ 1.2 ᠳ᠋ᠦᠩᠰᠢᠭᠤᠷ ᠲᠣᠨ ᠢ ᠳᠠᠪᠠᠵᠤ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 2000 ᠳ᠋ᠦᠩᠰᠢᠭᠤᠷ ᠲᠥᠭᠦᠷᠢᠭ ᠢ ᠳᠠᠪᠠᠨ᠂ ︽ | ᠰᠢᠨ᠎ᠡ ᠭᠤᠷᠪᠠᠨ ᠵᠦᠢᠯ︾ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ 50% ᠠᠴᠠ ᠳᠡᠭᠡᠭᠰᠢ ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠡᠷᠴᠢᠮ ᠢᠶᠠᠨ ᠰᠤᠯᠠᠷᠠᠭᠤᠯᠤᠯ ᠦᠭᠡᠢ ᠴᠢᠩᠭ᠎ᠠ ᠠᠩᠬᠠᠷᠴᠤ᠂ ᠴᠢᠩᠭ᠎ᠠ | ᠠᠳᠬᠤᠨ ᠱᠠᠯᠠᠪᠳᠠᠨ ᠭᠦᠢᠴᠡᠳᠬᠡᠵᠦ᠂ ︽ᠵᠢᠷᠭᠤᠭᠠᠨ ᠢᠨᠵᠧᠨᠧᠷᠢᠩ︾ ᠢ ᠠᠬᠢᠭᠤᠯᠵᠤ ᠪᠡᠯᠭᠡ ᠲᠡᠮᠳᠡᠭ ᠤᠨ | ᠴᠢᠨᠠᠷᠲᠠᠢ ᠦᠷ᠎ᠡ ᠪᠦᠲᠦᠭᠡᠯ ᠣᠯᠪᠠ᠃ ᠲᠦᠷᠦ ᠶᠢᠨ ᠪᠣᠳᠣᠯᠭ᠎ᠠ ᠶᠢ ᠪᠣᠳᠠᠲᠠᠶᠢᠵᠢᠭᠤᠯᠤᠭᠰᠠᠨ ᠦᠷ᠎ᠡ ᠪᠦᠲᠦᠮᠵᠢ | ᠢᠯᠡᠳᠲᠡ ᠪᠠᠶᠢᠵᠤ᠂ ᠲᠦᠷᠦ ᠶᠢᠨ ᠶᠠᠪᠤᠳᠠᠯ ᠤᠨ ᠬᠤᠷᠢᠶᠠᠨ ᠤ 16 ᠳ᠋ᠤᠭᠠᠷ ᠪᠢᠴᠢᠭ ᠮᠠᠲ᠋ᠧᠷᠢᠶᠠᠯ ᠢ ᠲᠦᠷᠭᠡᠳᠬᠡᠨ | ᠬᠡᠷᠡᠭᠵᠢᠭᠦᠯᠵᠦ᠂ 86 ᠴᠢᠬᠤᠯᠠ ᠶᠡᠭᠡ ᠲᠦᠷᠦᠯ ᠵᠦᠢᠯ ᠤᠨ 74 ᠶᠢ ᠨᠢ ᠠᠵᠢᠯ ᠡᠬᠢᠯᠡᠭᠦᠯᠵᠦ᠂ ᠪᠠᠷᠠᠭᠤᠨ ᠣᠷᠣᠨ ᠢ | ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ | ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠡᠷᠭᠡ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠴᠥᠮ ᠪᠦᠲᠦᠮᠵᠢᠳᠠᠢ ᠨᠠᠶᠢᠳᠠᠪᠤᠷᠢᠵᠢᠭᠤᠯᠪᠠ᠃ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ | ᠴᠣᠭᠴᠠᠵᠢᠭᠤᠯᠬᠤ ᠢᠨᠵᠧᠨᠧᠷᠢᠩ ᠤᠨ ︽ᠬᠠᠪᠤᠷ ᠪᠣᠯᠣᠮᠠᠭᠴᠠ ᠠᠵᠢᠯ ᠡᠬᠢᠯᠡᠭᠦᠯᠬᠦ︾ ᠶᠢ ᠪᠡᠶᠡᠯᠡᠭᠦᠯᠵᠦ᠂ ᠰᠠᠯᠬᠢᠨ | ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠮᠠᠰᠢᠨ ᠴᠣᠭᠴᠠᠯᠠᠪᠤᠷᠢ ᠶᠢ 2727 ᠲᠦᠮᠡᠨ ᠺᠢᠯᠣᠸᠠᠲ ᠪᠦᠲᠦᠭᠡᠨ | ᠪᠠᠶᠢᠭᠤᠯᠵᠤ᠂ 238 ᠲᠦᠮᠡᠨ ᠮᠦ ᠡᠯᠡᠰᠦ ᠶᠢ ᠵᠠᠰᠠᠵᠤ᠂ ᠬᠥᠪᠴᠢ ᠶᠢᠨ ᠡᠯᠡᠰᠦ ᠶᠢᠨ ︽ᠭᠡᠷᠡᠯᠴᠢ ᠴᠡᠨᠡᠭ ᠤᠨ | ᠣᠷᠲᠦ ᠴᠠᠭᠠᠨ ᠬᠡᠷᠡᠮ︾ ᠠᠩᠬ᠎ᠠ ᠬᠡᠪᠴᠢᠶᠡᠵᠢᠵᠦ᠂ ᠪᠣᠷᠣᠬᠤᠲᠠ ᠠᠴᠠ ᠪᠠᠶᠠᠨᠲᠤᠬᠤᠢ ᠬᠦᠷᠬᠦ ᠡᠯᠡᠰᠦ ᠶᠢ ᠵᠠᠰᠠᠬᠤ | ᠵᠠᠰᠠᠮᠠᠯ ᠵᠠᠮ ᠪᠦᠬᠦ ᠤᠯᠤᠰ ᠤᠨ ᠬᠠᠮᠤᠭ ᠤᠨ ᠰᠠᠶᠢᠬᠠᠨ ᠬᠥᠳᠡᠭᠡ ᠳᠤᠰᠬᠤᠨ ᠤ ᠵᠠᠮ ᠢᠶᠠᠷ ᠦᠨᠡᠯᠡᠭᠳᠡᠵᠦ᠂ ︽ | ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ︾ ᠪᠠᠷ ᠤᠯᠠᠨ ᠲᠦᠮᠡᠨ ᠢ ᠳᠠᠶᠢᠴᠢᠯᠠᠨ 8.5 ᠳ᠋ᠦᠩᠰᠢᠭᠤᠷ | ᠲᠥᠭᠦᠷᠢᠭ ᠤᠨ ᠣᠷᠣᠯᠭ᠎ᠠ ᠨᠡᠮᠡᠭᠳᠡᠭᠦᠯᠦᠨ᠂ ᠴᠥᠯᠡᠷᠬᠡᠭᠵᠢᠯ ᠢ ᠰᠡᠷᠭᠡᠶᠢᠯᠡᠨ ᠵᠠᠰᠠᠬᠤ᠂ ᠰᠢᠨ᠎ᠡ ᠡᠨᠧᠷᠬᠢ ᠶᠢ | ᠬᠥᠭᠵᠢᠭᠦᠯᠬᠦ᠂ ᠠᠷᠠᠳ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠲᠠᠯ᠎ᠠ ᠪᠠᠷ ᠴᠥᠮ ᠠᠰᠢᠭ ᠬᠦᠷᠲᠡᠬᠦ ᠶᠢ | ᠪᠡᠶᠡᠯᠡᠭᠦᠯᠪᠡ᠃ ᠳᠤᠯᠠᠭᠠᠯᠠᠭ᠎ᠠ ᠶᠢᠨ ᠢᠨᠵᠧᠨᠧᠷᠢᠩ ᠤᠨ ᠣᠨ ᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠂ 200 | ᠳ᠋ᠦᠩᠰᠢᠭᠤᠷ ᠲᠥᠭᠦᠷᠢᠭ ᠰᠢᠬᠠᠮ ᠪᠡᠯᠡ ᠣᠷᠣᠭᠤᠯᠵᠤ᠂ ᠢᠯᠴᠢ ᠬᠠᠩᠭᠠᠬᠤ ᠬᠤᠭᠤᠯᠠᠢ ᠭᠤᠤᠷᠰᠤ ᠶᠢᠨ ᠲᠣᠣᠷ ᠢ | ᠲᠦᠮᠡᠨ ᠺᠢᠯᠣᠮᠧᠳ᠋ᠷ ᠰᠢᠬᠠᠮ ᠥᠭᠡᠷᠡᠴᠢᠯᠡᠨ ᠰᠢᠨᠡᠳᠬᠡᠵᠦ᠂ ᠪᠦᠬᠦ ᠣᠷᠣᠨ ᠤ ᠰᠦᠯᠵᠢᠶ᠎ᠡ ᠪᠠᠷ ᠬᠢᠨᠠᠨ ᠰᠢᠨᠵᠢᠭᠰᠡᠨ | ᠥᠷᠥᠭᠡᠨ ᠤ ᠳᠤᠯᠠᠭᠠᠨ ᠤ ᠪᠠᠷᠢᠮᠵᠢᠶ᠎ᠠ ᠳᠤ ᠬᠦᠷᠦᠭᠰᠡᠨ ᠨᠤᠷᠮ᠎ᠠ 99% ᠠᠴᠠ ᠳᠡᠭᠡᠭᠰᠢ ᠳᠤ ᠬᠦᠷᠴᠦ᠂ 19.3 | ᠲᠦᠮᠡᠨ ᠡᠷᠦᠬᠡ ᠶᠢᠨ ᠴᠡᠪᠡᠷ ᠳᠤᠯᠠᠭᠠᠯᠠᠭ᠎ᠠ ᠪᠠᠷ ᠥᠭᠡᠷᠡᠴᠢᠯᠡᠨ ᠰᠢᠨᠡᠳᠬᠡᠬᠦ ᠠᠵᠢᠯ ᠢ ᠪᠡᠶᠡᠯᠡᠭᠦᠯᠦᠨ᠂ ᠤᠯᠠᠨ | ᠲᠦᠮᠡᠨ ᠤ ᠬᠠᠨᠤᠮᠵᠢ ᠶᠢᠨ ᠬᠡᠮᠵᠢᠶ᠎ᠡ ᠢᠯᠡᠳᠲᠡ ᠳᠡᠭᠡᠭᠰᠢᠯᠡᠪᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ ᠢ | ᠨᠡᠶᠢᠲᠡᠯᠡᠨ᠂ ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠠᠬᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ | ᠳᠦᠷᠢᠮ ᠢ ᠪᠠᠶᠢᠭᠤᠯᠵᠤ᠂ ᠦᠨᠡᠨᠴᠢ ᠢᠲᠡᠭᠡᠮᠵᠢ ᠶᠢᠨ ᠵᠠᠭᠠᠯᠳᠤᠯᠭ᠎ᠠ ᠶᠢᠨ ᠴᠣᠩᠬᠤᠪᠴᠢ ᠭᠠᠷᠭᠠᠵᠤ᠂ ᠡᠯ᠎ᠡ | ᠲᠦᠷᠦᠯ ᠤᠨ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢ ᠶᠡᠭᠡ ᠪᠠᠷ ᠴᠡᠭᠴᠡᠯᠡᠨ ᠵᠠᠰᠠᠵᠤ᠂ ᠠᠵᠤ | ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠳᠠᠬᠢ ᠵᠣᠭᠤᠰ ᠢ ᠨᠢ ᠢᠯᠭᠠᠷᠠᠭᠤᠯᠤᠨ᠂ 71.4 ᠳ᠋ᠦᠩᠰᠢᠭᠤᠷ | ᠲᠥᠭᠦᠷᠢᠭ ᠤᠨ ᠬᠤᠬᠢᠷᠠᠯ ᠢ ᠡᠭᠡᠭᠦᠯᠵᠦ ᠠᠪᠴᠢᠷᠠᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ | ᠪᠦᠰᠡᠯᠡᠯᠲᠡ ᠰᠢᠪᠲᠤᠯᠬᠤ︾ ᠠᠵᠢᠯ ᠠᠩᠬ᠎ᠠ ᠡᠬᠢᠯᠡᠮᠡᠭᠴᠡ ᠲᠥᠯᠥᠪᠵᠢᠵᠦ᠂ 5 ᠴᠡᠭ ᠪᠠᠶᠢᠷᠢᠯᠠᠯ ᠤᠨ 36 | ᠵᠦᠢᠯ ᠤᠨ ᠭᠤᠣᠯᠳᠠᠯᠭ᠎ᠠ ᠪᠣᠯᠬᠤ ᠡᠭᠦᠷᠭᠡ ᠶᠢ ᠪᠦᠬᠦ ᠲᠠᠯ᠎ᠠ ᠪᠠᠷ ᠠᠬᠢᠭᠤᠯᠤᠨ᠂ ᠰᠦ ᠰᠠᠭᠠᠯᠢ ᠶᠢᠨ ᠦᠢᠯᠡᠰ᠂ | ᠬᠤᠪᠣᠷ ᠰᠢᠷᠣᠢ᠂ ᠣᠰᠣᠳᠦ᠋ᠷᠦᠭᠴᠢ᠂ ᠨᠥᠭᠡᠴᠡ ᠡᠨᠧᠷᠬᠢ ᠵᠡᠷᠭᠡ ᠬᠦᠷᠢᠶ᠎ᠡ ᠴᠠᠷᠠᠭᠠᠨ ᠳᠤ ᠨᠢᠭᠡ ᠪᠦᠯᠦᠭ ᠠᠵᠢᠯ | ᠲᠦᠷᠦᠯ ᠤᠨ ᠬᠤᠭᠤᠰᠤᠨ ᠣᠷᠣᠨ ᠵᠠᠢ ᠶᠢ ᠨᠥᠬᠦᠪᠦᠷᠢᠯᠡᠭᠰᠡᠨ ᠮᠡᠷᠭᠡᠵᠢᠯ ᠤᠨ ᠰᠢᠪᠲᠤᠯᠤᠯᠲᠠ ᠲᠠᠢ ᠪᠣᠯᠵᠤ᠂ ᠠᠭᠠᠷ | ᠰᠠᠨᠰᠠᠷ ᠤᠨ ᠬᠡᠮᠵᠢᠭᠦᠷ ᠠᠯᠤᠰᠯᠠᠭᠰᠠᠨ ᠬᠡᠮᠵᠢᠯᠲᠡ ᠶᠢᠨ ᠰᠠᠭᠤᠷᠢ ᠪᠠᠷᠢᠮᠵᠢᠶᠠᠲᠤ ᠲᠣᠮᠣ ᠰᠢᠨᠵᠢᠯᠡᠬᠦ ᠤᠬᠠᠭᠠᠨ ᠤ | ᠲᠣᠨᠣᠭᠯᠠᠯ ᠬᠢᠭᠡᠳ ᠴᠢᠳᠠᠮᠵᠢ ᠰᠠᠶᠢᠲᠠᠢ ᠬᠡᠷᠡᠯᠳᠦ ᠰᠠᠷᠠᠯᠵᠢ ᠶᠢ ᠠᠵᠤ ᠦᠢᠯᠡᠰᠵᠢᠭᠦᠯᠬᠦ ᠲᠦᠷᠦᠯ ᠵᠦᠢᠯ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠪᠠ︔ ᠬᠤᠸᠠᠢ ᠷᠧᠦ ᠶᠢᠨ ᠤᠯᠤᠰ ᠤᠨ ᠲᠤᠷᠰᠢᠯᠲᠠ ᠶᠢᠨ ᠲᠠᠰᠤᠭ ᠯᠤᠭ᠎ᠠ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠶᠢᠭᠤᠯᠵᠤ᠂ ᠳᠠᠯᠠᠨ ᠬᠠᠷ᠎ᠠ ᠠᠭᠤᠯᠠ᠂ ᠣᠷᠳᠣᠰ ᠲᠤᠷᠰᠢᠯᠲᠠ ᠶᠢᠨ | ᠲᠠᠰᠤᠭ ᠫᠠᠶᠢᠰᠠ ᠡᠯᠭᠦᠨ ᠠᠵᠢᠯᠯᠠᠵᠤ᠂ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ | ᠡᠭᠦᠳᠦᠯᠲᠡ ᠶᠢᠨ ᠲᠥᠪ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠪᠠ ᠶᠡᠭᠡ ᠳᠡᠭᠡᠳᠦ | ᠰᠤᠷᠭᠠᠭᠤᠯᠢ᠂ ᠠᠵᠤ ᠠᠬᠤᠶᠢᠯᠠᠯ ᠤᠳ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ 13 ᠲᠦᠷᠦᠯ ᠵᠦᠢᠯ ᠢ | ᠳᠠᠭᠠᠭᠠᠨ ᠠᠪᠴᠤ ᠵᠠᠯᠭᠠᠭᠤᠯᠪᠠ︔ ︽ᠮᠧᠩ ᠺᠧ ᠵᠢᠦᠢ︾ ᠲᠠᠪᠴᠠᠩ ᠤᠨ ᠦᠷ᠎ᠡ ᠪᠦᠲᠦᠮᠵᠢ ᠲᠣᠳᠣᠷᠠᠵᠤ᠂ | ᠨᠡᠶᠢᠲᠡ 2412 ᠬᠤᠪᠢ ᠠᠷᠠᠯᠵᠢᠶᠠᠯᠠᠨ ᠤᠯᠠᠷᠢᠭᠤᠯᠵᠤ᠂ 8.7% ᠪᠠᠷ ᠨᠡᠮᠡᠭᠳᠡᠨ᠂ ᠮᠡᠷᠭᠡᠵᠢᠯ ᠤᠨ ᠭᠡᠷ᠎ᠡ ᠶᠢᠨ | ᠠᠷᠠᠯᠵᠢᠶᠠᠯᠠᠭᠰᠠᠨ ᠲᠤᠭ᠎ᠠ 33.6% ᠪᠠᠷ ᠨᠡᠮᠡᠭᠳᠡᠪᠡ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ | ᠪᠦᠬᠦᠢ ᠳᠤᠮᠳᠠ ᠵᠢᠵᠢᠭ ᠠᠵᠤ ᠠᠬᠤᠶᠢᠯᠠᠯ 853 ᠡᠷᠦᠬᠡ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 97 | ᠡᠷᠦᠬᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ 20 ᠡᠷᠦᠬᠡ ᠪᠣᠳᠠᠲᠠᠢ | ᠨᠡᠮᠡᠭᠳᠡᠵᠦ᠂ ᠳ᠋ᠣᠺᠲ᠋ᠣᠷ ᠮᠠᠰᠲ᠋ᠧᠷ ᠤᠨ ᠡᠷᠳᠡᠮ ᠤᠨ ᠴᠣᠯᠠ ᠣᠯᠭᠤᠬᠤ ᠴᠡᠭ 45 ᠰᠢᠨ᠎ᠡ ᠪᠠᠷ ᠨᠡᠮᠡᠭᠳᠡᠨ᠂ 11 | ᠰᠢᠨᠵᠢᠯᠡᠭᠡᠨ ᠤ ᠰᠠᠯᠠᠭᠠᠨ ᠤ ᠳ᠋ᠣᠺᠲ᠋ᠣᠷ ᠤᠨ ᠴᠡᠭ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ᠂ 2 ᠲᠦᠷᠦᠯ | ᠵᠦᠢᠯ ᠨᠢ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ | ᠱᠠᠩᠨᠠᠯ ᠢ ᠬᠦᠷᠲᠡᠵᠦ᠂ ᠮᠠᠨ ᠤ ᠣᠷᠣᠨ ᠤ ᠣᠷᠣᠨ ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ ᠪᠦᠬᠦ ᠤᠯᠤᠰ ᠤᠨ | ᠨᠡᠷᠡᠰ ᠤᠨ ᠵᠢᠭᠰᠠᠭᠠᠯᠲᠠ ᠳᠤ 4 ᠨᠡᠷᠡᠰ ᠳᠡᠭᠡᠭᠰᠢᠯᠡᠪᠡ᠃ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ | ᠪᠠᠶᠢᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠶᠡᠷᠦᠩᠬᠡᠢ ᠲᠥᠰᠥᠯ ᠢ ᠨᠠᠶᠢᠷᠠᠭᠤᠯᠤᠨ ᠳᠠᠭᠤᠰᠬᠠᠵᠤ᠂ ᠤᠯᠤᠰ ᠤᠨ | ᠱᠠᠲᠤ ᠳᠠᠪᠬᠤᠷᠭ᠎ᠠ ᠳᠠᠬᠢ ᠳᠦᠷᠢᠮ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ 223 ᠬᠠᠭᠤᠯᠪᠤᠷᠢᠯᠠᠨ | ᠳᠡᠯᠭᠡᠷᠡᠭᠦᠯᠵᠦ᠂ ᠪᠡᠯᠡ ᠣᠷᠣᠭᠤᠯᠤᠯᠳᠠ᠂ ᠠᠷᠠᠯᠵᠢᠶ᠎ᠠ᠂ ᠮᠥᠩᠭᠦᠨ ᠭᠦᠢᠯᠭᠡᠭᠡ ᠵᠡᠷᠭᠡ ᠬᠦᠷᠢᠶ᠎ᠡ ᠴᠠᠷᠠᠭᠠᠨ ᠤ | ᠥᠭᠡᠷᠡᠴᠢᠯᠡᠯᠲᠡ ᠶᠢ ᠲᠤᠷᠰᠢᠨ ᠥᠷᠨᠢᠭᠦᠯᠪᠡ᠃ | ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠶᠢᠨ ᠠᠷᠭ᠎ᠠ ᠪᠠᠷ ᠬᠦᠴᠢᠷ ᠠᠰᠠᠭᠤᠳᠠᠯ ᠢ | ᠰᠢᠢᠳᠪᠦᠷᠢᠯᠡᠬᠦ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠥᠳᠡᠯᠭᠡᠭᠴᠢ ᠬᠦᠴᠦᠨ | ᠠᠮᠢᠵᠢᠷᠠᠯ ᠤᠨ ᠬᠦᠴᠦᠨ ᠢ ᠪᠦᠲᠦᠮᠵᠢᠳᠠᠢ ᠬᠥᠭᠵᠢᠭᠡᠪᠡ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠭᠰᠠᠨ 276 ᠵᠦᠢᠯ ᠤᠨ ᠥᠭᠡᠷᠡᠴᠢᠯᠡᠯᠲᠡ ᠶᠢᠨ | ᠡᠭᠦᠷᠭᠡ ᠲᠠᠢ ᠨᠢᠭᠲᠠ ᠤᠶᠠᠯᠳᠤᠭᠤᠯᠤᠨ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠤᠨ᠂ ᠴᠢᠩᠭ᠎ᠠ ᠬᠦᠴᠦᠲᠡᠢ | ᠠᠬᠢᠭᠤᠯᠵᠤ᠂ ᠡᠨᠧᠷᠬᠢ ᠠᠷᠪᠢᠯᠠᠨ ᠨᠡᠭᠦᠷᠡᠰᠦᠳᠦ᠋ᠷᠦᠭᠴᠢ ᠶᠢ ᠪᠠᠭᠤᠷᠠᠭᠤᠯᠬᠤ᠂ ᠲᠡᠭ ᠰᠠᠭᠤᠷᠢᠨ ᠲᠥᠰᠥᠪ᠂ ᠳᠣᠣᠷ᠎ᠠ | ᠠᠭᠠᠷ ᠤᠨ ᠠᠵᠤ ᠠᠬᠤᠢ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠵᠡᠷᠭᠡ ᠨᠢᠭᠡ ᠪᠦᠯᠦᠭ | ᠥᠭᠡᠷᠡᠴᠢᠯᠡᠯᠲᠡ ᠶᠢᠨ ᠲᠥᠰᠥᠯ ᠢ ᠨᠡᠶᠢᠲᠡᠯᠡᠪᠡ᠃ ᠣᠨᠴᠠᠭᠠᠶᠢᠯᠠᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠱᠠᠭᠠᠷᠳᠠᠯᠭ᠎ᠠ ᠶᠣᠰᠣᠭᠠᠷ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠪᠠᠨ ᠥᠭᠡᠷᠡᠴᠢᠯᠡᠬᠦ᠂ | ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠬᠦ᠂ ᠰᠤᠷᠲᠠᠯ ᠢᠶᠠᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ | ᠠᠬᠢᠭᠤᠯᠵᠤ᠂ ᠨᠢᠭᠡ ᠪᠦᠯᠦᠭ ᠵᠥᠷᠢᠴᠡᠯᠳᠦ ᠠᠰᠠᠭᠤᠳᠠᠯ ᠢ ᠰᠢᠢᠳᠪᠦᠷᠢᠯᠡᠨ᠂ ᠬᠡᠰᠡᠭ ᠡᠭᠦᠷᠭᠡ ᠴᠢᠳᠠᠪᠤᠷᠢ ᠶᠢᠨ | ᠲᠣᠭᠲᠠᠴᠠ ᠶᠢ ᠰᠢᠯᠤᠭᠤᠳᠬᠠᠪᠠ᠃ ︽ᠨᠡᠯᠦ᠋ᠢᠲᠡᠯ᠎ᠡ ᠤᠰᠤᠯᠠᠬᠤ︾ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠵᠦ | ᠂ ᠲᠠᠷᠢᠶᠠᠯᠠᠩ ᠤᠨ ᠣᠰᠣᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠡᠶᠡᠯᠡᠭᠦᠯᠦᠨ᠂ | ᠲᠠᠷᠢᠶᠠᠯᠠᠩ ᠤᠨ ᠤᠰᠤ ᠠᠷᠪᠢᠯᠠᠭᠰᠠᠨ ᠬᠡᠮᠵᠢᠶ᠎ᠡ 3.8 ᠳ᠋ᠦᠩᠰᠢᠭᠤᠷ ᠺᠦᠪ ᠮᠧᠳ᠋ᠷ ᠰᠢᠨ᠎ᠡ ᠪᠠᠷ ᠨᠡᠮᠡᠭᠳᠡᠪᠡ᠃ | ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠵᠣᠷᠢᠭ ᠰᠢᠭᠤᠳᠤᠨ ᠰᠢᠢᠳᠪᠦᠷᠢᠯᠡᠵᠦ᠂ | ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠣᠯᠭᠤᠬᠤ ᠲᠣᠭᠲᠠᠴᠠ ᠶᠢ ᠲᠡᠭᠦᠯᠳᠡᠷᠵᠢᠭᠦᠯᠦᠨ᠂ | 17 ᠬᠤᠰᠢᠭᠤ ᠰᠢᠶᠠᠨ ᠳᠤ ᠲᠤᠷᠰᠢᠯᠲᠠ ᠶᠢᠨ ᠴᠡᠭ ᠥᠷᠨᠢᠭᠦᠯᠵᠦ᠂ ᠪᠠᠶᠢᠭᠠᠯᠢᠯᠢᠭ ᠨᠤᠲᠤᠭ ᠪᠡᠯᠴᠢᠭᠡᠷ ᠲᠠᠬᠢ ᠮᠠᠯ | ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠵᠢᠭᠠᠯᠲᠠ ᠲᠤᠭ᠎ᠠ 23.9% ᠪᠠᠶᠢᠭᠰᠠᠨ ᠠᠴᠠ ᠪᠠᠨ ᠪᠠᠭᠤᠷᠠᠭᠠᠳ 10% | ᠬᠦᠷᠬᠦ ᠦᠭᠡᠢ ᠪᠣᠯᠪᠠ᠃ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠬᠦᠷᠢᠶ᠎ᠡ ᠴᠠᠷᠠᠭᠠᠨ ᠳᠠᠬᠢ | ᠥᠭᠡᠷᠡᠴᠢᠯᠡᠯᠲᠡ ᠶᠢ ᠠᠬᠢᠭᠤᠯᠵᠤ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢ ᠶᠢ ᠬᠢᠨᠠᠨ ᠬᠠᠮᠢᠶᠠᠷᠬᠤ ᠦᠢᠯᠡᠴᠢᠯᠡᠭᠡ ᠶᠢ | ᠴᠢᠩᠭᠠᠳᠬᠠᠨ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ᠂ ᠠᠷᠠᠯᠵᠢᠶᠠᠯᠠᠭᠰᠠᠨ ᠲᠤᠭ᠎ᠠ ᠲᠣᠰ ᠪᠦᠷᠢ 3. | 5 ᠳᠠᠬᠢᠨ ᠪᠠ 2.5 ᠳᠠᠬᠢᠨ ᠨᠡᠮᠡᠭᠳᠡᠵᠦ᠂ ᠵᠠᠰᠠᠮᠠᠯ ᠵᠠᠮ ᠲᠡᠮᠦᠷ ᠵᠠᠮ ᠠᠭᠠᠷ ᠤᠨ ᠲᠡᠭᠡᠭᠡᠪᠦᠷᠢ ᠰᠢᠤᠳᠠᠨ ᠤ | ᠶᠠᠪᠤᠳᠠᠯ ᠤᠨ ᠳᠠᠭᠠᠭᠤᠯᠤᠭᠴᠢ ᠠᠵᠤ ᠠᠬᠤᠶᠢᠯᠠᠯ ᠢ 91 ᠪᠤᠶᠢᠵᠢᠭᠤᠯᠵᠤ᠂ 4747 ᠺᠢᠯᠣᠮᠧᠳ᠋ᠷ ᠲᠦᠷᠭᠡᠨ ᠤ ᠵᠠᠰᠠᠮᠠᠯ | ᠵᠠᠮ ᠤᠨ ᠬᠤᠷᠳᠤᠴᠠ ᠶᠢᠨ ᠬᠢᠵᠠᠭᠠᠷᠯᠠᠯ ᠳᠤ ᠲᠣᠬᠢᠷᠠᠭᠤᠯᠤᠯᠲᠠ ᠬᠢᠵᠦ᠂ ᠴᠠᠭ ᠤᠨ ᠬᠤᠷᠳᠤᠴᠠ ᠶᠢ 120 | ᠺᠢᠯᠣᠮᠧᠳ᠋ᠷ ᠢᠶᠠᠷ ᠬᠢᠵᠠᠭᠠᠷᠯᠠᠬᠤ ᠵᠠᠮ ᠤᠨ ᠬᠡᠰᠡᠭ ᠤᠨ ᠡᠵᠡᠯᠡᠬᠦ ᠬᠠᠷᠢᠴᠠᠯ 18% ᠪᠠᠶᠢᠭᠰᠠᠨ ᠠᠴᠠ ᠨᠡᠮᠡᠭᠳᠡᠭᠡᠳ | 71% ᠪᠣᠯᠪᠠ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠥᠷᠭᠦᠯᠵᠢᠯᠡᠨ ᠰᠢᠯᠢᠳᠡᠭᠵᠢᠭᠦᠯᠵᠦ᠂ | ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ ᠶᠢ ᠪᠠᠶᠢᠭᠤᠯᠵᠤ᠂ | ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠢ ᠨᠡᠶᠢᠲᠡᠯᠡᠨ᠂ | ᠠᠵᠤ ᠠᠬᠤᠶᠢᠯᠠᠯ ᠳᠤ ᠭᠠᠶᠢᠯᠢ ᠬᠥᠩᠭᠡᠯᠡᠨ ᠰᠦᠢᠳᠬᠡᠯ ᠪᠠᠭᠤᠷᠠᠭᠤᠯᠤᠭᠰᠠᠨ ᠵᠢᠴᠢ ᠭᠠᠶᠢᠯᠢ ᠪᠤᠴᠠᠭᠠᠭᠰᠠᠨ ᠨᠢ 300 | ᠳ᠋ᠦᠩᠰᠢᠭᠤᠷ ᠲᠥᠭᠦᠷᠢᠭ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ | ᠰᠢᠭᠤᠳ ᠬᠦᠷᠭᠡᠬᠦ ᠪᠡᠯᠡ ᠮᠥᠩᠭᠦ 13.7 ᠳ᠋ᠦᠩᠰᠢᠭᠤᠷ ᠲᠥᠭᠦᠷᠢᠭ ᠲᠤ ᠬᠦᠷᠴᠦ᠂ ᠲᠦᠭᠡᠮᠡᠯ ᠬᠠᠷᠠᠭᠠᠯᠵᠠᠯ ᠤᠨ | ᠬᠡᠯᠪᠡᠷᠢᠲᠦ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 14% ᠪᠠᠷ ᠨᠡᠮᠡᠭᠳᠡᠨ᠂ ︽ | ᠥᠨᠳᠥᠷ ᠪᠦᠲᠦᠮᠵᠢᠳᠠᠢ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠠᠵᠢᠯ ᠳᠤ ᠲᠦᠷᠦ ᠶᠢᠨ ᠶᠠᠪᠤᠳᠠᠯ ᠤᠨ | ᠬᠤᠷᠢᠶᠠᠨ ᠤ ᠨᠡᠶᠢᠲᠡᠯᠡᠭᠰᠡᠨ 13 ᠵᠦᠢᠯᠡᠰ ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠪᠠᠰᠠ 10 ᠵᠦᠢᠯᠡᠰ ᠢ | ᠨᠡᠶᠢᠲᠡᠯᠡᠨ᠂ ᠭᠤᠭᠴᠤᠭ᠎ᠠ ᠴᠠᠭ ᠮᠠᠲ᠋ᠧᠷᠢᠶᠠᠯ ᠢ ᠴᠥᠮ 70% ᠠᠴᠠ ᠳᠡᠭᠡᠭᠰᠢ ᠪᠠᠭᠠᠰᠬᠠᠨ ᠬᠠᠰᠤᠵᠤ᠂ ᠠᠷᠠᠳ ᠠᠴᠠ | ᠡᠵᠡᠩᠨᠡᠭᠰᠡᠨ ᠡᠵᠡᠩᠨᠡᠯᠲᠡ ᠶᠢᠨ ᠭᠤᠣᠯ ᠴᠣᠭᠴᠠ 16.4 ᠲᠦᠮᠡᠨ ᠡᠷᠦᠬᠡ ᠪᠣᠳᠠᠲᠠᠢ ᠨᠡᠮᠡᠭᠳᠡᠨ᠂ 6.4% ᠪᠠᠷ | ᠨᠡᠮᠡᠭᠳᠡᠵᠦ᠂ ᠶᠢᠩ ᠰᠧ ᠲᠧ ᠬᠤᠪᠣᠷ ᠰᠢᠷᠣᠢ ᠶᠢᠨ ᠪᠠᠶᠢᠩᠭᠤ ᠰᠣᠷᠢᠨᠵᠢᠨᠲᠤ ᠰᠢᠨ᠎ᠡ ᠮᠠᠲ᠋ᠧᠷᠢᠶᠠᠯ ᠨᠢ ᠱᠧᠨᠵᠧᠨ ᠤ | ᠲᠡᠮᠳᠡᠭᠲᠦ ᠶᠢᠨ ᠠᠷᠠᠯᠵᠢᠶᠠᠨ ᠤ ᠭᠠᠵᠠᠷ ᠢᠶᠠᠷ ᠰᠲ᠋ᠣᠺ ᠤᠨ ᠵᠠᠬ᠎ᠠ ᠳᠤ ᠭᠠᠷᠪᠠ᠃ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠬᠢᠵᠦ ᠪᠦᠰᠡᠯᠡᠯᠲᠡ ᠰᠢᠪᠲᠤᠯᠬᠤ ᠠᠵᠢᠯ ᠢ ᠭᠦᠨᠵᠡᠭᠡᠶᠢᠷᠡᠭᠦᠯᠦᠨ᠂ ᠣᠳᠣ | ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠦᠷᠭᠡᠳᠬᠡᠨ ᠪᠠᠶᠢᠭᠤᠯᠵᠤ᠂ ᠬᠥᠯᠥᠰᠦ ᠣᠯᠭᠤᠮᠵᠢ ᠬᠢᠭᠡᠳ ᠦᠷ᠎ᠡ | ᠠᠰᠢᠭ ᠢ ᠪᠠᠲᠤᠯᠠᠭᠠᠲᠤ ᠴᠢᠨᠠᠷᠲᠠᠢ ᠪᠠᠷ ᠬᠤᠯᠪᠣᠭᠳᠠᠭᠤᠯᠬᠤ ᠲᠣᠭᠲᠠᠴᠠ ᠶᠢ ᠬᠡᠷᠡᠭᠵᠢᠭᠦᠯᠦᠨ᠂ ᠥᠪᠡᠷᠲᠡᠭᠡᠨ ᠵᠠᠰᠠᠬᠤ | ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ | ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠡᠳ᠋ ᠬᠥᠷᠥᠩᠭᠡ ᠶᠢᠨ ᠶᠡᠷᠦᠩᠬᠡᠢ ᠲᠤᠭ᠎ᠠ ᠠᠩᠬ᠎ᠠ ᠤᠳᠠᠭ᠎ᠠ ᠲᠦᠮᠡᠨ | ᠳ᠋ᠦᠩᠰᠢᠭᠤᠷ ᠲᠥᠭᠦᠷᠢᠭ ᠢ ᠳᠠᠪᠠᠵᠤ᠂ ᠪᠦᠬᠦ ᠤᠯᠤᠰ ᠤᠨ 500 ᠬᠦᠴᠦᠷᠬᠡᠭ ᠠᠵᠤ ᠠᠬᠤᠶᠢᠯᠠᠯ ᠤᠨ ᠨᠡᠷᠡᠰ ᠤᠨ | ᠵᠢᠭᠰᠠᠭᠠᠯᠲᠠ ᠳᠤ ᠴᠠᠬᠢᠯᠭᠠᠨ ᠬᠦᠴᠦᠨ ᠤ ᠪᠦᠯᠦᠭᠯᠡᠯ 11 ᠨᠡᠷᠡᠰ ᠳᠠᠪᠰᠢᠵᠤ᠂ ᠪᠤᠭᠤᠲᠤ ᠶᠢᠨ ᠪᠣᠯᠣᠳ ᠲᠡᠮᠦᠷ ᠤᠨ | ᠪᠦᠯᠦᠭᠯᠡᠯ ᠤᠨ ᠠᠰᠢᠭ ᠣᠯᠵᠠᠪᠤᠷᠢ ᠶᠢᠨ ᠨᠡᠮᠡᠭᠳᠡᠯ ᠤᠨ ᠬᠤᠷᠳᠤᠴᠠ ᠠᠵᠢᠯ ᠲᠦᠷᠦᠯ ᠤᠨ ᠳᠤᠮᠳᠠᠴᠢ ᠬᠢᠷᠢ | ᠲᠦᠪᠰᠢᠨ ᠠᠴᠠ 33 ᠵᠠᠭᠤᠨ ᠤ ᠬᠤᠪᠢ ᠶᠢᠨ ᠴᠡᠭ ᠥᠨᠳᠥᠷ ᠪᠠᠶᠢᠵᠤ᠂ ᠡᠨᠧᠷᠬᠢ ᠶᠢᠨ ᠪᠦᠯᠦᠭᠯᠡᠯ᠂ ᠣᠢ ᠰᠢᠭᠤᠢ | ᠨᠤᠲᠤᠭ ᠪᠡᠯᠴᠢᠭᠡᠷ ᠤᠨ ᠠᠮᠢ ᠠᠬᠤᠢ ᠶᠢᠨ ᠺᠣᠮᠫᠠᠨᠢ ᠶᠢᠨ ᠠᠰᠢᠭ ᠣᠯᠵᠠᠪᠤᠷᠢ ᠲᠤᠰ ᠪᠦᠷᠢ 1 ᠳᠠᠬᠢᠨ ᠪᠠ 15 | ᠳᠠᠬᠢᠨ ᠨᠡᠮᠡᠭᠳᠡᠨ᠂ ᠵᠠᠮ ᠬᠠᠷᠢᠯᠴᠠᠭᠠᠨ ᠤ ᠪᠦᠯᠦᠭᠯᠡᠯ᠂ ᠰᠣᠶᠣᠯ ᠵᠢᠭᠤᠯᠴᠢᠯᠠᠯ ᠤᠨ ᠪᠦᠯᠦᠭᠯᠡᠯ ᠤᠨ ᠡᠵᠡᠩᠨᠡᠯᠲᠡ ᠶᠢᠨ | ᠣᠷᠣᠯᠭ᠎ᠠ ᠲᠣᠰ ᠪᠦᠷᠢ 1.1 ᠳᠠᠬᠢᠨ ᠪᠠ 4.3 ᠳᠠᠬᠢᠨ ᠨᠡᠮᠡᠭᠳᠡᠪᠡ᠃ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ ᠴᠤᠪᠤᠷᠠᠯ ᠤᠨ | ᠬᠤᠭᠤᠴᠠᠭᠠᠲᠤ ᠦᠢᠯᠡᠳᠦᠯ ᠢ ᠰᠢᠯᠢᠳᠡᠭᠵᠢᠭᠦᠯᠬᠦ᠂ ᠪᠡᠯᠡ ᠮᠥᠩᠭᠦᠨ ᠤ ᠬᠠᠮᠢᠶᠠᠷᠤᠯᠲᠠ ᠶᠢᠨ ᠡᠷᠬᠡ ᠮᠡᠳᠡᠯ ᠢ | ᠠᠭᠤᠵᠢᠭᠤ ᠲᠠᠯᠪᠢᠬᠤ ᠵᠡᠷᠭᠡ ᠨᠢᠭᠡ ᠪᠦᠯᠦᠭ ᠥᠭᠡᠷᠡᠴᠢᠯᠡᠯᠲᠡ ᠶᠢᠨ ᠵᠦᠢᠯᠡᠰ ᠢ ᠨᠡᠶᠢᠲᠡᠯᠡᠪᠡ᠃ ᠠᠯᠳᠠᠭ᠎ᠠ | ᠪᠤᠷᠤᠭᠤ ᠪᠠᠨ ᠵᠠᠯᠠᠷᠠᠭᠤᠯᠬᠤ ᠨᠢ ᠥᠭᠡᠷᠡᠴᠢᠯᠡᠯᠲᠡ ᠪᠣᠯᠬᠤ ᠶᠢ ᠪᠠᠷᠢᠮᠲᠠᠯᠠᠨ᠂ ᠲᠣᠭᠤᠷᠢᠨ ᠪᠠᠶᠢᠴᠠᠭᠠᠯᠲᠠ᠂ ᠬᠢᠨᠠᠨ | ᠪᠣᠳᠣᠯᠲᠠ᠂ ᠲᠤᠭ᠎ᠠ ᠪᠦᠷᠢᠳᠬᠡᠯ ᠵᠡᠷᠭᠡ ᠬᠢᠨᠠᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠤᠳ ᠢ ᠬᠢᠨᠠᠮᠠᠭᠠᠢ | ᠴᠡᠭᠴᠡᠯᠡᠨ ᠵᠠᠰᠠᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭᠠᠨ ᠳᠠᠬᠢ ᠬᠠᠤᠯᠢ ᠲᠣᠭᠲᠠᠭᠠᠯ ᠠᠴᠠ | ᠵᠥᠷᠢᠴᠡᠭᠰᠡᠨ ᠠᠰᠠᠭᠤᠳᠠᠯ ᠤᠨ ᠵᠠᠰᠠᠯᠲᠠ ᠶᠢ ᠪᠠᠶᠢᠩᠭᠤᠰᠢᠭᠤᠯᠤᠨ ᠠᠬᠢᠭᠤᠯᠵᠤ᠂ ᠤᠯᠤᠰ ᠤᠨ ᠥᠮᠴᠢᠯᠡᠯᠲᠦ ᠠᠵᠤ | ᠠᠬᠤᠶᠢᠯᠠᠯ᠂ ᠡᠮ ᠡᠮᠨᠡᠯᠭᠡ᠂ ᠮᠥᠩᠭᠦᠨ ᠭᠦᠢᠯᠭᠡᠭᠡ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ | ᠵᠡᠷᠭᠡ ᠬᠦᠷᠢᠶ᠎ᠡ ᠴᠠᠷᠠᠭᠠᠨ ᠳᠠᠬᠢ ᠲᠣᠪᠤᠶᠢᠮ᠎ᠠ ᠠᠰᠠᠭᠤᠳᠠᠯ ᠤᠳ ᠢ ᠭᠦᠨᠵᠡᠭᠡᠢ ᠴᠡᠭᠴᠡᠯᠡᠨ ᠵᠠᠰᠠᠪᠠ᠃ | ᠨᠢᠭᠡ ᠵᠢᠯ ᠤᠨ ᠲᠤᠷᠰᠢ᠂ ᠪᠢᠳᠡ ᠨᠢᠭᠡ ᠲᠠᠯ᠎ᠠ ᠪᠠᠷ ᠠᠵᠤ ᠠᠬᠤᠢ ᠶᠢᠨ ᠬᠥᠭᠵᠢᠯᠲᠡ ᠶᠢ ᠠᠳᠬᠤᠵᠤ᠂ | ᠨᠦᠭᠦᠭᠡ ᠲᠠᠯ᠎ᠠ ᠪᠠᠷ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠠᠳᠬᠤᠨ᠂ ᠦᠨᠳᠦᠰᠦᠲᠡᠨ ᠨᠦᠭᠦᠳ ᠤᠨ | ᠣᠯᠠᠨ ᠲᠦᠮᠡᠨ ᠳᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤ ᠪᠠᠷ | ᠡᠳ᠋ᠯᠡᠭᠦᠯᠪᠡ᠃ ᠵᠢᠱᠢᠯᠲᠡ ᠪᠠᠷ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠣᠯᠲᠠ 13% ᠪᠠᠷ ᠨᠡᠮᠡᠭᠳᠡᠨ᠂ ᠪᠦᠬᠦ | ᠤᠯᠤᠰ ᠤᠨ 2 ᠳ᠋ᠤᠭᠠᠷ ᠪᠠᠶᠢᠷᠢ ᠪᠠᠨ ᠪᠠᠲᠤᠯᠠᠵᠤ᠂ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠣᠯᠲᠠ | 9100 ᠳ᠋ᠦᠩᠰᠢᠭᠤᠷ ᠲᠥᠭᠦᠷᠢᠭ ᠢ ᠳᠠᠪᠠᠵᠤ᠂ ᠪᠣᠣ ᠹᠧᠩ ᠤᠨ ᠪᠦᠬᠦ ᠪᠥᠮᠪᠥᠷᠴᠡᠭ ᠲᠤ ᠳᠠᠩ ᠭᠠᠭᠴᠠ | ᠦᠢᠯᠡᠳᠪᠦᠷᠢ ᠶᠢᠨ ᠬᠡᠪᠴᠢᠶᠡᠵᠢᠯ ᠢᠶᠠᠷ ᠬᠠᠮᠤᠭ ᠤᠨ ᠶᠡᠭᠡ ᠨᠡᠭᠦᠷᠡᠰᠦ ᠪᠠᠷ ᠠᠯᠺᠧᠨ ᠨᠡᠭᠦᠷᠦᠭᠴᠢ ᠦᠢᠯᠡᠳᠬᠦ | ᠪᠣᠬᠢᠷᠳᠤᠯ ᠦᠭᠡᠢ ᠣᠰᠣᠳᠦ᠋ᠷᠦᠭᠴᠢ ᠶᠢ ᠡᠪᠴᠡᠯᠳᠦᠭᠦᠯᠬᠦ᠂ ᠯᠦᠩ ᠵᠢᠢ ᠭᠡᠷᠡᠯᠴᠢ ᠴᠡᠨᠡᠭ ᠤᠨ ᠪᠦᠬᠦ ᠠᠵᠤ | ᠦᠢᠯᠡᠰ ᠤᠨ ᠬᠡᠯᠬᠢᠶ᠎ᠡ ᠶᠢ ᠨᠢᠭᠡ ᠴᠣᠭᠴᠠᠵᠢᠭᠤᠯᠬᠤ᠂ ᠤᠮᠠᠷᠠᠲᠤ ᠶᠢᠨ ᠬᠤᠪᠣᠷ ᠰᠢᠷᠣᠢ ᠶᠢᠨ ᠪᠦᠬᠦ ᠪᠥᠮᠪᠥᠷᠴᠡᠭ ᠲᠤ | ᠬᠡᠪᠴᠢᠶᠡᠵᠢᠯ ᠢᠶᠠᠷ ᠬᠠᠮᠤᠭ ᠤᠨ ᠶᠡᠭᠡ ᠬᠠᠮᠤᠭ ᠤᠨ ᠲᠡᠷᠢᠭᠦᠨ ᠤ ᠬᠠᠶᠢᠯᠤᠭᠤᠯᠤᠨ ᠪᠣᠯᠪᠠᠰᠣᠷᠠᠭᠤᠯᠵᠦ ᠬᠤᠪᠢᠶᠠᠨ | ᠰᠠᠯᠭᠠᠬᠤ ᠵᠡᠷᠭᠡ ᠠᠵᠤ ᠦᠢᠯᠡᠰ ᠤᠨ ᠲᠦᠷᠦᠯ ᠵᠦᠢᠯ ᠢ ᠠᠰᠢᠭᠯᠠᠯᠲᠠ ᠳᠤ ᠣᠷᠣᠭᠤᠯᠪᠠ︔ ᠵᠢᠨᠢᠩ ᠠᠴᠠ ᠳ᠋ᠠᠲ᠋ᠦ᠋ᠩ | ᠶᠤᠸᠠᠨᠫᠢᠩ ᠬᠦᠷᠬᠦ ᠲᠦᠷᠭᠡᠨ ᠤ ᠲᠡᠮᠦᠷ ᠵᠠᠮ ᠢ ᠨᠡᠪᠲᠡᠷᠡᠭᠦᠯᠦᠨ ᠠᠵᠢᠯᠯᠠᠭᠤᠯᠵᠤ᠂ ᠵᠢᠨᠢᠩ ᠠᠴᠠ ᠲᠦᠩᠯᠢᠶᠣᠣ ᠬᠦᠷᠬᠦ | ᠲᠡᠮᠦᠷ ᠵᠠᠮ ᠤᠨ ᠴᠠᠬᠢᠯᠭᠠᠨᠵᠢᠯᠲᠠ ᠶᠢ ᠪᠦᠬᠦ ᠲᠠᠯ᠎ᠠ ᠪᠠᠷ ᠪᠡᠶᠡᠯᠡᠭᠦᠯᠦᠨ᠂ ᠵᠡᠭᠦᠨᠰᠢ ᠪᠠᠷᠠᠭᠤᠨᠰᠢᠬᠢ ᠲᠦᠷᠭᠡᠨ ᠤ ᠵᠠᠰᠠᠮᠠᠯ | ᠵᠠᠮ ᠤᠨ ᠶᠡᠭᠡ ᠨᠡᠪᠲᠡᠷᠡᠯ ᠵᠠᠮ ᠢ ᠪᠦᠬᠦ ᠱᠤᠭᠤᠮ ᠢᠶᠠᠷ ᠨᠡᠪᠲᠡᠷᠡᠭᠦᠯᠦᠨ᠂ ᠬᠦᠬᠡᠬᠤᠳᠠ ᠶᠢᠨ ᠱᠧᠩᠯᠧ ᠣᠯᠠᠨ | ᠤᠯᠤᠰ ᠤᠨ ᠨᠢᠰᠬᠡᠯ ᠤᠨ ᠪᠠᠭᠤᠳᠠᠯ ᠤᠨ ᠭᠤᠣᠯ ᠴᠣᠭᠴᠠᠲᠤ ᠪᠠᠷᠢᠯᠭ᠎ᠠ ᠦᠨᠳᠦᠰᠦᠨ ᠳᠤ ᠪᠠᠨ ᠠᠵᠢᠯ ᠳᠠᠭᠤᠰᠴᠤ᠂ | ᠱᠧᠩᠯᠢ ᠠᠴᠠ ᠵᠠᠩᠪᠧᠢ ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠳᠠᠮᠵᠢᠭᠤᠯᠬᠤ ᠢᠨᠵᠧᠨᠧᠷᠢᠩ ᠢ | ᠡᠬᠢᠯᠡᠭᠦᠯᠦᠨ ᠠᠵᠢᠯᠯᠠᠭᠤᠯᠵᠤ᠂ ᠡᠭᠦᠯᠡᠨ ᠳ᠋ᠠᠶᠢᠲ᠋ᠠ ᠶᠢᠨ ᠲᠥᠪ ᠵᠡᠷᠭᠡ ᠰᠢᠨ᠎ᠡ ᠬᠡᠯᠪᠡᠷᠢ ᠶᠢᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠣᠯᠲᠠ 40% ᠠᠴᠠ ᠳᠡᠭᠡᠭᠰᠢ ᠨᠡᠮᠡᠭᠳᠡᠪᠡ᠃ | ᠵᠢᠱᠢᠯᠲᠡ ᠪᠠᠷ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ 4% ᠪᠠᠷ | ᠨᠡᠮᠡᠭᠳᠡᠨ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ | ᠠᠵᠢᠯ ᠨᠢ 300 ᠭᠠᠷᠤᠢ ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠵᠦ᠂ ᠲᠦᠷᠦᠭᠦᠴᠢ ᠳᠡᠯᠭᠡᠭᠦᠷ᠂ | ᠬᠤᠰᠢᠭᠤᠴᠢ ᠳᠡᠯᠭᠡᠭᠦᠷ ᠢ 168 ᠰᠢᠨ᠎ᠡ ᠪᠠᠷ ᠣᠷᠣᠭᠤᠯᠤᠨ ᠠᠪᠴᠢᠷᠠᠵᠤ᠂ ︽ᠠᠶᠠᠯᠭᠤᠲᠤ ᠵᠢᠭᠤᠯᠴᠢᠯᠠᠯ ᠥᠪᠥᠷ | ᠮᠣᠩᠭᠤᠯ︾᠂ ︽ᠳᠡᠯᠭᠡᠷ ᠨᠠᠭᠠᠳᠤᠮ︾ ᠨᠢ ᠵᠢᠭᠤᠯᠴᠢᠯᠠᠯ ᠤᠨ ᠰᠢᠨ᠎ᠡ ᠬᠥᠭ ᠠᠶᠠᠰ ᠢ ᠴᠢᠪᠬᠠᠳᠠᠵᠤ᠂ ᠷᠠᠰᠢᠶᠠᠨ ᠤ | ᠤᠯᠤᠰ ᠤᠨ ᠳᠡᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠪᠠ ᠯᠣᠣ ᠨᠢᠦ ᠸᠠᠨ ᠬᠠᠲᠣᠨ ᠭᠤᠣᠯ ᠤᠨ ᠶᠡᠭᠡ | ᠬᠠᠪᠴᠢᠯ᠂ ᠮᠡᠷᠭᠡᠯ ᠭᠤᠣᠯ 5A ᠳᠡᠰ ᠤᠨ ᠦᠵᠡᠮᠵᠢ ᠶᠢᠨ ᠣᠷᠣᠨ ᠬᠢᠨᠠᠨ ᠵᠥᠪᠰᠢᠶᠡᠷᠡᠭᠳᠡᠵᠦ᠂ ᠪᠦᠬᠦ ᠣᠷᠣᠨ ᠤ | ᠬᠦᠯᠢᠶᠡᠨ ᠠᠪᠴᠤ ᠵᠣᠴᠢᠯᠠᠭᠰᠠᠨ ᠵᠢᠭᠤᠯᠴᠢᠯᠠᠭᠴᠢᠳ 2.73 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ | 4140 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠪᠡᠶᠡᠯᠡᠭᠦᠯᠦᠨ᠂ 18.6% ᠪᠠ 23.4% ᠪᠠᠷ ᠨᠡᠮᠡᠭᠳᠡᠪᠡ᠃ | ᠤᠮᠠᠷᠠᠲᠤ ᠬᠢᠯᠢ ᠶᠢᠨ ᠰᠣᠶᠣᠯ ᠢ ᠰᠤᠳᠤᠯᠵᠤ ᠵᠣᠬᠢᠶᠠᠨ ᠪᠦᠲᠦᠭᠡᠵᠦ ᠤᠯᠠᠮᠵᠢᠯᠠᠬᠤ ᠶᠢ ᠴᠢᠩᠭᠠᠳᠬᠠᠨ᠂ ᠶᠤᠸᠠᠨ ᠤ | ᠳᠡᠭᠡᠳᠦ ᠨᠡᠶᠢᠰᠯᠡᠯ᠂ ᠴᠢᠨ ᠤ ᠴᠢᠬᠡ ᠵᠠᠮ ᠤᠨ ᠪᠠᠭᠤᠷᠢ᠂ ᠤᠳᠠ ᠶᠢᠨ ᠫᠧᠷᠮᠢ ᠭᠠᠯᠪᠠ ᠶᠢᠨ ᠤᠷᠭᠤᠮᠠᠯ | ᠬᠤᠴᠢᠯᠭ᠎ᠠ ᠶᠢᠨ ᠴᠢᠯᠠᠭᠤᠵᠢᠮᠠᠯ ᠤᠨ ᠭᠠᠷᠤᠯᠲᠠ ᠶᠢᠨ ᠣᠷᠣᠨ ᠤ ᠬᠠᠮᠠᠭᠠᠯᠠᠯᠲᠠ ᠢᠳᠡᠪᠬᠢ ᠠᠬᠢᠯᠲᠠ ᠲᠠᠢ ᠪᠣᠯᠵᠤ᠂ | ᠬᠤᠩᠱᠠᠨ ᠰᠣᠶᠣᠯ ᠤᠨ ᠬᠠᠭᠤᠴᠢᠨ ᠤ ᠰᠤᠳᠤᠯᠤᠯ ᠤᠨ ᠲᠠᠯ᠎ᠠ ᠪᠠᠷ ᠪᠠᠰᠠ ᠴᠢᠬᠤᠯᠠ ᠶᠡᠭᠡ ᠢᠯᠡᠷᠡᠭᠦᠯᠦᠯᠲᠡ ᠲᠠᠢ | ᠪᠠᠶᠢᠵᠤ᠂ ᠪᠠᠳᠠᠢ ᠶᠢᠨ ᠵᠢᠷᠠᠨ ᠡᠯᠡᠰᠦ – ᠡᠯᠡᠰᠦᠨ ᠴᠣᠬᠢᠶ᠎ᠠ ᠨᠠᠭᠤᠷ ᠪᠦᠷᠢᠳᠦ ᠨᠦᠭᠦᠳ ᠢ ᠠᠮᠵᠢᠯᠲᠠ ᠲᠠᠢ ᠪᠠᠷ | ᠥᠪ ᠢᠶᠠᠷ ᠭᠤᠶᠤᠴᠢᠯᠠᠪᠠ᠂ ᠲᠧᠯᠸᠢᠰ ᠵᠦᠴᠦᠭᠡ ︽ᠠᠬᠠᠮᠠᠳ ᠦᠶ᠎ᠡ ᠶᠢᠨ ᠢᠷᠠᠭᠤ ᠠᠯᠳᠠᠷ︾ ᠨᠢ ︽ᠲᠠᠪᠤᠨ | ᠨᠢᠭᠡ ᠶᠢᠨ ᠢᠨᠵᠧᠨᠧᠷᠢᠩ︾ ᠤᠨ ᠱᠠᠩᠨᠠᠯ ᠬᠦᠷᠲᠡᠵᠦ᠂ ᠤᠯᠠᠭᠠᠨᠮᠥ᠋ᠴᠢᠷ ᠨᠢ ᠪᠡᠭᠡᠵᠢᠩ ᠱᠠᠩᠬᠠᠢ ᠭᠤᠸᠠᠩᠵᠧᠦ ᠵᠡᠷᠭᠡ | 25 ᠮᠤᠵᠢ ᠬᠤᠳᠠ ᠪᠠᠷ 760 ᠭᠠᠷᠤᠢ ᠲᠠᠯᠠᠪᠤᠷ ᠲᠣᠭᠤᠷᠢᠨ ᠲᠣᠭᠯᠠᠵᠤ᠂ ︽ᠮᠣᠷᠢᠲᠤ ᠴᠡᠷᠢᠭ︾ ᠵᠡᠷᠭᠡ ᠤᠳᠬ᠎ᠠ | ᠤᠷᠠᠯᠢᠭ ᠤᠨ ᠪᠦᠲᠦᠭᠡᠯ ᠤᠨ ᠦᠵᠡᠭᠦᠯᠭᠡ ᠶᠢᠨ ᠲᠤᠭᠯᠠᠯᠲᠠ ᠶᠢᠨ ᠲᠠᠯᠠᠪᠤᠷ ᠪᠣᠯᠭᠠᠨ ᠳᠤ ᠦᠵᠡᠭᠴᠢᠳ ᠳᠦᠭᠦᠷᠴᠦ᠂ | ︽ᠤᠮᠠᠷᠠᠲᠤ ᠬᠢᠯᠢ ᠶᠢᠨ ᠰᠣᠶᠣᠯ ᠤᠨ ᠡᠬᠡ ᠤᠯᠤᠰ ᠲᠠᠬᠢ ᠠᠶᠠᠯᠠᠯ︾ ᠢ ᠪᠦᠬᠦ ᠤᠯᠤᠰ ᠲᠤ ᠬᠠᠩᠭᠢᠨᠠᠭᠤᠯᠪᠠ᠃ | ᠠᠷᠠᠳ ᠤᠨ ᠠᠮᠢᠳᠤᠷᠠᠯ ᠤᠨ ᠦᠢᠯᠡᠰ ᠲᠠᠰᠤᠷᠠᠯᠲᠠ ᠦᠭᠡᠢ ᠰᠢᠨ᠎ᠡ ᠠᠬᠢᠯᠲᠠ ᠲᠠᠢ ᠪᠣᠯᠵᠤ᠂ ᠵᠢᠱᠢᠯᠲᠡ ᠪᠠᠷ | ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠨᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠤ ᠪᠠᠨ | ᠠᠳᠠᠯᠢ ᠪᠠᠶᠢᠵᠤ᠂ ᠬᠤᠲᠠ ᠪᠠᠯᠭᠠᠰᠤᠨ ᠤ 20.1 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠨ᠂ ᠵᠢᠯ ᠤᠨ | ᠡᠬᠢᠨ ᠳᠤ ᠠᠮᠠᠯᠠᠭᠰᠠᠨ 33 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠵᠦ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠮᠥᠩᠭᠦ᠂ ᠵᠡᠮᠳᠡᠭᠴᠦᠳ ᠤᠨ ᠨᠡᠮᠡᠭᠦᠷᠢ ᠵᠡᠷᠭᠡ 5 | ᠵᠦᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ | ᠴᠥᠮ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠳᠤ ᠬᠦᠷᠦᠭᠰᠡᠨ ᠪᠤᠶᠤ ᠲᠡᠭᠦᠨ ᠠᠴᠠ ᠳᠠᠪᠠᠪᠠ︔ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 1.69 ᠲᠦᠮᠡᠨ ᠢᠵᠢ ᠰᠢᠨ᠎ᠡ ᠪᠠᠷ ᠪᠡᠯᠡᠳᠬᠡᠨ | ᠪᠠᠶᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ 3460 ᠡᠷᠣᠭᠡ᠂ ᠬᠤᠲᠠ | ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ 1185 ᠥᠭᠡᠷᠡᠴᠢᠯᠡᠨ ᠰᠢᠨᠡᠳᠬᠡᠪᠡ︔ ᠪᠦᠢᠲᠠ ᠪᠥᠭᠯᠡᠭᠦᠦ | ᠲᠠᠷᠢᠶᠠᠯᠠᠬᠤ ᠮᠠᠯᠵᠢᠬᠤ ᠡᠷᠦᠬᠡ ᠪᠠ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠴᠠᠬᠢᠯᠭᠠᠨ ᠬᠦᠴᠦᠨ ᠤ | ᠲᠣᠣᠷ ᠢ ᠤᠷᠲᠤᠳᠬᠠᠬᠤ ᠵᠢᠴᠢ ᠰᠢᠨ᠎ᠡ ᠡᠨᠧᠷᠬᠢ ᠶᠢᠨ ᠴᠠᠬᠢᠯᠭᠠᠨ ᠨᠠᠪᠲᠠᠷᠡᠭᠦᠯᠵᠦ ᠳᠡᠰ ᠳᠡᠪᠰᠢᠭᠦᠯᠬᠦ ᠢᠨᠵᠧᠨᠧᠷᠢᠩ ᠢ | ᠪᠦᠭᠦ ᠲᠠᠯ᠎ᠠ ᠪᠠᠷ ᠪᠡᠶᠡᠯᠡᠭᠦᠯᠪᠡ︔ ᠨᠢᠯᠬ᠎ᠠ ᠨᠢᠷᠠᠢ ᠬᠡᠦᠬᠡᠳ ᠰᠠᠭᠠᠲᠠᠭᠤᠯᠬᠤ ᠣᠷᠣ ᠶᠢ 1.8 ᠲᠦᠮᠡ᠂ ᠰᠠᠭᠤᠷᠢ | ᠰᠤᠷᠭᠠᠨ ᠬᠥᠮᠦᠵᠢᠯ ᠤᠨ ᠰᠤᠷᠤᠯᠭ᠎ᠠ ᠶᠢᠨ ᠣᠷᠣ ᠶᠢ 3.8 ᠲᠦᠮᠡ ᠰᠢᠨ᠎ᠡ ᠪᠠᠷ ᠨᠡᠮᠡᠭᠳᠡᠭᠦᠯᠵᠦ᠂ ᠦᠨᠳᠦᠰᠦᠨ | ᠠᠩᠭᠢ ᠶᠢᠨ ᠲᠤᠰᠬᠠᠢ ᠮᠡᠷᠭᠡᠵᠢᠯ ᠢ 22 ᠰᠢᠨ᠎ᠡ ᠪᠠᠷ ᠲᠣᠬᠢᠷᠠᠭᠤᠯᠵᠤ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠨᠢ ᠠᠵᠤ ᠠᠬᠤᠶᠢᠯᠠᠯ ᠳᠤ ᠵᠠᠬᠢᠶᠠᠯᠠᠭ᠎ᠠ ᠮᠠᠶ᠋ᠢᠭ ᠢᠶᠠᠷ ᠮᠡᠷᠭᠡᠰᠢᠯᠲᠦ ᠴᠢᠳᠠᠪᠤᠷᠢᠲᠠᠨ ᠢ 3.1 ᠲᠦᠮᠡ | ᠬᠥᠮᠥᠵᠢᠭᠦᠯᠵᠦ ᠥᠭᠪᠡ︔ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ᠂ ᠰᠢᠤᠸᠠᠨ ᠦ᠋ ᠡᠮᠨᠡᠯᠭᠡ ᠶᠢᠨ | ᠬᠤᠷᠢᠶᠠᠨ ᠤ ᠥᠪᠥᠷ ᠮᠣᠩᠭᠤᠯ ᠳᠠᠬᠢ ᠡᠮᠨᠡᠯᠭᠡ ᠶᠢᠨ ᠬᠤᠷᠢᠶ᠎ᠠ ᠵᠡᠷᠭᠡ ᠤᠯᠤᠰ ᠤᠨ ᠣᠷᠣᠨ ᠪᠦᠰᠡ ᠶᠢᠨ 2 | ᠡᠮᠴᠢᠯᠡᠭᠡᠨ ᠤ ᠲᠥᠪ ᠰᠢᠨ᠎ᠡ ᠪᠠᠷ ᠫᠠᠶᠢᠰᠠ ᠡᠯᠭᠦᠨ ᠪᠠᠶᠢᠭᠤᠯᠤᠭᠳᠠᠵᠤ᠂ ᠨᠢᠭᠲᠠ ᠬᠡᠯᠪᠡᠷᠢ ᠪᠦᠬᠦᠢ ᠰᠢᠶᠠᠨ ᠤ | ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ 61 ᠪᠠᠶᠢᠭᠤᠯᠵᠤ᠂ ᠪᠦᠬᠦ ᠣᠷᠣᠨ ᠤ 333 ᠡᠷᠦᠬᠡ | ᠡᠮᠴᠢᠯᠡᠭᠡᠨ ᠤ ᠪᠠᠶᠢᠭᠤᠯᠤᠮᠵᠢ ᠨᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠢᠶᠠᠨ ᠬᠠᠷᠢᠯᠴᠠᠨ ᠮᠡᠳᠡᠷᠡᠬᠦ ᠶᠢ | ᠪᠡᠶᠡᠯᠡᠭᠦᠯᠵᠦ᠂ ᠡᠮ ᠡᠮᠨᠡᠯᠭᠡ ᠶᠢᠨ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠨᠢ ᠣᠯᠠᠨ | ᠲᠦᠮᠡᠨ ᠤ ᠡᠮᠨᠡᠭᠦᠯᠬᠦ ᠳᠠᠷᠤᠭᠠᠰᠤ ᠶᠢ 172 ᠳ᠋ᠦᠩᠰᠢᠭᠤᠷ ᠲᠥᠭᠦᠷᠢᠭ ᠬᠥᠩᠭᠡᠷᠡᠭᠦᠯᠪᠡ︔ ᠠᠷᠪᠠᠨ ᠳᠥᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ᠂ ᠡᠷᠡᠭᠲᠡᠢ ᠶᠢᠨ ᠪᠦᠢᠺᠦ | ᠪᠥᠮᠪᠦᠭᠡ ᠶᠢᠨ ᠠᠽᠢᠶ᠎ᠠ ᠲᠢᠪ ᠬᠤᠨᠳᠠᠭᠠᠲᠤ ᠬᠤᠯᠪᠣᠭᠠᠲᠤ ᠣᠷᠣᠯᠳᠣᠭᠠᠨ᠂ ᠪᠦᠬᠦ ᠤᠯᠤᠰ ᠤᠨ ᠫᠢᠩᠫᠠᠩ | ᠪᠥᠮᠪᠦᠭᠡ ᠶᠢᠨ ᠮᠠᠩᠯᠠᠢ ᠰᠢᠯᠭᠠᠷᠠᠭᠤᠯᠬᠤ ᠣᠷᠣᠯᠳᠣᠭᠠᠨ ᠵᠡᠷᠭᠡ ᠴᠢᠬᠤᠯᠠ ᠶᠡᠭᠡ ᠣᠷᠣᠯᠳᠣᠭᠠᠨ ᠤ ᠶᠠᠪᠤᠳᠠᠯ ᠢ | ᠠᠮᠵᠢᠯᠲᠠ ᠲᠠᠢ ᠡᠷᠬᠢᠯᠡᠨ᠂ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠮᠠᠨ ᠤ ᠣᠷᠣᠨ ᠤ ᠲᠠᠮᠢᠷᠴᠢᠨ 1 | ᠠᠯᠲᠠᠨ ᠮᠧᠳᠠᠯ 1 ᠮᠥᠩᠭᠦᠨ ᠮᠧᠳᠠᠯ ᠤᠨ ᠲᠡᠦᠬᠡᠨ ᠳᠡᠭᠡᠷᠡᠬᠢ ᠬᠠᠮᠤᠭ ᠤᠨ ᠰᠠᠶᠢᠨ ᠬᠢᠷᠢ ᠪᠦᠲᠦᠮᠵᠢ ᠣᠯᠪᠠ᠃ | ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠴᠠ ᠪᠦᠬᠦ | ᠲᠠᠯ᠎ᠠ ᠶᠢᠨ ᠬᠠᠮᠲᠤᠷᠠᠯᠴᠠᠭ᠎ᠠ ᠲᠡᠶᠢᠰᠢ ᠥᠷᠭᠡᠳᠴᠦ᠂ ᠪᠡᠭᠡᠵᠢᠩ ᠤᠨ ᠠᠵᠤ ᠠᠬᠤᠶᠢᠯᠠᠯ ᠰᠠᠭᠤᠷᠢᠰᠢᠵᠤ ᠪᠡᠯᠡ | ᠣᠷᠣᠭᠤᠯᠤᠭᠰᠠᠨ ᠲᠤᠭ᠎ᠠ 175 ᠳ᠋ᠦᠩᠰᠢᠭᠤᠷ ᠲᠥᠭᠦᠷᠢᠭ ᠲᠤ ᠬᠦᠷᠴᠦ᠂ ᠲᠠᠷᠢᠶᠠᠯᠠᠬᠤ ᠮᠠᠯᠵᠢᠬᠤ ᠣᠷᠣᠨ ᠤ 7 | ᠲᠦᠮᠡ ᠭᠠᠷᠤᠢ ᠬᠦᠳᠡᠯᠮᠦᠷᠢ ᠬᠦᠴᠦᠨ ᠤ ᠠᠵᠢᠯ ᠣᠯᠭᠤᠯᠲᠠ ᠶᠢ ᠳᠠᠶᠢᠴᠢᠯᠠᠨ᠂ ᠪᠡᠭᠡᠵᠢᠩ ᠤᠨ 1000 ᠭᠠᠷᠤᠢ | ᠪᠠᠭᠰᠢ ᠡᠮᠴᠢ ᠲᠤᠰᠬᠠᠢ ᠮᠡᠷᠭᠡᠵᠢᠯᠲᠡᠨ ᠮᠠᠨ ᠤ ᠣᠷᠣᠨ ᠳᠤ ᠦᠢᠯᠡᠴᠢᠯᠡᠭᠡ ᠥᠷᠨᠢᠭᠦᠯᠵᠦ᠂ ᠮᠠᠨ ᠤ ᠣᠷᠣᠨ ᠤ 308 | ᠳ᠋ᠦᠩᠰᠢᠭᠤᠷ ᠲᠥᠭᠦᠷᠢᠭ ᠤᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠨᠡᠶᠢᠰᠯᠡᠯ ᠳᠤ ᠣᠷᠣᠭᠤᠯᠵᠤ᠂ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠤᠨ ᠶᠡᠭᠡ ᠳᠡᠭᠡᠳᠦ | ᠰᠤᠷᠭᠠᠭᠤᠯᠢ ᠶᠢᠨ ᠬᠤᠯᠪᠣᠭ᠎ᠠ ᠪᠠᠶᠢᠭᠤᠯᠤᠭᠳᠠᠨ ᠠᠵᠢᠯᠯᠠᠵᠤ ᠡᠬᠢᠯᠡᠪᠡ᠃ | ᠨᠢᠭᠡ ᠵᠢᠯ ᠤᠨ ᠲᠤᠷᠰᠢ᠂ ᠪᠢᠳᠡ ᠰᠢᠨ᠎ᠡ ᠴᠠᠭ ᠦᠶ᠎ᠡ ᠶᠢᠨ ᠠᠵᠢᠯ ᠦᠢᠯᠡᠰ ᠤᠨ ᠬᠥᠭᠵᠢᠯᠲᠡ ᠶᠢᠨ | ᠬᠡᠷᠡᠭᠴᠡᠭᠡ ᠶᠢ ᠴᠢᠩᠭ᠎ᠠ ᠳᠠᠭᠠᠵᠦ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠲᠠᠰᠣᠷᠠᠯᠲᠠ | ᠦᠭᠡᠢ ᠴᠢᠩᠭᠠᠳᠬᠠᠪᠠ᠃ ᠢᠮᠠᠭᠲᠠ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠨ᠂ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠬᠤ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ | ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠯᠤᠭ᠎ᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠪᠠ᠃ ᠣᠯᠠᠨ | ᠠᠷᠪᠢᠨ ᠬᠦᠴᠢᠷ ᠪᠡᠷᠬᠡ ᠥᠷᠢᠰᠦᠯᠳᠦᠭᠡᠨ ᠲᠤᠯᠭᠠᠷᠠᠭᠰᠠᠨ ᠪᠠᠶᠢᠳᠠᠯ ᠳᠣᠣᠷ᠎ᠠ᠂ ᠡᠯ᠎ᠡ ᠱᠠᠲᠤᠨ ᠤ ᠵᠠᠰᠠᠭ ᠤᠨ | ᠣᠷᠳᠣᠨ ᠢᠮᠠᠭᠲᠠ ᠨᠠᠮ ᠤᠨ ᠬᠤᠷᠢᠶᠠᠨ ᠤ ᠳᠠᠭᠠᠭᠤᠯᠭ᠎ᠠ ᠳᠤ ᠴᠢᠩᠭ᠎ᠠ ᠲᠦᠰᠢᠭᠯᠡᠵᠦ᠂ ᠬᠥᠭᠵᠢᠯᠲᠡ ᠶᠢᠨ ᠢᠲᠡᠭᠡᠯ | ᠵᠣᠷᠢᠭ ᠢᠶᠠᠨ ᠪᠠᠲᠤᠳᠬᠠᠨ᠂ ᠠᠵᠢᠯ ᠬᠢᠵᠦ ᠦᠢᠯᠡᠰ ᠴᠣᠭᠴᠠᠯᠠᠬᠤ ᠡᠷᠴᠢ ᠵᠣᠷᠢᠭ ᠢᠶᠠᠨ ᠬᠥᠪᠴᠢᠯᠡᠨ᠂ ᠪᠦᠬᠦ | ᠵᠢᠯ ᠤᠨ ᠬᠠᠷᠠᠯᠲᠠ ᠶᠢ ᠴᠢᠩᠭ᠎ᠠ ᠠᠩᠬᠠᠷᠴᠤ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠵᠣᠷᠢᠭᠲᠠᠢ ᠤᠷᠤᠭᠰᠢᠯᠠᠨ | ᠳᠠᠪᠰᠢᠪᠠ᠃ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ 18 ᠬᠤᠪᠢ | ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠪᠠ ᠬᠦᠴᠦᠨ ᠦᠭᠡᠢ | ᠪᠣᠯᠭᠠᠬᠤ ᠪᠠᠷ ᠳᠡᠪᠰᠢᠭᠦᠯᠵᠦ᠂ 12 ᠬᠤᠪᠢ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ | ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 680 ᠬᠤᠪᠢ ᠰᠠᠨᠠᠭᠤᠯᠭ᠎ᠠ᠂ ᠤᠯᠤᠰ | ᠲᠦᠷᠦ ᠶᠢᠨ ᠵᠥᠪᠯᠡᠯᠭᠡᠨ ᠤ 895 ᠬᠤᠪᠢ ᠰᠠᠨᠠᠯ ᠳᠤᠷᠠᠳᠤᠯᠭ᠎ᠠ ᠶᠢ ᠴᠠᠭ ᠲᠤ ᠪᠠᠨ ᠭᠦᠢᠴᠡᠳᠬᠡᠨ ᠬᠠᠷᠢᠭᠤ ᠥᠭᠪᠡ᠃ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ | ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠥᠪ ᠤᠨ ᠨᠠᠢᠮᠠᠨ | ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠦᠨ᠂ ︽ᠭᠤᠷᠪᠠᠨ ᠣᠯᠠᠨ ᠭᠤᠷᠪᠠᠨ ᠴᠥᠭᠡᠨ | ᠭᠤᠷᠪᠠᠨ ᠤᠳᠠᠭᠠᠨ︾ ᠰᠤᠷᠲᠠᠯ ᠤᠨ ᠠᠰᠠᠭᠤᠳᠠᠯ ᠢ ᠦᠷᠭᠦᠯᠵᠢᠯᠡᠨ ᠵᠠᠯᠠᠷᠠᠭᠤᠯᠵᠤ ᠵᠠᠰᠠᠪᠠ᠃ | ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠲᠤᠯᠭᠠᠷᠠᠭᠰᠠᠨ ᠠᠰᠠᠭᠤᠳᠠᠯ | ᠬᠡᠳᠦ᠋ᠢᠪᠡᠷ ᠵᠢᠯ ᠤᠨ ᠡᠬᠢᠨ ᠳᠤ ᠲᠥᠰᠥᠭᠡᠯᠡᠭᠰᠡᠨ ᠠᠴᠠ ᠣᠯᠠᠨ᠂ ᠥᠷᠢᠰᠦᠯᠳᠦᠭᠡᠨ ᠨᠢ ᠴᠦ ᠲᠥᠰᠥᠭᠡᠯᠡᠭᠰᠡᠨ ᠠᠴᠠ | ᠶᠡᠭᠡ᠂ ᠣᠨᠴᠠᠭᠠᠶᠢᠯᠠᠨ ᠳᠣᠣᠷ᠎ᠠ ᠬᠠᠭᠠᠰ ᠵᠢᠯ ᠳᠤ ᠵᠠᠬ᠎ᠠ ᠳᠡᠯᠭᠡᠭᠦᠷ ᠤᠨ ᠪᠠᠶᠢᠳᠠᠯ ᠵᠢᠱᠢᠭᠰᠡᠨ ᠬᠡᠮᠵᠢᠶᠡᠨ ᠳᠤ | ᠬᠦᠷᠦᠭᠰᠡᠨ ᠦᠭᠡᠢ᠂ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ ᠬᠢᠮᠳᠠᠷᠠᠵᠤ᠂ ᠭᠡᠷ ᠪᠠᠶᠢᠰᠢᠩ ᠭᠠᠵᠠᠷ | ᠬᠥᠷᠥᠩᠭᠡ ᠶᠢᠨ ᠠᠵᠤ ᠦᠢᠯᠡᠰ ᠪᠠᠭᠤᠷᠠᠯᠲᠠ ᠲᠠᠢ ᠪᠠᠶᠢᠬᠤ ᠵᠡᠷᠭᠡ ᠳᠠᠷᠤᠭᠠᠰᠤ ᠬᠦᠨᠳᠦᠷᠡᠭᠰᠡᠨ ᠪᠠᠶᠢᠳᠠᠯ ᠳᠣᠣᠷ᠎ᠠ᠂ | ᠪᠦᠬᠦ ᠵᠢᠯ ᠤᠨ ᠬᠥᠭᠵᠢᠯᠲᠡ ᠮᠥᠨ ᠴᠤ ᠲᠣᠭᠲᠠᠭᠤᠨ ᠪᠠᠶᠢᠬᠤ ᠶᠢᠨ ᠳᠠᠭᠠᠤ ᠤᠷᠤᠭᠰᠢᠯᠠᠨ᠂ ᠥᠭᠡᠳᠡᠯᠡᠨ | ᠳᠠᠪᠰᠢᠬᠤ ᠪᠠᠨ ᠪᠡᠶᠡᠯᠡᠭᠦᠯᠪᠡ᠃ ᠡᠶᠢᠮᠦᠷᠬᠦᠦ ᠠᠮᠵᠢᠯᠲᠠ ᠪᠦᠲᠦᠮᠵᠢ ᠣᠯᠣᠭᠰᠠᠨ ᠤ ᠤᠭ ᠦᠨᠳᠦᠰᠦ ᠨᠢ ᠶᠡᠷᠦᠩᠬᠡᠢ | ᠱᠦᠵᠢ ᠰᠢ ᠶᠢᠨ ᠫᠢᠩ ᠤᠨ ᠵᠠᠯᠠᠭᠤᠷ ᠠᠳᠬᠤᠨ ᠵᠠᠮᠴᠢᠯᠠᠭᠰᠠᠨ᠂ ᠳᠣᠲᠣᠨᠣ ᠬᠠᠯᠠᠮᠵᠢᠯᠠᠭᠰᠠᠨ ᠪᠠ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠭᠰᠠᠨ ᠳᠤ ᠪᠣᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠣᠷᠣᠨ ᠳᠠᠶᠠᠭᠠᠷ ᠢ ᠤᠳᠤᠷᠢᠳᠤᠨ ᠳᠠᠭᠠᠭᠤᠯᠵᠤ ᠰᠡᠳᠬᠢᠯ ᠨᠢᠭᠡᠳᠦᠭᠦᠯᠦᠨ ᠪᠦᠯᠬᠦᠮᠳᠡᠭᠦᠯᠵᠦ᠂ ᠬᠠᠲᠠᠭᠤ ᠪᠡᠷᠬᠡᠰᠢᠶᠡᠯ ᠢ | ᠲᠣᠭᠤᠯᠣᠨ ᠳᠠᠪᠠᠵᠤ᠂ ᠡᠷᠡᠮᠡᠬᠡᠶᠢᠯᠡᠨ ᠲᠡᠮᠡᠴᠡᠭᠰᠡᠨ ᠳᠤ ᠪᠣᠢ᠃ ᠡᠭᠦᠨ ᠳᠤ᠂ ᠪᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠥᠪᠥᠷ ᠮᠣᠩᠭᠤᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ | ᠪᠦᠬᠦ ᠨᠥᠬᠦᠳ᠂ ᠨᠠᠶᠢᠵᠠ ᠨᠠᠷ ᠲᠤ ᠪᠠᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠪᠢᠳᠡ ᠠᠮᠵᠢᠯᠲᠠ ᠪᠦᠳᠣᠮᠵᠢ ᠪᠠᠨ ᠭᠦᠢᠴᠡᠳ ᠬᠡᠯᠡᠬᠦ ᠶᠢᠨ ᠬᠠᠮᠲᠤ᠂ ᠠᠰᠠᠭᠤᠳᠠᠯ ᠢᠶᠠᠨ ᠴᠦ | ᠲᠤᠭᠤᠷᠠᠲᠠᠯ᠎ᠠ ᠶᠠᠷᠢᠬᠤ ᠬᠡᠷᠡᠭᠲᠡᠢ᠃ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠮᠥᠨ ᠴᠦ ᠪᠠᠭ᠎ᠠ ᠪᠤᠰᠤ ᠳᠠᠷᠤᠯᠲᠠ ᠥᠷᠢᠰᠦᠯᠳᠦᠭᠡᠨ ᠲᠤᠯᠭᠠᠷᠠᠵᠤ ᠪᠤᠢ᠃ ᠬᠡᠷᠡᠭᠴᠡᠭᠡ | ᠱᠠᠭᠠᠷᠳᠠᠯᠭ᠎ᠠ ᠶᠢᠨ ᠲᠠᠯ᠎ᠠ ᠠᠴᠠ ᠦᠵᠡᠪᠡᠯ᠂ ᠮᠠᠨ ᠤ ᠣᠷᠣᠨ ᠤ ᠬᠡᠷᠡᠭᠯᠡᠭᠡ ᠪᠠᠭᠤᠷᠠᠢ᠂ ᠭᠠᠳᠠᠭᠠᠳᠤ ᠭᠠᠷᠭᠠᠯᠲᠠ | ᠴᠥᠭᠡᠨ᠂ ᠠᠵᠤ ᠠᠬᠤᠢ ᠶᠢᠨ ᠨᠡᠮᠡᠭᠳᠡᠯ ᠳᠠᠬᠢ ᠳᠠᠶᠢᠴᠢᠯᠠᠬᠤ ᠬᠦᠴᠦᠨ ᠬᠢᠵᠠᠭᠠᠷᠲᠠᠢ ᠪᠠᠶᠢᠵᠤ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠣᠯᠲᠠ ᠨᠢᠭᠡᠨᠲᠡ 3 ᠵᠢᠯ ᠳᠠᠷᠠᠭᠠᠯᠠᠨ ᠥᠨᠳᠥᠷ ᠨᠡᠮᠡᠭᠳᠡᠯ ᠲᠠᠢ ᠪᠠᠶᠢᠬᠤ ᠶᠢ | ᠪᠡᠶᠡᠯᠡᠭᠦᠯᠦᠭᠰᠡᠨ ᠠᠴᠠ ᠦᠷᠭᠦᠯᠵᠢᠯᠡᠨ ᠥᠨᠳᠥᠷ ᠨᠡᠮᠡᠭᠳᠡᠯ ᠤᠨ ᠬᠤᠷᠳᠤᠴᠠ ᠶᠢ ᠪᠠᠲᠤᠯᠠᠬᠤ ᠳᠤ ᠪᠠᠭ᠎ᠠ ᠪᠤᠰᠤ | ᠬᠦᠴᠢᠷᠳᠡᠯ ᠲᠤᠯᠭᠠᠷᠠᠬᠤ ᠶᠤᠮ᠃ ᠠᠵᠤ ᠦᠢᠯᠡᠰ ᠤᠨ ᠲᠠᠯ᠎ᠠ ᠠᠴᠠ ᠦᠵᠡᠪᠡᠯ᠂ ᠳᠡᠭᠡᠳᠦ ᠲᠡᠰᠵᠢᠬᠦᠯᠬᠦ᠂ | ᠣᠶᠤᠨᠴᠢᠯᠠᠬᠤ᠂ ᠪᠣᠬᠢᠷᠳᠤᠯ ᠦᠭᠡᠢ ᠪᠣᠯᠭᠠᠬᠤ ᠲᠠᠯ᠎ᠠ ᠪᠠᠷ ᠪᠠᠰᠠ ᠬᠦᠷᠦᠯᠴᠡᠬᠦ ᠦᠭᠡᠢ ᠪᠠᠶᠢᠵᠤ᠂ ᠠᠵᠤ ᠦᠢᠯᠡᠳᠪᠦᠷᠢ | ᠭᠡᠰᠡᠨ ᠦᠭᠡᠢ ᠲᠠᠷᠢᠶᠠᠯᠠᠩ ᠮᠠᠯ ᠠᠵᠤ ᠠᠬᠤᠢ ᠭᠡᠰᠡᠨ ᠦᠭᠡᠢ ᠦᠢᠯᠡᠳᠬᠦᠨ ᠨᠢ ᠭᠤᠣᠯᠳᠠᠭᠤ ᠠᠵᠤ ᠦᠢᠯᠡᠰ ᠤᠨ | ᠬᠡᠯᠬᠢᠶᠡᠨ ᠤ ᠳᠤᠮᠳᠠ ᠳᠡᠭᠡᠳᠦ ᠬᠡᠯᠬᠢᠶᠡᠨ ᠳᠤ ᠲᠥᠪᠯᠡᠷᠡᠵᠦ᠂ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ | ᠨᠡᠮᠡᠭᠳᠡᠯ ᠬᠤᠷᠳᠤᠨ ᠪᠣᠯᠪᠠᠴᠣ ᠡᠵᠡᠯᠡᠬᠦ ᠬᠤᠪᠢ ᠶᠢᠨ ᠵᠢᠩ ᠪᠠᠭ᠎ᠠ ᠪᠠᠶᠢᠪᠠ᠃ ᠬᠦᠴᠦᠨ ᠵᠦᠢᠯ ᠤᠨ ᠪᠠᠲᠤᠯᠠᠭ᠎ᠠ ᠶᠢᠨ | ᠲᠠᠯ᠎ᠠ ᠠᠴᠠ ᠦᠵᠡᠪᠡᠯ᠂ ᠮᠠᠨ ᠤ ᠣᠷᠣᠨ ᠤ ᠠᠮᠢ ᠠᠬᠤᠢ ᠬᠡᠪᠡᠷᠡᠭ᠂ ᠣᠷᠴᠢᠨ ᠲᠣᠭᠤᠷᠢᠨ ᠤ ᠳᠠᠭᠠᠭᠠᠴᠠ | ᠬᠢᠵᠠᠭᠠᠷᠲᠠᠢ᠂ ᠤᠰᠤ᠂ ᠭᠠᠵᠠᠷ ᠰᠢᠷᠣᠢ᠂ ᠡᠨᠧᠷᠬᠢ ᠶᠢᠨ ᠬᠤᠷᠣᠭᠳᠠᠯ ᠵᠡᠷᠭᠡ ᠡᠬᠢ ᠪᠠᠶᠠᠯᠢᠭ ᠤᠨ ᠬᠦᠴᠦᠨ ᠵᠦᠢᠯ ᠢ | ᠠᠷᠪᠢᠯᠠᠨ ᠠᠰᠢᠭᠯᠠᠬᠤ ᠲᠦᠪᠰᠢᠨ ᠪᠠᠰᠠ ᠥᠨᠳᠥᠷ ᠪᠤᠰᠤ ᠪᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠲᠠᠯ᠎ᠠ ᠠᠴᠠ ᠦᠵᠡᠪᠡᠯ᠂ ᠳᠡᠭᠡᠳᠦ ᠳᠡᠰ ᠤᠨ ᠴᠢᠳᠠᠪᠤᠷᠢᠲᠠᠨ ᠲᠤᠲᠠᠭᠳᠠᠵᠤ᠂ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠬᠦᠷᠦᠯᠴᠡᠬᠦ ᠦᠭᠡᠢ᠂ ᠦᠢᠯᠡᠳᠬᠦᠨ ᠤ ᠭᠤᠣᠯᠯᠠᠬᠤ | ᠥᠷᠢᠰᠦᠯᠳᠦᠬᠦ ᠬᠦᠴᠦᠨ ᠳᠤᠲᠠᠮᠠᠭ᠂ ᠵᠠᠬ᠎ᠠ ᠳᠡᠯᠭᠡᠭᠦᠷ ᠤᠨ ᠬᠤᠪᠢᠷᠠᠯᠲᠠ ᠶᠢ ᠠᠷᠭᠠᠴᠠᠭᠠᠬᠤ ᠴᠢᠳᠠᠪᠤᠷᠢ ᠰᠤᠯᠠᠪᠲᠤᠷ | ᠪᠠᠶᠢᠨ᠎ᠠ᠃ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠲᠠᠯ᠎ᠠ ᠠᠴᠠ ᠦᠵᠡᠪᠡᠯ᠂ ᠬᠥᠭᠵᠢᠯᠲᠡ | ᠲᠡᠩᠴᠡᠭᠦᠷᠢ ᠦᠭᠡᠢ ᠠᠰᠠᠭᠤᠳᠠᠯ ᠲᠣᠪᠤᠶᠢᠮ᠎ᠠ ᠪᠠᠶᠢᠵᠤ᠂ ᠬᠡᠳᠦ᠋ᠢᠪᠡᠷ ᠪᠦᠬᠦ ᠤᠯᠤᠰ ᠤᠨ ᠵᠠᠭᠤᠨ ᠬᠦᠴᠦᠷᠬᠡᠭ | ᠰᠢᠶᠠᠨ ᠤ ᠳᠣᠲᠣᠷ᠎ᠠ ᠮᠠᠨ ᠤ ᠣᠷᠣᠨ ᠠᠴᠠ 4 ᠪᠠᠶᠢᠬᠤ ᠪᠣᠯᠪᠠᠴᠣ᠂ ᠪᠠᠰᠠ 34 ᠬᠤᠰᠢᠭᠤ ᠰᠢᠶᠠᠨ ᠤ ᠠᠵᠤ | ᠠᠬᠤᠢ ᠶᠢᠨ ᠶᠡᠷᠦᠩᠬᠡᠢ ᠬᠡᠮᠵᠢᠶ᠎ᠡ ᠵᠠᠭᠤᠨ ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠪᠠᠶᠢᠭᠰᠠᠭᠠᠷ ᠶᠤᠮ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠠᠴᠠ ᠦᠵᠡᠪᠡᠯ᠂ ᠡᠨᠡ ᠵᠢᠯ ᠮᠠᠨ ᠤ ᠣᠷᠣᠨ ᠤ ᠶᠡᠭᠡ | ᠰᠤᠷᠭᠠᠭᠤᠯᠢ ᠲᠡᠭᠦᠰᠦᠭᠰᠡᠨ ᠣᠶᠤᠲᠠᠳ 17 ᠲᠦᠮᠡ ᠪᠠᠶᠢᠵᠤ᠂ ᠣᠯᠠᠨ ᠲᠦᠮᠡᠨ ᠳᠤ ᠠᠵᠢᠯ ᠣᠯᠭᠤᠵᠤ | ᠣᠷᠣᠯᠭ᠎ᠠ ᠶᠢ ᠨᠢ ᠨᠡᠮᠡᠭᠳᠡᠭᠦᠯᠬᠦ ᠶᠢ ᠠᠬᠢᠭᠤᠯᠬᠤ ᠳᠠᠷᠤᠭᠠᠰᠤ ᠤᠯᠠᠮ ᠨᠢᠭᠡ ᠠᠯᠬᠤᠮ ᠬᠦᠨᠳᠦᠷᠡᠵᠦ᠂ ᠰᠤᠷᠭᠠᠨ | ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠨᠠᠶᠢᠳᠠᠵᠤ ᠰᠠᠭᠠᠲᠠᠭᠤᠯᠬᠤ᠂ ᠣᠷᠣᠨ ᠰᠠᠭᠤᠴᠠ᠂ ᠠᠮᠢ | ᠠᠬᠤᠢ ᠣᠷᠴᠢᠨ ᠲᠣᠭᠤᠷᠢᠨ ᠤ ᠲᠠᠯ᠎ᠠ ᠪᠠᠷ ᠣᠯᠠᠨ ᠲᠦᠮᠡᠨ ᠪᠠᠰᠠ ᠮᠠᠰᠢ ᠣᠯᠠᠨ ᠬᠦᠰᠡᠯ ᠡᠷᠡᠮᠡᠯᠵᠡᠯ ᠲᠠᠢ ᠶᠤᠮ᠃ | ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢᠨ ᠲᠠᠯ᠎ᠠ ᠠᠴᠠ ᠦᠵᠡᠪᠡᠯ᠂ ᠨᠢᠭᠡ ᠪᠦᠯᠦᠭ | ᠥᠭᠡᠷᠡᠴᠢᠯᠡᠯᠲᠡ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠨᠢ ᠲᠤᠭᠤᠰᠢᠲᠠᠢ ᠪᠢᠰᠢ᠂ ᠵᠠᠷᠢᠮ | ᠺᠠᠳ᠋ᠷ ᠤᠨ ᠰᠤᠷᠲᠠᠯ ᠮᠥᠨ ᠯᠠ ︽ᠤᠳᠠᠭᠠᠨ ᠪᠦᠳᠦᠭᠦᠯᠢᠭ ᠬᠡᠶᠢᠰᠪᠦᠷᠢ︾ ᠪᠠᠶᠢᠵᠤ᠂ ᠬᠦᠴᠢᠷ ᠪᠡᠷᠬᠡᠰᠢᠶᠡᠯ | ᠥᠷᠢᠰᠦᠯᠳᠦᠭᠡᠨ ᠲᠤᠯᠭᠠᠷᠠᠬᠤ ᠳᠤ ᠢᠲᠡᠭᠡᠯ ᠵᠣᠷᠢᠭ ᠲᠡᠭᠦᠯᠳᠡᠷ ᠪᠤᠰᠤ᠂ ᠢᠳᠡ ᠬᠦᠴᠦᠨ ᠮᠡᠬᠦᠰᠳᠡᠵᠦ ᠪᠠᠶᠢᠨ᠎ᠠ᠃ | ᠡᠳᠡᠭᠡᠷ ᠠᠰᠠᠭᠤᠳᠠᠯ ᠢ ᠡᠷᠬᠡᠪᠰᠢ ᠬᠢᠨᠠᠮᠠᠭᠠᠢ ᠰᠤᠳᠤᠯᠵᠤ ᠰᠢᠢᠳᠪᠦᠷᠢᠯᠡᠬᠦ ᠬᠡᠷᠡᠭᠲᠡᠢ᠃ | ᠬᠤᠶᠠᠷ᠂ 2025 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠬᠦᠯ | ᠬᠤᠷᠢᠶᠠᠬᠤ ᠵᠢᠯ ᠪᠣᠯᠬᠤ ᠮᠥᠷᠲᠡᠭᠡᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ | ᠪᠠᠶᠢᠷᠢᠯᠠᠭᠤᠯᠬᠤ ᠵᠢᠯ ᠪᠣᠯᠣᠨ᠎ᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠳᠠᠷᠠᠭ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ | ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠢ ᠬᠤᠷᠠᠯᠳᠤᠭᠤᠯᠤᠨ᠂ ᠪᠦᠭᠦ ᠵᠢᠯ ᠤᠨ ᠠᠵᠢᠯ ᠳᠤ | ᠪᠠᠶᠢᠷᠢᠯᠠᠭᠤᠯᠤᠯᠲᠠ ᠬᠢᠪᠡ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠦ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ | ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠰᠢᠷᠭᠠᠭᠤ | ᠬᠠᠲᠠᠭᠤᠵᠢᠯᠲᠠᠢ ᠠᠵᠢᠯᠯᠠᠬᠤ ᠶᠢ ᠪᠠᠷᠢᠮᠲᠠᠯᠠᠨ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ | ᠲᠥᠯᠥᠪᠯᠡᠵᠦ᠂ ︽ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ | ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ | ᠳᠠᠪᠰᠢᠬᠤ︾ ᠲᠠᠯ᠎ᠠ ᠪᠠᠷ ᠨᠡᠩ ᠶᠡᠭᠡ ᠠᠬᠢᠯᠲᠠ ᠲᠠᠢ ᠪᠣᠯᠭᠠᠬᠤ ᠪᠠᠷ ᠴᠢᠷᠮᠠᠶᠢᠨ᠂ ᠳᠤᠮᠳᠠᠳᠦ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠦᠷᠠᠯᠲᠠ ᠦᠭᠡᠢ ᠪᠢᠴᠢᠭᠯᠡᠨ᠎ᠡ᠃ | ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 6% ᠣᠷᠴᠢᠮ ᠨᠡᠮᠡᠭᠳᠡᠭᠦᠯᠦᠨ᠎ᠡ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠢ 7% ᠣᠷᠴᠢᠮ ᠨᠡᠮᠡᠭᠳᠡᠭᠦᠯᠦᠨ᠎ᠡ︔ | ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 10% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠤᠯᠭ᠎ᠠ ᠶᠢ ᠠᠳᠠᠯᠢ ᠪᠠᠷᠢᠮᠵᠢᠶ᠎ᠠ ᠪᠠᠷ 4% ᠠᠴᠠ ᠳᠡᠭᠡᠭᠰᠢ ᠨᠡᠮᠡᠭᠳᠡᠭᠦᠯᠦᠨ᠎ᠡ︔ | ᠬᠤᠲᠠ ᠪᠠᠯᠭᠠᠰᠤᠨ ᠤ 18 ᠲᠦᠮᠡ ᠠᠴᠠ ᠳᠡᠭᠡᠭᠰᠢᠬᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ | ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠨ ᠨᠣᠷᠮ᠎ᠠ ᠶᠢ 5.5% ᠣᠷᠴᠢᠮ ᠪᠠᠶᠢᠯᠭᠠᠨ᠎ᠠ︔ ᠰᠠᠭᠤᠭᠠᠯᠢ | ᠠᠷᠠᠳ ᠤᠨ ᠣᠷᠤᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ | ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 2% ᠣᠷᠴᠢᠮ | ᠪᠠᠶᠢᠯᠭᠠᠨ᠎ᠠ︔ ᠤᠯᠤᠰ ᠠᠴᠠ ᠪᠠᠭᠤᠯᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠳᠠᠬᠢ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠪᠠᠨ | ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠡᠨᠡ ᠵᠢᠯ ᠤᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠨᠥᠬᠦᠴᠡᠯ ᠲᠠᠢ᠂ | ᠰᠠᠭᠤᠷᠢ ᠲᠠᠢ᠂ ᠶᠠᠷᠢᠶᠠᠨ ᠦᠭᠡᠢ ᠪᠠᠰᠠ ᠳᠠᠷᠤᠭᠠᠰᠤ ᠲᠠᠢ᠂ ᠥᠷᠢᠰᠦᠯᠳᠦᠭᠡᠨ ᠲᠠᠢ ᠶᠤᠮ᠂ ᠵᠠᠩᠭᠢᠯᠠᠭ᠎ᠠ ᠨᠢ | ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤ ᠰᠠᠬᠢᠵᠤ ᠴᠢᠳᠠᠬᠤ ᠡᠰᠡᠬᠦ᠂ ᠠᠵᠢᠯ ᠬᠢᠵᠦ ᠦᠢᠯᠡᠰ ᠴᠣᠭᠴᠠᠯᠠᠬᠤ | ᠡᠷᠴᠢ ᠵᠣᠷᠢᠭ ᠢᠶᠠᠨ ᠰᠤᠯᠠᠷᠠᠭᠤᠯᠬᠤ ᠦᠭᠡᠢ᠂ ᠬᠤᠶᠢᠷᠭᠤᠰᠢᠬᠤ ᠦᠭᠡᠢ ᠪᠠᠶᠢᠬᠤ ᠶᠢ ᠪᠠᠲᠤᠯᠠᠵᠤ ᠴᠢᠳᠠᠬᠤ ᠡᠰᠡᠬᠦ ᠳᠤ | ᠪᠠᠶᠢᠬᠤ ᠶᠤᠮ᠃ ᠪᠢᠳᠡ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠵᠣᠷᠢᠭ | ᠰᠠᠨᠠᠭ᠎ᠠ ᠲᠠᠢ ᠨᠢᠭᠡᠳᠦᠯᠲᠡᠢ ᠪᠠᠶᠢᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠢᠭᠡᠳᠦᠯᠲᠡᠢ ᠪᠠᠶᠢᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ | ᠲᠥᠪᠯᠡᠷᠡᠭᠦᠯᠦᠨ᠂ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ ᠴᠢᠩᠭ᠎ᠠ ᠤᠶᠠᠯᠳᠤᠵᠤ᠂ ᠵᠢᠷᠤᠭ | ᠲᠥᠰᠥᠪ ᠢᠶᠠᠨ ᠡᠴᠦᠰ ᠲᠤ ᠨᠢ ᠲᠤᠯᠲᠠᠯ᠎ᠠ ᠵᠢᠷᠤᠭᠯᠠᠨ᠂ ︽ᠵᠢᠷᠭᠤᠭᠠᠨ ᠢᠨᠵᠧᠨᠧᠷᠢᠩ︾ ᠢ ᠦᠷᠬᠦᠯᠵᠢᠯᠡᠨ | ᠬᠡᠷᠡᠭᠵᠢᠭᠦᠯᠵᠦ᠂ ︽ᠵᠢᠷᠭᠤᠭᠠᠨ ᠠᠵᠢᠯᠯᠠᠭᠠᠨ︾ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠣᠷᠣᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ | ᠡᠨᠡ ᠵᠢᠯ ᠭᠤᠣᠯᠳᠠᠭᠤ ᠳᠠᠷᠠᠭᠠᠬᠢ 11 ᠲᠠᠯ᠎ᠠ ᠶᠢᠨ ᠠᠵᠢᠯ ᠢ ᠰᠠᠶᠢᠲᠤᠷ ᠬᠢᠨ᠎ᠡ᠃ | ︵ᠨᠢᠭᠡ︶ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭᠠᠨ ᠢ ᠬᠡᠷᠡᠭᠵᠢᠭᠦᠯᠵᠦ᠂ | ᠪᠡᠯᠡ ᠣᠷᠤᠭᠤᠯᠤᠯᠲᠠ ᠶᠢ ᠡᠷᠡᠰ ᠭᠤᠶᠢᠪᠢᠰᠢ ᠦᠭᠡᠢ ᠠᠳᠬᠤᠨ᠎ᠠ᠃ ᠡᠨᠡ ᠵᠢᠯ ᠲᠣᠭᠲᠠᠮᠠᠯ ᠬᠥᠷᠥᠩᠭᠡ ᠶᠢᠨ ᠪᠡᠯᠡ | ᠣᠷᠤᠭᠤᠯᠤᠯᠲᠠ ᠶᠢ 10% ᠣᠷᠴᠢᠮ ᠨᠡᠮᠡᠭᠳᠡᠭᠦᠯᠦᠨ᠎ᠡ᠂ ᠡᠨᠡ ᠬᠦ ᠬᠠᠷᠠᠯᠲᠠ ᠨᠢ ᠬᠦᠯᠢᠶᠡᠭᠡᠳ ᠪᠡᠶᠡᠯᠡᠭᠳᠡᠬᠦ ᠪᠢᠰᠢ᠂ | ᠡᠷᠬᠡᠪᠰᠢ ᠦᠨᠡᠨ ᠪᠣᠳᠠᠲᠠᠢ ᠪᠠᠷ ᠲᠦᠷᠦᠯ ᠵᠦᠢᠯ ᠢ ᠰᠦᠪᠡᠭᠴᠢᠯᠡᠨ᠂ ᠪᠡᠯᠡ ᠮᠥᠩᠭᠦ ᠣᠯᠵᠤ᠂ ᠬᠤᠳᠠᠯᠳᠤᠭᠠᠴᠢᠨ | ᠤᠷᠢᠬᠤ ᠶᠢ ᠠᠳᠬᠤᠨ᠂ ᠴᠢᠬᠤᠯᠠ ᠶᠡᠭᠡ ᠲᠦᠷᠦᠯ ᠵᠦᠢᠯ ᠢ ᠪᠦᠲᠦᠭᠡᠨ ᠪᠠᠶᠢᠭᠤᠯᠬᠤ ᠡᠷᠴᠢᠮ ᠢᠶᠠᠨ ᠰᠤᠯᠠᠷᠠᠭᠤᠯᠬᠤ | ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠪᠡᠯᠡ ᠣᠷᠤᠭᠤᠯᠤᠯᠲᠠ ᠶᠢᠨ ᠲᠠᠯ᠎ᠠ ᠪᠠᠷ ᠲᠦᠮᠡᠨ ᠳ᠋ᠦᠩᠰᠢᠭᠤᠷ | ᠲᠥᠭᠦᠷᠢᠭ ᠤᠨ ᠶᠡᠭᠡ ᠪᠣᠭᠤᠮᠲᠠ ᠶᠢ ᠳᠠᠪᠠᠭ᠋ᠤ ᠪᠠᠷ ᠬᠦᠴᠦᠯᠡᠨ ᠴᠢᠷᠮᠠᠶᠢᠨ᠎ᠠ᠃ | ᠲᠦᠷᠦᠯ ᠵᠦᠢᠯ ᠤᠷᠢᠵᠤ ᠲᠠᠲᠠᠬᠤ ᠶᠢ ᠤᠨᠤᠪᠴᠢᠲᠠᠢ ᠤᠬᠠᠭᠠᠯᠠᠨ ᠲᠥᠯᠥᠪᠯᠡᠨ᠎ᠡ᠃ ᠡᠨᠡ ᠵᠢᠯ | ᠤᠯᠤᠰ ᠤᠨ ︽ᠬᠤᠶᠠᠷ ᠴᠢᠬᠤᠯᠠ︾ ᠲᠦᠷᠦ ᠶᠢᠨ ᠪᠣᠳᠣᠯᠭ᠎ᠠ ᠶᠢᠨ ᠬᠦᠴᠦᠯᠡᠴᠡ ᠨᠡᠩ ᠶᠡᠭᠡ ᠪᠠᠶᠢᠵᠤ᠂ | ᠵᠠᠩᠭᠢᠯᠠᠭ᠎ᠠ ᠨᠢ ᠲᠦᠷᠦᠯ ᠵᠦᠢᠯ ᠢ ᠰᠠᠶᠢᠲᠤᠷ ᠤᠬᠠᠭᠠᠯᠠᠨ ᠲᠥᠯᠥᠪᠯᠡᠬᠦ ᠳᠤ ᠪᠣᠢ︔ ︽ᠠᠷᠪᠠᠨ ᠲᠠᠪᠤᠳᠤᠭᠠᠷ ᠲᠠᠪᠤᠨ | ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ᠂ ᠨᠡᠩ ᠣᠯᠠᠨ ᠲᠦᠷᠦᠯ ᠵᠦᠢᠯ ᠢ ᠤᠯᠤᠰ ᠤᠨ | ᠶᠡᠭᠡ ᠬᠡᠪᠴᠢᠶᠡᠵᠢᠯ ᠳᠤ ᠣᠷᠣᠭᠤᠯᠵᠤ᠂ ᠲᠥᠪ ᠤᠨ ᠲᠦᠷᠦ ᠶᠢᠨ ᠪᠣᠳᠣᠯᠭ᠎ᠠ ᠶᠢᠨ ᠠᠰᠢᠭ ᠢ ᠬᠦᠷᠲᠡᠬᠦ ᠪᠠᠷ | ᠴᠢᠷᠮᠠᠶᠢᠨ᠎ᠠ᠂ ᠡᠭᠦᠨ ᠤ ᠵᠠᠩᠭᠢᠯᠠᠭ᠎ᠠ ᠨᠢ ᠮᠥᠨ ᠴᠦ ᠲᠦᠷᠦᠯ ᠵᠦᠢᠯ ᠢ ᠰᠠᠶᠢᠲᠤᠷ ᠤᠬᠠᠭᠠᠯᠠᠨ ᠲᠥᠯᠥᠪᠯᠡᠬᠦ ᠳᠤ ᠪᠣᠢ᠃ | ᠰᠠᠭᠤᠷᠢ ᠪᠡᠯᠡᠳᠬᠡᠮᠵᠢ ᠶᠢᠨ ᠲᠦᠷᠦᠯ ᠵᠦᠢᠯ ᠤᠨ ᠲᠠᠯ᠎ᠠ ᠪᠠᠷ᠂ ᠬᠥᠮᠥᠨ ᠠᠮᠠ ᠪᠠ ᠠᠵᠤ ᠠᠬᠤᠢ ᠶᠢᠨ | ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠨᠢᠭᠡ ᠪᠦᠯᠦᠭ ᠠᠵᠤ ᠦᠢᠯᠡᠰ ᠤᠨ ᠵᠠᠮ᠂ ᠵᠢᠭᠤᠯᠴᠢᠯᠠᠯ ᠤᠨ ᠵᠠᠮ᠂ | ᠬᠦᠷᠢᠶᠡᠯᠡᠩ ᠲᠣᠭᠤᠷᠢᠭ ᠤᠨ ᠵᠠᠮ᠂ ᠠᠷᠠᠳ ᠲᠤ ᠳᠦᠭᠦᠮ ᠦᠵᠡᠭᠦᠯᠬᠦ ᠵᠠᠮ ᠢ ᠲᠥᠯᠥᠪᠵᠢᠭᠦᠯᠦᠨ ᠪᠦᠲᠦᠭᠡᠨ | ᠪᠠᠶᠢᠭᠤᠯᠵᠤ᠂ ᠲᠡᠮᠦᠷ ᠵᠠᠮ ᠤᠨ ᠲᠣᠣᠷ᠂ ᠵᠠᠰᠠᠮᠠᠯ ᠵᠠᠮ ᠤᠨ ᠲᠣᠣᠷ᠂ ᠠᠭᠠᠷ ᠠᠶᠠᠯᠠᠯ ᠤᠨ ᠲᠣᠣᠷ᠂ ᠤᠰᠤᠨ | ᠠᠰᠢᠭᠯᠠᠯᠲᠠ ᠶᠢᠨ ᠲᠣᠣᠷ᠂ ᠴᠠᠬᠢᠯᠭᠠᠨ ᠬᠦᠴᠦᠨ ᠤ ᠲᠣᠣᠷ᠂ ᠴᠠᠬᠢᠯᠭᠠᠨ ᠬᠤᠯᠪᠣᠭᠠᠨ ᠤ ᠲᠣᠣᠷ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠂ ᠰᠠᠭᠤᠷᠢ ᠪᠡᠯᠡᠳᠬᠡᠮᠵᠢ ᠶᠢᠨ ᠪᠡᠯᠡ ᠣᠷᠤᠭᠤᠯᠤᠯᠲᠠ ᠶᠢ 3000 ᠳ᠋ᠦᠩᠰᠢᠭᠤᠷ | ᠲᠥᠭᠦᠷᠢᠭ ᠠᠴᠠ ᠳᠠᠪᠠᠭᠤᠯᠬᠤ ᠶᠢ ᠦᠨᠡᠨ ᠬᠦ ᠪᠠᠲᠤᠯᠠᠨ᠎ᠠ᠃ ᠠᠵᠤ ᠦᠢᠯᠡᠰ ᠤᠨ ᠬᠥᠭᠵᠢᠯᠲᠡ ᠶᠢᠨ ᠲᠦᠷᠦᠯ | ᠵᠦᠢᠯ ᠤᠨ ᠲᠠᠯ᠎ᠠ ᠪᠠᠷ᠂ ᠡᠯ᠎ᠡ ᠠᠶᠢᠮᠠᠭ ᠬᠤᠲᠠ ᠨᠢ ᠪᠦᠬᠦ ᠣᠷᠣᠨ ᠤ ᠭᠤᠣᠯᠳᠠᠯᠭ᠎ᠠ ᠪᠣᠯᠬᠤ ᠠᠵᠤ ᠦᠢᠯᠡᠰ ᠤᠨ | ᠪᠠᠶᠢᠷᠢᠰᠢᠭᠤᠯᠤᠯᠲᠠ ᠶᠢᠨ ᠲᠣᠭᠤᠷᠢᠨ ᠳᠤ ᠬᠤᠳᠠᠯᠳᠤᠭᠠᠴᠢᠨ ᠤᠷᠢᠬᠤ ᠲᠥᠰᠥᠯ ᠢ ᠨᠢᠭᠡᠳ ᠨᠢᠭᠡ ᠪᠠᠷ ᠲᠣᠭᠲᠠᠭᠠᠵᠤ᠂ | ᠣᠷᠣᠭᠤᠯᠤᠨ ᠠᠪᠴᠢᠷᠠᠵᠤ ᠪᠣᠳᠠᠲᠠᠶᠢᠵᠢᠭᠤᠯᠬᠤ ᠪᠡᠯᠡ ᠮᠥᠩᠭᠦ ᠶᠢ 5700 ᠳ᠋ᠦᠩᠰᠢᠭᠤᠷ ᠲᠥᠭᠦᠷᠢᠭ ᠠᠴᠠ | ᠳᠡᠭᠡᠭᠰᠢ ᠳᠤ ᠬᠦᠷᠦᠭᠦᠯᠵᠦ᠂ ᠠᠵᠤ ᠦᠢᠯᠡᠳᠪᠦᠷᠢ ᠶᠢᠨ ᠪᠡᠯᠡ ᠣᠷᠤᠭᠤᠯᠤᠯᠲᠠ ᠶᠢ 4900 ᠳ᠋ᠦᠩᠰᠢᠭᠤᠷ | ᠲᠥᠭᠦᠷᠢᠭ ᠣᠷᠴᠢᠮ ᠳᠤ ᠬᠦᠷᠦᠭᠦᠯᠦᠨ᠂ 10% ᠠᠴᠠ ᠳᠡᠭᠡᠭᠰᠢ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ᠪᠤᠭᠤᠲᠤ ᠠᠴᠠ | ᠢᠷᠭᠠᠢ ᠬᠦᠷᠬᠦ ᠲᠦᠷᠭᠡᠨ ᠤ ᠲᠡᠮᠦᠷ ᠵᠠᠮ ᠢ ᠪᠠᠶᠢᠭᠤᠯᠵᠤ ᠳᠠᠭᠤᠰᠬᠠᠨ᠂ ᠲᠠᠶᠢᠽᠢ ᠠᠴᠠ ᠰᠢᠯᠢ ᠶᠢᠨ ᠬᠤᠲᠠ ᠬᠦᠷᠬᠦ | ᠲᠡᠮᠦᠷ ᠵᠠᠮ ᠢ ᠲᠦᠷᠭᠡᠳᠬᠡᠨ ᠪᠠᠶᠢᠭᠤᠯᠵᠤ᠂ ᠯᠢᠨ ᠾᠧ ᠠᠴᠠ ᠬᠠᠮᠢ ᠬᠦᠷᠬᠦ ᠱᠤᠭᠤᠮ᠂ ᠵᠢᠨᠢᠩ ᠠᠴᠠ ᠡᠷᠢᠶᠡᠨ | ᠬᠦᠷᠬᠦ ᠱᠤᠭᠤᠮ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠵᠦ ᠰᠢᠨᠡᠳᠬᠡᠨ᠂ ᠪᠤᠭᠤᠲᠤ ᠣᠷᠳᠣᠰ ᠲᠡᠮᠡᠭᠡᠲᠦ ᠶᠢᠨ | ᠲᠦᠷᠭᠡᠨ ᠤ ᠲᠡᠮᠦᠷ ᠵᠠᠮ ᠢ ᠠᠵᠢᠯ ᠡᠬᠢᠯᠡᠭᠦᠯᠬᠦ ᠪᠠᠷ ᠴᠢᠷᠮᠠᠶᠢᠨ᠎ᠠ︔ S22 ᠪᠠᠶᠠᠨᠴᠠᠭᠠᠨ ᠠᠴᠠ ᠶᠦᠩ ᠲᠠᠢ ᠬᠦᠩ | ᠬᠦᠷᠬᠦ ᠬᠡᠰᠡᠭ᠂ S29 ᠬᠦᠬᠡᠬᠤᠲᠠ ᠠᠴᠠ ᠯᠢᠶᠡᠩᠴᠧᠩ ᠬᠦᠷᠬᠦ ᠲᠦᠷᠭᠡᠨ ᠤ ᠵᠠᠮ ᠢ ᠪᠠᠶᠢᠭᠤᠯᠵᠤ ᠳᠠᠭᠤᠰᠬᠠᠨ᠂ | G0616 ᠬᠠᠯᠢᠭᠤᠲᠤ ᠠᠴᠠ ᠮᠤᠨᠠ ᠠᠭᠤᠯᠠ ᠪᠠᠯᠭᠠᠰᠤ ᠬᠦᠷᠬᠦ ᠬᠡᠰᠡᠭ᠂ G1817 ᠤᠰᠤᠲᠠᠢ ᠠᠴᠠ ᠪᠠᠶᠠᠨ | ᠬᠤᠳᠳᠤᠭ ᠬᠦᠷᠬᠦ ᠬᠡᠰᠡᠭ᠂ S27 ᠬᠦᠬᠡᠬᠤᠲᠠ ᠠᠴᠠ ᠣᠷᠳᠣᠰ ᠬᠦᠷᠬᠦ ᠲᠦᠷᠭᠡᠨ ᠤ ᠵᠠᠮ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠤᠨ᠎ᠠ︔ ᠬᠦᠬᠡᠬᠤᠲᠠ ᠶᠢᠨ ᠱᠧᠩᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠢ ᠪᠠᠶᠢᠭᠤᠯᠵᠤ | ᠳᠠᠭᠤᠰᠬᠠᠨ ᠠᠶᠠᠯᠠᠯ ᠨᠡᠪᠲᠡᠷᠡᠬᠦ ᠶᠢ ᠦᠨᠡᠨ ᠬᠦ ᠪᠠᠲᠤᠯᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠤᠯᠠᠭᠠᠢ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ | ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ︔ ᠬᠠᠲᠦᠨ ᠭᠤᠣᠯ ᠤᠨ ᠤᠰᠤ ᠶᠢ ᠵᠠᠯᠠᠵᠤ | ᠬᠦᠬᠡᠬᠤᠲᠠ ᠶᠢ ᠲᠤᠰᠠᠯᠠᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ ᠲᠦᠷᠭᠡᠳᠬᠡᠨ᠂ ᠪᠣᠷᠣᠳᠣᠬᠤᠢ᠂ | ᠳ᠋ᠧᠩᠺᠧᠦ ᠵᠡᠷᠭᠡ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠣᠳᠣᠬᠢᠴᠢᠯᠠᠨ ᠥᠭᠡᠷᠡᠴᠢᠯᠡᠵᠦ | ᠰᠢᠨᠡᠳᠬᠡᠬᠦ ᠶᠢ ᠠᠬᠢᠭᠤᠯᠵᠤ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ | ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠬᠦ ᠱᠤᠭᠤᠮ ᠢᠶᠠᠷ ᠤᠰᠤ | ᠨᠡᠪᠲᠡᠷᠡᠬᠦ ᠶᠢ ᠪᠡᠶᠡᠯᠡᠭᠦᠯᠦᠨ᠎ᠡ᠃ ᠨᠢᠭᠡᠨᠲᠡ ᠤᠬᠠᠭᠠᠯᠠᠨ ᠲᠥᠯᠥᠪᠯᠡᠭᠰᠡᠨ 1400 ᠰᠢᠬᠠᠮ ᠭᠤᠣᠯᠳᠠᠯᠭ᠎ᠠ ᠲᠠᠢ ᠠᠵᠤ | ᠦᠢᠯᠡᠳᠪᠦᠷᠢ ᠶᠢᠨ ᠲᠦᠷᠦᠯ ᠵᠦᠢᠯ ᠤᠨ ᠪᠡᠯᠡᠳᠬᠡᠯ ᠬᠤᠭᠤᠴᠠᠭ᠎ᠠ᠂ ᠴᠢᠬᠤᠯᠠ ᠬᠦᠴᠦᠨ ᠵᠦᠢᠯ᠂ | ᠪᠣᠳᠠᠲᠠᠶᠢᠵᠢᠭᠤᠯᠤᠯᠲᠠ ᠶᠢ ᠨᠢᠭᠡᠳ ᠨᠢᠭᠡ ᠪᠠᠷ ᠠᠩᠬᠠᠷᠴᠤ᠂ ᠳᠤᠮᠳᠠᠳᠦ ᠤᠯᠤᠰ ᠤᠨ ᠴᠢᠯᠠᠭᠤᠨ ᠲᠣᠰᠤᠨ ᠤ | ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠨᠡᠭᠦᠷᠡᠰᠦ ᠪᠠᠷ ᠠᠯᠺᠧᠡ ᠨᠡᠭᠦᠷᠦᠭᠴᠢ ᠦᠢᠯᠡᠳᠬᠦ᠂ ᠷᠦᠩ | ᠱᠧᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠨᠢᠭᠡ ᠴᠣᠭᠴᠠᠵᠢᠭᠤᠯᠬᠤ᠂ ᠰᠠᠢ ᠱᠧᠩ ᠰᠢᠨ᠎ᠡ ᠮᠠᠲ᠋ᠧᠷᠢᠶᠠᠯ᠂ | ᠶᠤᠸᠠᠨ ᠵᠢᠩ ᠲᠡᠭ ᠨᠡᠭᠦᠷᠡᠰᠦᠲᠥ᠋ᠷᠥᠭᠴᠢᠲᠦ ᠴᠡᠨᠡᠭ ᠵᠡᠷᠭᠡ ᠨᠢᠭᠡ ᠪᠦᠯᠦᠭ ᠵᠠᠭᠤᠨ ᠳ᠋ᠦᠩᠰᠢᠭᠤᠷ ᠤᠨ ᠳᠡᠰ ᠤᠨ | ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠡᠷᠲᠡ ᠨᠢᠭᠡ ᠡᠳᠦᠷ ᠠᠵᠢᠯ ᠡᠬᠢᠯᠡᠭᠦᠯᠵᠦ᠂ ᠡᠷᠲᠡ ᠨᠢᠭᠡ ᠡᠳᠦᠷ | ᠦᠢᠯᠡᠳᠪᠦᠷᠢᠯᠡᠬᠦ ᠬᠡᠮᠵᠢᠶᠡᠨ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃ | ︵ᠬᠤᠶᠠᠷ︶ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠪᠠᠷ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ | ᠠᠷᠭ᠎ᠠ ᠪᠦᠬᠦᠨ ᠢ ᠰᠦᠪᠡᠭᠴᠢᠯᠡᠨ ᠬᠡᠷᠡᠭᠯᠡᠭᠡ ᠶᠢ ᠬᠥᠭᠵᠢᠭᠡᠨ᠎ᠡ᠃ ᠬᠡᠷᠡᠭᠯᠡᠭᠡ ᠶᠡᠷᠦ ᠨᠢ ᠮᠠᠨ ᠤ ᠣᠷᠣᠨ ᠤ | ᠳᠤᠲᠠᠭᠤᠳᠠᠯ ᠪᠠᠶᠢᠵᠤ᠂ ᠡᠷᠬᠡᠪᠰᠢ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭᠠᠨ ᠢ ᠶᠡᠭᠡ ᠪᠠᠷ ᠬᠡᠷᠡᠭᠵᠢᠭᠦᠯᠵᠦ᠂ | ᠳᠣᠲᠣᠭᠠᠳᠤ ᠳᠠᠯᠳᠠ ᠬᠦᠴᠦᠨ ᠢᠶᠠᠨ ᠭᠦᠢᠴᠡᠳ ᠠᠭᠤᠳᠠᠯᠬᠤ ᠬᠡᠷᠡᠭᠲᠡᠢ᠃ | ᠤᠯᠤᠰ ᠤᠨ ︽ᠬᠤᠶᠠᠷ ᠰᠢᠨ᠎ᠡ︾ ᠲᠦᠷᠦ ᠶᠢᠨ ᠪᠣᠳᠣᠯᠭ᠎ᠠ ᠶᠢ ᠬᠦᠴᠦᠯᠡᠨ ᠥᠷᠭᠡᠵᠢᠭᠦᠯᠵᠦ | ᠬᠡᠷᠡᠭᠵᠢᠭᠦᠯᠬᠦ ᠠᠵᠠ ᠲᠣᠬᠢᠶᠠᠯ ᠢ ᠴᠢᠩᠭ᠎ᠠ ᠠᠳᠬᠤᠨ᠎ᠠ᠃ ᠲᠥᠬᠦᠭᠡᠷᠦᠮᠵᠢ ᠶᠢ ᠰᠢᠨᠡᠳᠬᠡᠬᠦ ᠲᠠᠯ᠎ᠠ ᠪᠠᠷ᠂ ᠮᠡᠷᠭᠡᠵᠢᠯ᠂ | ᠡᠨᠧᠷᠭᠢ ᠶᠢᠨ ᠬᠤᠷᠣᠭᠳᠠᠯ᠂ ᠭᠠᠳᠠᠭᠰᠢᠯᠠᠭᠤᠯᠤᠯᠲᠠ᠂ ᠠᠮᠤᠷ ᠲᠦᠪᠰᠢᠨ ᠵᠡᠷᠭᠡ ᠪᠠᠷᠢᠮᠵᠢᠶᠠᠨ ᠤ ᠬᠥᠲᠥᠯᠥᠨ | ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠠᠵᠤ ᠦᠢᠯᠡᠳᠪᠦᠷᠢ ᠶᠢᠨ ᠲᠥᠬᠦᠭᠡᠷᠦᠮᠵᠢ᠂ ᠪᠠᠷᠢᠯᠭ᠎ᠠ ᠶᠢᠨ ᠮᠧᠬᠠᠨᠢᠭ᠂ | ᠬᠠᠭᠤᠴᠢᠷᠠᠭᠰᠠᠨ ᠴᠠᠬᠢᠯᠭᠠᠨ ᠱᠠᠲᠤ᠂ ᠡᠵᠡᠩᠨᠡᠯᠲᠡ ᠶᠢᠨ ᠠᠴᠢᠶᠠᠨ ᠤ ᠲᠡᠷᠭᠡ ᠵᠡᠷᠭᠡ ᠶᠢᠨ ︽ᠰᠣᠯᠢᠬᠤ | ᠴᠢᠬᠤᠯᠠᠲᠠᠢ ᠶᠢ ᠨᠢ ᠴᠥᠮ ᠰᠣᠯᠢᠬᠤ︾ ᠶᠢ ᠠᠬᠢᠭᠤᠯᠤᠨ᠎ᠠ᠃ ᠣᠨᠴᠠᠭᠠᠶᠢᠯᠠᠨ ᠣᠷᠣᠨ ᠤ ᠳᠣᠲᠣᠨ᠎ᠠ ᠭᠠᠳᠠᠨᠠᠬᠢ | ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠲᠥᠬᠦᠭᠡᠷᠦᠮᠵᠢ᠂ ᠬᠠᠭᠤᠴᠢᠨ ᠴᠠᠬᠢᠯᠭᠠᠨ ᠮᠠᠰᠢᠨ ᠢ ᠰᠢᠨᠡᠳᠬᠡᠨ | ᠰᠣᠯᠢᠬᠤ ᠬᠡᠷᠡᠭᠴᠡᠭᠡ ᠶᠢ ᠴᠢᠩᠭ᠎ᠠ ᠠᠩᠬᠠᠷᠴᠤ᠂ ᠮᠠᠨ ᠤ ᠣᠷᠣᠨ ᠤ ᠪᠠᠶᠢᠩᠭᠤ ᠰᠣᠷᠢᠨᠵᠢᠨᠲᠤ ᠴᠠᠬᠢᠯᠭᠠᠨ ᠮᠠᠰᠢᠨ᠂ | ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠳᠠᠪᠠᠭᠤᠯᠢᠭ ᠦᠢᠯᠡᠳᠪᠦᠷᠢᠯᠡᠬᠦ ᠴᠢᠳᠠᠮᠵᠢ ᠪᠠᠨ | ᠳᠠᠭᠠᠯᠳᠤᠭᠤᠯᠤᠨ ᠪᠠᠳᠠᠷᠠᠭᠤᠯᠤᠨ᠎ᠠ᠃ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠠᠯ᠎ᠠ ᠪᠠᠷ᠂ | ᠬᠡᠷᠡᠭᠯᠡᠭᠡ ᠶᠢ ᠠᠬᠢᠭᠤᠯᠬᠤ ᠬᠢᠭᠡᠳ ᠠᠷᠠᠳ ᠤᠨ ᠠᠮᠢᠳᠤᠷᠠᠯ ᠳᠤ ᠬᠠᠷᠠᠭᠠᠯᠵᠠᠯ ᠦᠵᠡᠭᠦᠯᠬᠦ ᠶᠢ ᠤᠶᠠᠯᠳᠤᠭᠤᠯᠤᠨ᠂ | ᠨᠡᠮᠡᠭᠦᠷᠢ ᠭᠤᠶᠤᠴᠢᠯᠠᠬᠤ ᠳᠡᠰ ᠳᠠᠷᠠᠭᠠᠯᠠᠯ ᠢ ᠳᠥᠭᠦᠮᠴᠢᠯᠡᠨ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠣᠶᠤᠨᠴᠢ | ᠭᠡᠷ ᠤᠨ ᠬᠡᠷᠡᠭᠰᠡᠯ᠂ ᠳ᠋ᠢᠬᠢᠲ ᠦᠢᠯᠡᠳᠬᠦᠨ ᠵᠡᠷᠭᠡ ᠬᠦᠷᠢᠶ᠎ᠡ ᠴᠠᠷᠠᠭᠠᠨ ᠳᠠᠬᠢ ᠬᠡᠷᠡᠭᠯᠡᠭᠡ ᠶᠢᠨ ᠲᠠᠯ᠎ᠠ ᠶᠢᠨ ᠬᠦᠰᠡᠯ ᠪᠠ | ᠬᠡᠷᠡᠭᠴᠡᠭᠡ ᠶᠢ ᠪᠦᠬᠦ ᠲᠠᠯ᠎ᠠ ᠪᠠᠷ ᠬᠥᠭᠵᠢᠭᠡᠨ᠎ᠡ᠃ | ᠬᠥᠮᠥᠨ ᠢᠶᠠᠷ ᠦᠨᠳᠦᠰᠦ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠠᠵᠠ | ᠲᠣᠬᠢᠶᠠᠯ ᠢ ᠴᠢᠩᠭ᠎ᠠ ᠠᠳᠬᠤᠨ᠎ᠠ᠃ ᠪᠦᠬᠦ ᠣᠷᠣᠨ ᠤ 280 ᠲᠦᠮᠡᠨ ᠲᠠᠷᠢᠶᠠᠴᠢᠨ ᠮᠠᠯᠴᠢᠨ ᠬᠤᠲᠠ ᠪᠠᠯᠭᠠᠰᠤᠨ ᠳᠤ | ᠰᠢᠯᠵᠢᠨ ᠠᠵᠢᠯ ᠣᠯᠵᠤ ᠪᠠᠶᠢᠬᠤ ᠪᠠᠶᠢᠳᠠᠯ ᠳᠤ ᠰᠢᠨ᠎ᠡ ᠨᠢᠭᠡ ᠡᠭᠡᠯᠵᠢ ᠶᠢᠨ ᠲᠠᠷᠢᠶᠠᠯᠠᠩ ᠮᠠᠯ ᠠᠵᠤ ᠠᠬᠤᠢ ᠠᠴᠠ | ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠠᠵᠢᠯᠯᠠᠭᠠᠨ ᠢ ᠰᠠᠶᠢᠲᠤᠷ ᠬᠡᠷᠡᠭᠵᠢᠭᠦᠯᠵᠦ᠂ | ᠰᠢᠯᠵᠢᠭᠦᠯᠦᠨ ᠲᠥᠯᠥᠬᠦ᠂ ᠬᠦᠴᠦᠨ ᠵᠦᠢᠯ ᠢ ᠲᠣᠬᠢᠷᠠᠭᠤᠯᠬᠤ ᠵᠡᠷᠭᠡ ᠶᠢ ᠲᠠᠷᠢᠶᠠᠯᠠᠩ ᠮᠠᠯ ᠠᠵᠤ ᠠᠬᠤᠢ ᠠᠴᠠ | ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠯᠤᠭ᠎ᠠ ᠬᠤᠯᠪᠣᠭᠳᠠᠭᠤᠯᠬᠤ ᠶᠢ ᠠᠬᠢᠭᠤᠯᠤᠨ᠂ ᠣᠷᠣᠨ | ᠰᠠᠭᠤᠴᠠ᠂ ᠰᠤᠷᠭᠠᠨ ᠬᠥᠮᠦᠵᠢᠯ᠂ ᠡᠮᠴᠢᠯᠡᠭᠡ᠂ ᠨᠡᠶᠢᠭᠡᠮ ᠤᠨ ᠳᠠᠭᠠᠳᠬᠠᠯ᠂ ᠵᠠᠮ ᠬᠠᠷᠢᠯᠴᠠᠭ᠎ᠠ ᠵᠡᠷᠭᠡ ᠲᠠᠯ᠎ᠠ ᠪᠠᠷ | ᠨᠡᠩ ᠰᠠᠶᠢᠲᠤᠷ ᠦᠢᠯᠡᠴᠢᠯᠡᠭᠡ ᠬᠠᠩᠭᠠᠬᠤ ᠬᠡᠷᠡᠭᠲᠡᠢ᠃ ᠣᠯᠠᠨ ᠲᠦᠮᠡᠨ ᠤ ︽ᠰᠠᠶᠢᠨ ᠭᠡᠷ ᠪᠠᠶᠢᠰᠢᠩ᠂ ᠰᠠᠶᠢᠨ | ᠰᠠᠭᠤᠭᠠᠯᠢ ᠲᠣᠭᠤᠷᠢᠭ︾ ᠤᠨ ᠬᠦᠰᠡᠯ ᠡᠷᠡᠮᠡᠯᠵᠡᠯ ᠳᠦᠭᠦᠷᠡᠩ ᠪᠠᠶᠢᠵᠤ᠂ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠪᠠ ᠠᠳᠠᠯ ᠠᠬᠤᠢ ᠶᠢᠨ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠦᠨ᠂ ᠬᠠᠭᠤᠴᠢᠨ | ᠰᠠᠭᠤᠭᠠᠯᠢ ᠲᠣᠭᠤᠷᠢᠭ ᠤᠨ ᠡᠵᠡ ᠮᠡᠳᠡᠵᠦ ᠰᠢᠨᠡᠳᠬᠡᠬᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡᠨ ᠭᠡᠷ | ᠪᠠᠶᠢᠰᠢᠩ ᠪᠣᠷᠣᠯᠠᠭᠤᠯᠬᠤ ᠵᠡᠷᠭᠡ ᠰᠢᠨ᠎ᠡ ᠬᠡᠪ ᠵᠠᠭᠪᠤᠷ ᠢ ᠳᠡᠯᠭᠡᠷᠡᠭᠦᠯᠵᠦ᠂ ᠬᠤᠲᠠ ᠶᠢᠨ ᠪᠠᠶᠢᠳᠠᠯ ᠳᠤ ᠨᠢ | ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ ᠭᠡᠷ ᠪᠠᠶᠢᠰᠢᠩ ᠬᠤᠳᠠᠯᠳᠤᠨ ᠠᠪᠬᠤ ᠶᠢ ᠨᠢ | ᠤᠷᠮᠠᠰᠢᠭᠤᠯᠬᠤ ᠲᠦᠷᠦ ᠶᠢᠨ ᠪᠣᠳᠣᠯᠭ᠎ᠠ ᠨᠡᠶᠢᠲᠡᠯᠡᠵᠦ᠂ ᠪᠠᠲᠤᠯᠠᠭᠠᠲᠤ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ | ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠠᠳᠠᠷᠠᠭᠠᠨ᠎ᠠ᠃ ᠰᠠᠭᠤᠭᠠᠯᠢ ᠠᠷᠠᠳ ᠤᠨ | ᠠᠮᠢᠳᠤᠷᠠᠯ ᠤᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠂ ᠣᠷᠣᠰᠢᠨ ᠰᠠᠭᠤᠷᠢᠰᠢᠬᠤ ᠳᠤ | ᠲᠣᠬᠢᠷᠠᠮᠵᠢᠲᠠᠢ ᠤᠶᠠᠨ ᠬᠠᠳᠠᠨ ᠴᠢᠨᠠᠷ ᠪᠦᠬᠦᠢ ᠣᠶᠤᠨᠲᠤ ᠬᠤᠲᠠ ᠶᠢ ᠲᠦᠷᠭᠡᠳᠬᠡᠨ ᠪᠠᠶᠢᠭᠤᠯᠵᠤ᠂ ᠬᠤᠲᠠ ᠶᠢᠨ | ᠶᠠᠪᠤᠳᠠᠯ ᠤᠨ ᠰᠠᠭᠤᠷᠢ ᠪᠡᠯᠡᠳᠬᠡᠮᠵᠢ ᠶᠢ ᠳ᠋ᠢᠭᠢᠳ᠋ᠴᠢᠯᠡᠨ ᠥᠭᠡᠷᠡᠴᠢᠯᠡᠨ ᠰᠢᠨᠡᠳᠬᠡᠬᠦ᠂ ᠣᠶᠤᠨᠴᠢᠯᠠᠨ ᠳᠡᠰ | ᠳᠡᠪᠰᠢᠭᠦᠯᠬᠦ ᠶᠢ ᠬᠦᠴᠦᠯᠡᠨ ᠠᠬᠢᠭᠤᠯᠵᠤ᠂ ᠬᠠᠭᠤᠴᠢᠨ ᠰᠠᠭᠤᠭᠠᠯᠢ ᠲᠣᠭᠤᠷᠢᠭ ᠢ 1291᠂ ᠡᠯ᠎ᠡ ᠲᠥᠷᠥᠯ ᠤᠨ | ᠬᠤᠭᠤᠯᠠᠢ ᠭᠤᠤᠷᠰᠤ ᠶᠢᠨ ᠲᠣᠣᠷ ᠢ 1500 ᠺᠢᠯᠣᠮᠧᠳ᠋ᠷ ᠥᠭᠡᠷᠡᠴᠢᠯᠡᠨ ᠰᠢᠨᠡᠳᠬᠡᠵᠦ᠂ ᠵᠠᠬ᠎ᠠ ᠳᠡᠯᠭᠡᠭᠦᠷᠴᠢᠯᠡᠭᠰᠡᠨ | ᠬᠡᠪ ᠵᠠᠭᠪᠤᠷ ᠢᠶᠠᠷ ᠪᠠᠰᠠ ᠨᠢᠭᠡ ᠪᠦᠯᠦᠭ ᠠᠷᠠᠳ ᠲᠤ ᠳᠦᠭᠦᠮ ᠦᠵᠡᠬᠦᠯᠬᠦ ᠴᠠᠬᠢᠯᠭᠠᠨ ᠴᠡᠨᠡᠭᠯᠡᠬᠦ ᠱᠣᠩ ᠢ ᠪᠦᠲᠦᠭᠡᠨ | ᠪᠠᠶᠢᠭᠤᠯᠤᠨ᠎ᠠ᠃ | ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠨᠡᠮᠡᠭᠳᠡᠯ ᠠᠴᠠ | ᠪᠣᠯᠤᠭᠰᠠᠨ ᠠᠵᠠ ᠲᠣᠬᠢᠶᠠᠯ ᠢ ᠴᠢᠩᠭ᠎ᠠ ᠠᠳᠬᠤᠨ᠎ᠠ᠃ ᠮᠠᠨ ᠤ ᠣᠷᠣᠨ ᠤ 60 ᠨᠠᠰᠦᠨ ᠠᠴᠠ ᠳᠡᠭᠡᠭᠰᠢᠬᠢ | ᠨᠠᠰᠤᠲᠠᠶᠢᠴᠤᠳ ᠵᠢᠯ ᠪᠦᠷᠢ ᠳᠤᠮᠳᠠᠴᠢ ᠪᠠᠷ 30 ᠲᠦᠮᠡ ᠰᠢᠨ᠎ᠡ ᠪᠠᠷ ᠨᠡᠮᠡᠭᠳᠡᠵᠦ ᠪᠠᠶᠢᠨ᠎ᠠ᠂ ᠭᠡᠬᠦ ᠮᠥᠷᠲᠡᠭᠡᠨ | ᠴᠢᠳᠠᠪᠤᠷᠢ ᠪᠠᠨ ᠠᠯᠳᠠᠭᠰᠠᠨ ᠨᠠᠰᠤᠲᠠᠨ 63 ᠲᠦᠮᠡ᠂ ᠵᠡᠮᠳᠡᠭᠴᠦᠳ 158 ᠲᠦᠮᠡ᠂ 3 ᠨᠠᠰᠦᠨ ᠠᠴᠠ | ᠳᠣᠷᠣᠭᠰᠢᠬᠢ ᠨᠢᠯᠬ᠎ᠠ ᠨᠢᠷᠠᠢ ᠬᠡᠦᠬᠡᠳ 40 ᠲᠦᠮᠡ ᠪᠠᠶᠢᠵᠤ᠂ ᠨᠠᠰᠤᠵᠢᠯ ᠤᠨ ᠠᠰᠠᠷᠠᠮᠵᠢ᠂ ᠬᠡᠦᠬᠡᠳ | ᠪᠤᠶᠢᠵᠢᠭᠤᠯᠬᠤ᠂ ᠬᠠᠷᠠᠭᠠᠯᠵᠠᠨ ᠠᠰᠠᠷᠠᠬᠤ᠂ ᠭᠡᠷ ᠠᠬᠤᠢ ᠵᠡᠷᠭᠡ ᠶᠢᠨ ᠦᠢᠯᠡᠴᠢᠯᠡᠭᠡ ᠪᠣᠯ ᠬᠡᠷᠡᠭᠴᠡᠭᠡ | ᠱᠠᠭᠠᠷᠳᠠᠯᠭ᠎ᠠ ᠲᠠᠢ ᠶᠤᠮ᠂ ᠵᠠᠩᠭᠢᠯᠠᠭ᠎ᠠ ᠶᠢᠨ ᠠᠰᠠᠭᠤᠳᠠᠯ ᠨᠢ ᠴᠢᠨᠠᠷ ᠰᠠᠶᠢᠲᠠᠢ ᠬᠠᠩᠭᠠᠯᠭ᠎ᠠ ᠬᠦᠷᠦᠯᠴᠡᠬᠦ ᠦᠭᠡᠢ᠂ ︽ | ᠰᠠᠶᠢᠨ ᠠᠨᠢᠶ᠎ᠠ︾᠂ ︽ᠰᠠᠶᠢᠨ ᠰᠤᠪᠢᠯᠠᠭᠴᠢ︾ ᠠᠮᠠᠷᠬᠠᠨ ᠣᠯᠳᠠᠬᠤ ᠦᠭᠡᠢ᠂ ᠬᠡᠷᠡᠭᠯᠡᠵᠦ ᠬᠦᠴᠦᠷᠡᠬᠦ ᠦᠭᠡᠢ᠂ | ᠦᠯᠡᠳᠡᠭᠡᠵᠦ ᠳᠡᠶᠢᠯᠬᠦ ᠦᠭᠡᠢ ᠪᠠᠶᠢᠵᠤ᠂ ᠪᠠᠲᠤᠯᠠᠭ᠎ᠠ ᠲᠠᠢ ᠪᠥᠭᠡᠳ ᠴᠢᠨᠠᠷ ᠴᠢᠨᠰᠠᠭ᠎ᠠ ᠲᠠᠢ ᠲᠤᠰᠬᠠᠢ ᠮᠡᠷᠭᠡᠵᠢᠯ ᠤᠨ | ᠪᠠᠶᠢᠭᠤᠯᠤᠮᠵᠢ ᠴᠤ ᠴᠥᠭᠡᠨ ᠪᠠᠶᠢᠨ᠎ᠠ᠃ ᠨᠠᠰᠤᠲᠠᠨ ᠢ ᠠᠰᠠᠷᠠᠬᠤ ᠪᠠ ᠨᠠᠶᠢᠳᠠᠵᠤ ᠰᠠᠭᠠᠲᠠᠭᠤᠯᠬᠤ᠂ ᠭᠡᠷ ᠠᠬᠤᠢ ᠶᠢᠨ | ᠦᠢᠯᠡᠴᠢᠯᠡᠭᠡ ᠵᠡᠷᠭᠡ ᠬᠦᠷᠢᠶ᠎ᠡ ᠴᠠᠷᠠᠭᠠᠨ ᠤ ᠲᠣᠭᠤᠷᠢᠨ ᠳᠤ᠂ ᠶᠡᠭᠡ ᠬᠡᠪᠴᠢᠶᠡᠨ ᠤ ᠬᠠᠨᠳᠤᠯᠭᠠᠲᠤ ᠴᠢᠨᠠᠷ ᠢᠶᠠᠷ | ᠴᠢᠩᠭ᠎ᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠤᠷ᠎ᠠ ᠮᠡᠷᠭᠡᠰᠢᠯ ᠤᠨ ᠪᠣᠯᠪᠠᠰᠤᠷᠠᠯ ᠢ ᠥᠷᠨᠢᠭᠦᠯᠵᠦ᠂ ᠨᠢᠭᠡ | ᠪᠦᠯᠦᠭ ᠢᠲᠡᠭᠡᠮᠵᠢᠲᠡᠢ ᠲᠤᠰᠬᠠᠢ ᠮᠡᠷᠭᠡᠵᠢᠯ ᠤᠨ ᠪᠠᠶᠢᠭᠤᠯᠤᠮᠵᠢ ᠪᠠ ᠳᠠᠭᠤᠷᠢᠰᠬᠠᠯ ᠲᠠᠢ ᠦᠢᠯᠡᠴᠢᠯᠡᠭᠡᠨ ᠤ ᠨᠡᠷᠡᠲᠦ | ᠲᠡᠮᠳᠡᠭ ᠢ ᠴᠣᠭᠴᠠᠯᠠᠨ᠎ᠠ᠃ ᠪᠤᠭᠤᠷᠤᠯᠴᠤᠳ ᠤᠨ ᠠᠵᠤ ᠠᠬᠤᠢ ᠶᠢ ᠬᠥᠭᠵᠢᠭᠦᠯᠬᠦ ᠶᠢ ᠴᠢᠬᠤᠯᠠᠴᠢᠯᠠᠵᠤ᠂ | ᠨᠠᠰᠤᠲᠠᠶᠢᠴᠤᠳ ᠤᠨ ᠣᠯᠠᠨ ᠶᠠᠩᠵᠤᠴᠢᠯᠠᠭᠰᠠᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠵᠢᠭᠤᠯᠴᠢᠯᠠᠨ ᠰᠠᠭᠤᠷᠢᠰᠢᠬᠤ ᠨᠠᠰᠤᠵᠢᠯ ᠤᠨ ᠠᠰᠠᠷᠠᠮᠵᠢ᠂ ᠬᠤᠳᠠᠯᠳᠤᠭᠠᠨ ᠤ ᠨᠠᠰᠤᠵᠢᠯ ᠤᠨ ᠠᠰᠠᠷᠠᠮᠵᠢ᠂ ᠬᠠᠷᠢᠯᠴᠠᠨ | ᠬᠠᠪᠰᠤᠷᠤᠯᠴᠠᠬᠤ ᠨᠠᠰᠤᠵᠢᠯ ᠤᠨ ᠠᠰᠠᠷᠠᠮᠵᠢ᠂ ᠡᠮᠴᠢᠯᠡᠭᠡ ᠪᠠ ᠰᠤᠪᠢᠯᠠᠯᠲᠠ ᠶᠢᠨ ᠤᠶᠠᠯᠳᠤᠯ ᠵᠡᠷᠭᠡ ᠡᠵᠡᠩᠨᠡᠯᠲᠡ ᠶᠢᠨ | ᠪᠠᠶᠢᠳᠠᠯ ᠢ ᠪᠠᠶᠠᠯᠢᠭᠵᠢᠭᠤᠯᠵᠤ᠂ ᠨᠠᠰᠤᠲᠠᠶᠢᠴᠤᠳ ᠤᠨ ᠪᠤᠶᠠᠨ ᠵᠢᠷᠭᠠᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ | ᠬᠡᠦᠬᠡᠳ ᠤᠨ ᠬᠡᠷᠡᠭᠯᠡᠭᠡ ᠶᠡᠷᠦ ᠠᠴᠠ ︽ᠨᠢᠭᠡ ᠯᠡ ᠬᠥᠮᠥᠨ ᠪᠦᠬᠦ ᠭᠡᠷ ᠤᠨ ᠬᠡᠷᠡᠭᠯᠡᠭᠡ ᠶᠢ ᠳᠠᠶᠢᠴᠢᠯᠠᠬᠤ︾ ᠶᠤᠮ᠂ | ᠰᠢᠨᠵᠢᠯᠡᠬᠦ ᠤᠬᠠᠭᠠᠨᠴᠢ ᠪᠠᠷ ᠬᠡᠦᠬᠡᠳ ᠬᠥᠮᠥᠵᠢᠭᠦᠯᠬᠦ᠂ ᠡᠴᠢᠭᠡ ᠡᠬᠡ ᠦᠷ᠎ᠡ ᠬᠡᠦᠬᠡᠳ ᠤᠨ ᠦᠢᠯᠡᠴᠢᠯᠡᠭᠡ᠂ ᠭᠤᠣᠯ | ᠰᠡᠳᠦᠪᠲᠦ ᠨᠠᠭᠠᠳᠤᠮ ᠲᠣᠭᠯᠠᠭᠠᠮ ᠵᠡᠷᠭᠡ ᠬᠡᠷᠡᠭᠯᠡᠭᠡ ᠶᠢᠨ ᠬᠠᠨᠳᠤᠰᠢ ᠳᠤ ᠨᠡᠶᠢᠴᠡᠭᠦᠯᠦᠨ᠂ ᠡᠵᠡᠩᠨᠡᠯᠲᠡ ᠶᠢᠨ ᠠᠬᠤᠢ | ᠪᠠᠶᠢᠳᠠᠯ ᠳᠤ ᠰᠢᠨ᠎ᠡ ᠶᠢ ᠡᠭᠦᠳᠴᠦ᠂ ᠦᠢᠯᠡᠴᠢᠯᠡᠭᠡᠨ ᠤ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠦᠨ᠎ᠡ᠃ | ᠤᠯᠤᠰ ᠤᠨ ᠳᠣᠲᠣᠭᠠᠳᠤ ᠶᠢᠨ ᠶᠡᠭᠡ ᠣᠷᠴᠢᠯ ᠠᠴᠠ ᠪᠣᠢ ᠪᠣᠯᠤᠭᠰᠠᠨ ᠠᠵᠠ ᠳᠣᠬᠢᠶᠠᠯ ᠢ ᠴᠢᠩᠭ᠎ᠠ | ᠠᠳᠬᠤᠨ᠎ᠠ᠃ ᠥᠪᠥᠷ ᠮᠣᠩᠭᠤᠯ ᠳᠤ ᠬᠥᠮᠥᠨ ᠠᠮᠠ ᠬᠠᠷᠢᠴᠠᠩᠭᠤᠢ ᠴᠥᠭᠡᠨ᠂ ᠬᠡᠷᠡᠭᠯᠡᠭᠡ ᠶᠢᠨ ᠴᠢᠳᠠᠪᠤᠷᠢ | ᠬᠢᠵᠠᠭᠠᠷ ᠲᠠᠢ ᠪᠣᠯᠬᠤᠷ᠂ ᠬᠡᠷᠡᠭᠯᠡᠭᠡ ᠶᠢ ᠠᠳᠬᠤᠬᠤ ᠳᠤ ᠪᠠᠨ ᠣᠷᠣᠨ ᠤ ᠳᠣᠲᠣᠭᠠᠳᠤ ᠳᠤ ᠪᠠᠨ ᠠᠩᠬᠠᠷᠤᠯ ᠢᠶᠠᠨ | ᠬᠠᠨᠳᠤᠭᠤᠯᠬᠤ ᠪᠠᠷ ᠦᠯᠦ ᠪᠠᠷᠠᠨ᠂ ᠣᠷᠣᠨ ᠤ ᠭᠠᠳᠠᠨᠠᠬᠢ ᠶᠢ ᠴᠦ ᠠᠩᠬᠠᠷᠬᠤ ᠬᠡᠷᠡᠭᠲᠡᠢ᠃ ᠮᠠᠨ ᠤ ᠣᠷᠣᠨ ᠤ | 1100 ᠢᠯᠡᠭᠦᠦ ᠵᠦᠢᠯ ᠤᠨ ︽ᠥᠪᠥᠷ ᠮᠣᠩᠭᠤᠯ︾ ᠨᠡᠷᠡᠮᠵᠢᠲᠦ ᠰᠠᠶᠢᠨ ᠪᠦᠲᠦᠭᠡᠭᠳᠡᠬᠦᠨ ᠪᠦᠬᠦ ᠤᠯᠤᠰ ᠲᠤ | ᠵᠠᠬ᠎ᠠ ᠳᠡᠯᠭᠡᠭᠦᠷ ᠲᠠᠢ ᠪᠥᠭᠡᠳ ᠬᠡᠷᠡᠭᠴᠡᠭᠡ ᠱᠠᠭᠠᠷᠳᠠᠯᠭ᠎ᠠ ᠲᠠᠢ ᠶᠤᠮ᠂ ᠵᠠᠩᠭᠢᠯᠠᠭ᠎ᠠ ᠨᠢ ᠣᠳᠣ ᠦᠶ᠎ᠡ ᠶᠢᠨ | ᠬᠡᠷᠡᠭᠯᠡᠭᠡ ᠶᠢᠨ ᠰᠢᠨ᠎ᠡ ᠬᠠᠨᠳᠤᠰᠢ ᠳᠤ ᠵᠣᠬᠢᠴᠠᠭᠤᠯᠤᠨ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂ | ᠣᠬᠤᠷ ᠸᠢᠳᠢᠤ᠋ ᠪᠠᠷ ᠡᠵᠡᠩᠨᠡᠨ ᠪᠣᠷᠣᠯᠠᠭᠤᠯᠬᠤ᠂ ᠠᠩᠬ᠎ᠠ ᠲᠠᠷᠬᠠᠭᠠᠬᠤ ᠲᠦᠷᠦᠭᠦᠴᠢ ᠳᠡᠯᠭᠡᠭᠦᠷ ᠨᠡᠭᠡᠭᠡᠬᠦ ᠵᠡᠷᠭᠡ ᠰᠢᠨ᠎ᠡ | ᠬᠡᠪ ᠵᠠᠭᠪᠤᠷ ᠢ ᠰᠠᠶᠢᠲᠤᠷ ᠬᠡᠷᠡᠭᠯᠡᠵᠦ᠂ ᠮᠠᠨ ᠤ ᠣᠷᠣᠨ ᠤ ᠪᠣᠬᠢᠷᠳᠤᠯ ᠦᠭᠡᠢ ᠪᠥᠭᠡᠳ ᠣᠨᠴᠠᠯᠢᠭ ᠲᠠᠢ ᠴᠢᠨᠠᠷ | ᠰᠠᠶᠢᠲᠠᠢ ᠪᠦᠲᠦᠭᠡᠭᠳᠡᠬᠦᠨ ᠢᠶᠠᠨ ᠪᠦᠬᠦ ᠤᠯᠤᠰ ᠲᠤ ᠭᠠᠷᠭᠠᠨ ᠪᠣᠷᠣᠯᠠᠭᠤᠯᠬᠤ ᠶᠠᠪᠤᠳᠠᠯ ᠪᠣᠯᠣᠨ᠎ᠠ᠃ ᠮᠠᠨ ᠤ | ᠣᠷᠣᠨ ᠤ ᠵᠢᠯ ᠪᠦᠷᠢ ᠬᠦᠯᠢᠶᠡᠨ ᠠᠪᠬᠤ ᠵᠢᠭᠤᠯᠴᠢᠯᠠᠭᠴᠢᠳ 3 ᠳ᠋ᠦᠩᠰᠢᠭᠤᠷ ᠰᠢᠬᠠᠮ ᠬᠥᠮᠥᠨ ᠤᠳᠠᠭ᠎ᠠ ᠳᠤ | ᠬᠦᠷᠴᠦ᠂ ᠡᠨᠡ ᠬᠦ ᠡᠭᠦᠳᠡᠨ ᠳᠤ ᠰᠠᠭᠠᠲᠠᠭᠰᠠᠨ ᠬᠡᠷᠡᠭᠯᠡᠭᠡ ᠳᠤ ᠪᠠᠰᠠ ᠮᠠᠰᠢ ᠶᠡᠭᠡ ᠳᠠᠯᠳᠠ ᠬᠦᠴᠦᠨ ᠨᠢᠭᠤᠭᠳᠠᠵᠤ | ᠪᠠᠶᠢᠬᠤ ᠪᠣᠯᠬᠤᠷ ︽ᠥᠪᠥᠷ ᠮᠣᠩᠭᠤᠯ ᠤᠨ ᠦᠨᠦᠷ ᠠᠮᠲᠠ︾ ᠲᠠᠢ ᠬᠤᠪᠴᠠᠰᠤ ᠬᠤᠨᠠᠷ ᠵᠠᠰᠠᠯ ᠴᠢᠮᠡᠭᠯᠡᠯ᠂ ᠭᠠᠷ | ᠤᠷᠠᠯᠠᠯ ᠤᠨ ᠪᠦᠲᠦᠭᠡᠯ᠂ ᠰᠣᠶᠣᠯ ᠤᠨ ᠪᠦᠲᠦᠭᠡᠯᠴᠢ ᠲᠠᠸᠠᠷ᠂ ᠪᠣᠬᠢᠷᠳᠤᠯ ᠦᠭᠡᠢ ᠠᠮᠲᠠᠲᠤ ᠢᠳᠡᠭᠡᠨ ᠢ ᠨᠡᠩ ᠣᠯᠠᠨ | ᠨᠡᠭᠡᠭᠡᠨ ᠬᠥᠭᠵᠢᠭᠦᠯᠵᠦ᠂ ᠵᠢᠭᠤᠯᠴᠢᠯᠠᠭᠴᠢᠳ ᠪᠦᠷᠢ ᠶᠢ ᠥᠪᠡᠷ ᠤᠨ ᠢᠶᠠᠨ ᠲᠠᠭᠠᠰᠢᠶᠠᠭᠰᠠᠨ ᠨᠢᠭᠡᠨ ᠬᠤᠪᠢ ︽ᠭᠠᠷ | ᠪᠡᠯᠡᠭ︾ ᠲᠠᠢ ᠪᠤᠴᠠᠭᠠᠬᠤ ᠪᠣᠯᠭᠠᠨ᠎ᠠ᠃ ᠡᠯ᠎ᠡ ᠭᠠᠵᠠᠷ ᠣᠷᠣᠨ ᠨᠢ ᠴᠥᠮ ᠬᠦᠴᠦ ᠵᠠᠷᠤᠴᠠᠭᠤᠯᠵᠤ ᠪᠠᠶᠢᠭᠠᠳ ᠡᠷᠬᠢᠨ | ᠲᠣᠭᠤᠷᠢᠨ ᠤ ᠭᠠᠵᠠᠷ ᠣᠷᠣᠨ ᠤ ᠨᠡᠩ ᠣᠯᠠᠨ ᠬᠥᠮᠥᠰ ᠢ ᠲᠠᠲᠠᠨ ᠠᠪᠴᠢᠷᠠᠵᠤ ᠮᠠᠨ ᠤ ᠣᠷᠣᠨ ᠳᠤ ᠲᠣᠭᠤᠷᠢᠨ | ᠵᠤᠭᠠᠴᠠᠭᠤᠯᠵᠤ ᠬᠡᠷᠡᠭᠯᠡᠭᠡ ᠳᠤ ᠣᠷᠣᠯᠴᠠᠭᠤᠯᠤᠨ᠂ ᠮᠠᠨ ᠤ ᠦᠢᠯᠡᠴᠢᠯᠡᠭᠡ ᠶᠢ ᠬᠦᠷᠲᠡᠭᠡᠨ᠂ ᠮᠠᠨ ᠤ ᠦᠢᠯᠡᠳᠬᠦᠨ ᠢ | ᠬᠤᠳᠠᠯᠳᠤᠨ ᠠᠪᠤᠭᠤᠯᠵᠤ᠂ ᠵᠤᠭᠠᠴᠠᠨ ᠺᠠᠷᠳ᠋ᠯᠠᠭᠤᠯᠬᠤ ᠮᠥᠷᠲᠡᠭᠡᠨ ᠺᠠᠷᠲ ᠵᠤᠷᠠᠭᠤᠯᠣᠨᠠ᠃ ᠦᠵᠡᠭᠦᠯᠭᠡ ᠶᠢᠨ ᠠᠵᠤ | ᠠᠬᠤᠢ ᠶᠢ ᠶᠡᠭᠡ ᠪᠠᠷ ᠬᠥᠭᠵᠢᠭᠦᠯᠵᠦ᠂ ᠦᠵᠡᠭᠦᠯᠭᠡ ᠪᠠᠷ ᠪᠣᠷᠤᠯᠠᠭᠤᠯᠭ᠎ᠠ ᠶᠢ ᠠᠬᠢᠭᠤᠯᠬᠤ᠂ ᠦᠵᠡᠭᠦᠯᠭᠡ ᠪᠠᠷ | ᠬᠤᠳᠠᠯᠳᠤᠭ᠎ᠠ ᠶᠢ ᠠᠬᠢᠭᠤᠯᠬᠤ᠂ ᠠᠵᠤ ᠦᠢᠯᠡᠰ ᠪᠠ ᠦᠵᠡᠭᠦᠯᠭᠡ ᠶᠢ ᠠᠭᠤᠰᠤᠯᠴᠠᠭᠤᠯᠬᠤ ᠠᠵᠢᠯ ᠢ ᠰᠠᠶᠢᠲᠤᠷ | ᠬᠢᠵᠦ᠂ ᠬᠡᠷᠡᠭᠯᠡᠭᠡ ᠶᠢ ᠨᠡᠩ ᠰᠠᠶᠢᠲᠤᠷ ᠲᠠᠶᠢᠴᠢᠯᠠᠨ᠂ ᠠᠵᠤ ᠦᠢᠯᠡᠰ ᠢ ᠨᠡᠩ ᠰᠠᠶᠢᠲᠤᠷ ᠪᠥᠭᠡᠮᠨᠡᠷᠡᠭᠦᠯᠦᠨᠡ᠃ | ︵ᠭᠤᠷᠪᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ | ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ | ᠪᠤᠶᠢᠵᠢᠭᠤᠯᠵᠤ ᠬᠥᠭᠵᠢᠭᠦᠯᠦᠨ᠎ᠡ᠃ ᠰᠢᠨ᠎ᠡ ᠶᠢ ᠡᠭᠦᠳᠬᠦ ᠦᠭᠡᠢ ᠪᠣᠯ ᠭᠠᠷᠬᠤ ᠵᠠᠮ ᠦᠭᠡᠢ᠂ ᠨᠡᠩ ᠴᠦ ᠢᠷᠡᠭᠡᠳᠦᠢ | ᠦᠭᠡᠢ ᠶᠤᠮ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠢ ᠨᠢᠭᠡ | ᠴᠣᠭᠴᠠᠵᠢᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠲᠡ ᠪᠠᠷ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ | ᠬᠥᠲᠥᠯᠥᠨ ᠳᠠᠭᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠦᠴᠦᠨ ᠴᠢᠳᠠᠮᠵᠢ ᠶᠢ ᠡᠷᠴᠢᠮᠯᠡᠨ᠎ᠡ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠴᠥᠬᠦᠷᠡᠰᠢ ᠦᠭᠡᠢ ᠤᠳᠠᠭᠠᠨ | ᠳᠠᠭᠠᠭᠠᠮᠠᠭᠠᠢ ᠪᠠᠷ ᠠᠵᠢᠯᠯᠠᠬᠤ ᠶᠢ ᠡᠷᠬᠢᠮᠯᠡᠨ᠎ᠡ᠃ ᠪᠦᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠷᠠᠯᠳᠤᠭᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ | ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠤᠭᠤᠯᠤᠯᠲᠠ ᠪᠠᠨ ᠨᠡᠮᠡᠭᠳᠡᠭᠦᠯᠦᠨ᠂ 20% ᠶᠢᠨ | ᠪᠠᠲᠤᠯᠠᠭᠠᠲᠤ ᠨᠡᠮᠡᠭᠳᠡᠯ ᠤᠨ ᠲᠣᠭᠲᠠᠴᠠ ᠶᠢ ᠰᠠᠶᠢᠲᠤᠷ ᠬᠡᠷᠡᠭᠵᠢᠭᠦᠯᠵᠦ᠂ ᠠᠵᠤ ᠠᠬᠤᠶᠢᠯᠠᠯ᠂ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠳ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠᠨ ᠴᠢᠩᠭᠠᠳᠬᠠᠬᠤ᠂ ᠵᠠᠷᠤᠳᠠᠯ ᠤᠨ ᠣᠷᠤᠭᠤᠯᠤᠯᠲᠠ ᠪᠠᠨ | ᠨᠡᠮᠡᠭᠳᠡᠭᠦᠯᠬᠦ ᠶᠢ ᠳᠠᠶᠢᠴᠢᠯᠠᠨ ᠳᠠᠭᠠᠭᠤᠯᠤᠨ᠎ᠠ᠃ ᠴᠡᠭ ᠪᠠᠶᠢᠷᠢᠯᠠᠯ ᠤᠨ ᠲᠣᠭᠤᠷᠢᠨ ᠳᠤ ︽ᠪᠦᠰᠡᠯᠡᠯᠲᠡ ᠰᠢᠪᠲᠤᠯᠬᠤ︾ | ᠶᠢ ᠠᠳᠬᠤᠨ᠎ᠠ᠂ ᠨᠢᠳᠤᠨᠤᠨ ᠤ ᠪᠠᠶᠢᠷᠢᠰᠢᠭᠤᠯᠤᠭᠰᠠᠨ 5 ᠴᠡᠭ ᠪᠠᠶᠢᠷᠢᠯᠠᠯ ᠤᠨ ᠰᠠᠭᠤᠷᠢᠨ ᠳᠡᠭᠡᠷ᠎ᠡ᠂ ᠡᠨᠡ ᠵᠢᠯ | ᠵᠣᠬᠢᠶᠠᠮᠠᠯ ᠤᠶᠤᠨ +᠂ ᠳᠣᠣᠷ᠎ᠠ ᠠᠭᠠᠷ ᠤᠨ ᠠᠵᠤ ᠠᠬᠤᠢ᠂ ᠠᠮᠢᠳᠤ ᠪᠣᠳᠠᠰ ᠤᠨ ᠮᠡᠷᠭᠡᠵᠢᠯ ᠵᠡᠷᠭᠡ ᠬᠦᠷᠢᠶ᠎ᠡ | ᠴᠠᠷᠠᠭᠠᠨ ᠳᠤ ᠪᠠᠰᠠ ᠨᠢᠭᠡ ᠪᠦᠯᠦᠭ ᠰᠢᠨ᠎ᠡ ᠴᠡᠭ ᠪᠠᠶᠢᠷᠢᠯᠠᠯ ᠢ ᠡᠬᠢᠯᠡᠭᠦᠯᠵᠦ᠂ ᠳᠠᠪᠠᠭᠤᠯᠢᠭ ᠡᠬᠢ ᠪᠠᠶᠠᠯᠢᠭ ᠢ | ᠲᠥᠪᠯᠡᠷᠡᠭᠦᠯᠦᠨ᠂ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠵᠤ᠂ ᠭᠤᠣᠯᠯᠠᠬᠤ ᠮᠡᠷᠭᠡᠵᠢᠯ ᠳᠤ ᠲᠦᠷᠭᠡᠬᠡᠨ | ᠰᠢᠪᠲᠤᠯᠤᠯᠲᠠ ᠭᠠᠷᠭᠠᠵᠤ᠂ ︽ᠡᠬᠢᠯᠡᠵᠦ ᠭᠦᠶᠦᠮᠡᠭᠴᠡ ᠲᠦᠷᠦᠭᠦᠯᠡᠬᠦ︾ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠠᠵᠤ | ᠦᠢᠯᠡᠰ ᠤᠨ ᠳᠤᠲᠠᠭᠤᠳᠠᠯ ᠤᠨ ᠲᠣᠭᠤᠷᠢᠨ ᠳᠤ ᠰᠢᠨ᠎ᠡ ᠶᠢ ᠡᠭᠦᠳᠬᠦ ᠶᠢ ᠠᠳᠬᠤᠨ᠎ᠠ᠂ ᠠᠵᠤ ᠦᠢᠯᠡᠰ ᠤᠨ | ᠬᠥᠭᠵᠢᠯᠲᠡ ᠶᠢᠨ ᠪᠣᠭᠤᠮᠢ ᠬᠦᠯᠢᠶᠡᠰᠦᠯᠡᠯ ᠪᠣᠯ ᠰᠢᠨ᠎ᠡ ᠶᠢ ᠡᠭᠦᠳᠬᠦ ᠶᠢᠨ ᠬᠦᠴᠦᠯᠡᠬᠦ ᠴᠡᠭ ᠮᠥᠨ᠃ ᠮᠡᠷᠭᠡᠵᠢᠯ ᠤᠨ | ᠰᠢᠨ᠎ᠡ ᠡᠭᠦᠳᠦᠯᠲᠡ ᠪᠠᠷ ᠠᠵᠤ ᠦᠢᠯᠡᠰ ᠤᠨ ᠬᠡᠯᠬᠢᠶᠡᠨ ᠤ ᠲᠦᠭᠵᠢᠷᠡᠯ ᠲᠠᠰᠤᠷᠬᠠᠢ ᠴᠡᠭ ᠢ ᠨᠠᠪᠲᠠᠷᠡᠭᠦᠯᠵᠦ᠂ | ᠬᠥᠲᠥᠴᠢ ᠠᠵᠤ ᠠᠬᠤᠶᠢᠯᠠᠯ ᠢᠶᠠᠷ ᠲᠦᠷᠦᠭᠦᠯᠡᠭᠦᠯᠦᠭᠰᠡᠨ ᠭᠤᠣᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶᠡᠨ ᠤ | ᠰᠢᠨ᠎ᠡ ᠡᠭᠦᠳᠦᠯᠲᠡ ᠶᠢᠨ ᠬᠤᠯᠪᠣᠭᠠᠲᠤ ᠴᠣᠭᠴᠠ ᠶᠢ ᠲᠦᠷᠭᠡᠳᠬᠡᠨ ᠵᠣᠬᠢᠶᠠᠨ ᠪᠠᠶᠢᠭᠤᠯᠵᠤ᠂ ᠰᠢᠨ᠎ᠡ ᠶᠢ ᠡᠭᠦᠳᠬᠦ | ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ᠂ ᠲᠤᠰᠬᠠᠢ ᠨᠠᠷᠢᠯᠢᠭ ᠥᠪᠡᠷᠮᠢᠴᠡ ᠰᠢᠨ᠎ᠡ ᠠᠵᠤ ᠠᠬᠤᠶᠢᠯᠠᠯ᠂ | ︽ᠪᠢᠴᠢᠬᠠᠨ ᠠᠪᠤᠷᠭᠤ︾ ᠠᠵᠤ ᠠᠬᠤᠶᠢᠯᠠᠯ᠂ ᠭᠠᠭᠴᠠ ᠵᠦᠢᠯ ᠤᠨ ᠮᠠᠩᠯᠠᠢ ᠠᠵᠤ ᠠᠬᠤᠶᠢᠯᠠᠯ ᠢ ᠱᠠᠲᠤᠯᠠᠨ | ᠬᠥᠮᠥᠵᠢᠭᠦᠯᠬᠦ ᠲᠣᠭᠲᠠᠯᠴᠠᠭ᠎ᠠ ᠪᠠᠨ ᠪᠦᠷᠢᠨᠰᠢᠭᠦᠯᠦᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ | ᠠᠬᠤᠶᠢᠯᠠᠯ ᠳᠤ ᠰᠤᠳᠤᠯᠤᠨ ᠨᠡᠭᠡᠭᠡᠬᠦ ᠠᠵᠢᠯᠯᠠᠭ᠎ᠠ ᠶᠢ ᠪᠦᠷᠢᠨ ᠪᠦᠷᠬᠦᠭᠦᠯᠬᠦ ᠪᠠᠷ ᠬᠦᠴᠦᠯᠡᠨ ᠴᠢᠷᠮᠠᠶᠢᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠭᠦᠢᠴᠡᠳ ᠰᠠᠶᠢᠲᠤᠷ ᠠᠰᠢᠭᠯᠠᠨ᠎ᠠ᠂ | ︽ᠤᠯᠤᠰ ᠤᠨ ᠠᠩᠭᠢ︾ ᠶᠢ ᠦᠷᠭᠦᠯᠵᠢᠯᠡᠨ ᠪᠤᠵᠠᠭᠠᠶᠢᠷᠠᠭᠤᠯᠵᠤ᠂ ᠬᠤᠸᠠᠢ ᠷᠧᠦ ᠶᠢᠨ ᠤᠯᠤᠰ ᠤᠨ | ᠲᠤᠷᠰᠢᠯᠲᠠ ᠶᠢᠨ ᠲᠠᠰᠤᠭ ᠤᠨ ᠥᠪᠥᠷ ᠮᠣᠩᠭᠤᠯ ᠳᠠᠬᠢ ᠰᠠᠭᠤᠷᠢᠨ ᠭᠠᠵᠠᠷ᠂ ᠬᠦᠬᠡᠬᠤᠲᠠ ᠪᠤᠭᠤᠲᠤ ᠣᠷᠳᠣᠰ ᠤᠨ | ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢᠨ ᠵᠢᠱᠢᠶ᠎ᠡ ᠦᠵᠡᠭᠦᠯᠬᠦ ᠣᠷᠣᠨ᠂ ᠡᠪᠡᠰᠦᠨ ᠤ | ᠦᠢᠯᠡᠰ ᠤᠨ ᠮᠡᠷᠭᠡᠵᠢᠯ ᠤᠨ ᠤᠯᠤᠰ ᠤᠨ ᠰᠢᠨ᠎ᠡ ᠶᠢ ᠡᠭᠦᠳᠬᠦ ᠲᠥᠪ ᠵᠥᠪᠰᠢᠶᠡᠷᠡᠭᠳᠡᠵᠦ ᠰᠠᠭᠤᠷᠢᠰᠢᠬᠤ ᠶᠢ ᠪᠦᠬᠦ | ᠬᠦᠴᠦᠨ ᠢᠶᠠᠷ ᠢᠶᠠᠨ ᠴᠢᠷᠮᠠᠶᠢᠨ ᠪᠡᠶᠡᠯᠡᠭᠦᠯᠦᠨ᠎ᠡ︔ ︽ᠣᠷᠣᠨ ᠨᠤᠲᠤᠭ ᠤᠨ ᠠᠩᠭᠢ︾ ᠶᠢ ᠬᠦᠴᠦᠷᠬᠡᠭᠵᠢᠭᠦᠯᠦᠨ | ᠰᠢᠯᠢᠳᠡᠭᠵᠢᠭᠦᠯᠵᠦ᠂ ᠳᠠᠯᠠᠨ ᠬᠠᠷ᠎ᠠ ᠠᠭᠤᠯᠠ ᠶᠢᠨ ᠲᠤᠷᠰᠢᠯᠲᠠ ᠶᠢᠨ ᠲᠠᠰᠤᠭ᠂ ᠣᠷᠳᠣᠰ ᠤᠨ ᠲᠤᠷᠰᠢᠯᠲᠠ ᠶᠢᠨ | ᠲᠠᠰᠤᠭ ᠢ ᠰᠠᠶᠢᠲᠤᠷ ᠪᠦᠲᠦᠭᠡᠨ ᠪᠠᠶᠢᠭᠤᠯᠤᠨ᠂ ᠪᠤᠭᠤᠲᠤ ᠬᠤᠲᠠ ᠶᠢᠨ ᠲᠤᠷᠰᠢᠯᠲᠠ ᠶᠢᠨ ᠲᠠᠰᠤᠭ ᠢ ᠵᠣᠬᠢᠶᠠᠨ | ᠪᠠᠶᠢᠭᠤᠯᠵᠤ᠂ ᠣᠨᠴᠠᠭᠠᠶᠢᠯᠠᠨ ︽ᠮᠧᠩ ᠺᠧ ᠵᠢᠦᠢ︾ ᠶᠡᠷᠦᠩᠬᠡᠢ ᠲᠠᠪᠴᠠᠩ ᠶᠡᠷᠦᠩᠬᠡᠢ ᠬᠦᠢᠰᠦ ᠶᠢᠨ ᠦᠢᠯᠡᠳᠦᠯ ᠢ | ᠰᠠᠶᠢᠲᠤᠷ ᠪᠠᠳᠠᠷᠠᠭᠤᠯᠤᠨ᠂ ᠮᠡᠷᠭᠡᠵᠢᠯ ᠤᠨ ᠭᠡᠷ᠎ᠡ ᠶᠢᠨ ᠠᠷᠠᠯᠵᠢᠶᠠᠯᠠᠭᠰᠠᠨ ᠲᠤᠭ᠎ᠠ ᠶᠢ ᠵᠠᠭᠤᠨ ᠳ᠋ᠦᠩᠰᠢᠭᠤᠷ ᠠᠴᠠ | ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ ᠬᠥᠭᠵᠢᠭᠰᠡᠨ ᠮᠤᠵᠢ ᠣᠷᠣᠨ ᠤ ᠰᠤᠳᠤᠯᠤᠨ ᠨᠡᠭᠡᠭᠡᠬᠦ ᠴᠢᠳᠠᠪᠤᠷᠢ | ᠴᠢᠩᠭ᠎ᠠ᠂ ᠭᠡᠪᠡᠴᠦ ᠮᠠᠨ ᠤ ᠣᠷᠣᠨ ᠤ ᠬᠡᠷᠡᠭᠯᠡᠯᠲᠡ ᠶᠢᠨ ᠠᠬᠤᠢ ᠪᠠᠶᠢᠳᠠᠯ ᠣᠯᠠᠨ ᠶᠤᠮ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠠᠴᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠢ | ᠪᠠᠶᠢᠷᠢᠯᠠᠭᠤᠯᠪᠠ᠂ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠬᠢ | ᠬᠠᠮᠲᠤᠷᠠᠯᠴᠠᠭ᠎ᠠ ᠶᠢ ᠴᠢᠬᠤᠯᠠ ᠠᠭᠤᠯᠭ᠎ᠠ ᠪᠠᠨ ᠪᠣᠯᠭᠠᠵᠣ᠂ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠤᠣᠰ ᠴᠢᠭᠯᠡᠯᠲᠦ ᠣᠭᠤᠷᠴᠤᠭ ᠬᠠᠷᠢᠶ᠎ᠠ ᠭᠠᠵᠠᠷ ᠢ ᠪᠦᠲᠦᠭᠡᠨ ᠪᠠᠶᠢᠭᠤᠯᠵᠤ᠂ | ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠬᠠᠮᠲᠤᠷᠠᠯᠴᠠᠭᠠᠨ ᠤ ᠲᠦᠷᠦᠯ ᠵᠦᠢᠯ ᠢ ᠪᠣᠳᠠᠲᠠᠶᠢᠵᠢᠭᠤᠯᠤᠨ᠂ ᠨᠡᠩ | ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠮᠠᠨ ᠤ ᠣᠷᠣᠨ ᠳᠤ ᠪᠠᠨ ᠤᠯᠠᠷᠢᠭᠤᠯᠤᠨ | ᠬᠡᠷᠡᠭᠯᠡᠭᠦᠯᠦᠨ᠎ᠡ᠃ | ᠴᠢᠳᠠᠪᠤᠷᠢᠲᠠᠨ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠦᠨᠳᠦᠰᠦ | ᠰᠠᠭᠤᠷᠢ ᠪᠣᠯᠣᠨ᠎ᠠ᠃ ︽ᠰᠣᠳᠣᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠢᠨᠵᠧᠨᠧᠷᠢᠩ ᠢᠶᠠᠷ | ᠶᠡᠷᠦᠩᠬᠡᠢ ᠵᠢᠯᠣᠭᠤᠳᠤᠮᠵᠢ ᠪᠣᠯᠭᠠᠵᠤ᠂ ᠮᠠᠨ ᠤ ᠣᠷᠣᠨ ᠤ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠴᠢᠳᠠᠪᠤᠷᠢᠲᠠᠨ ᠢ ᠰᠡᠳᠬᠢᠯ ᠲᠠᠯᠪᠢᠨ ᠤᠷᠢᠵᠤ᠂ ᠴᠢᠳᠠᠪᠤᠷᠢᠲᠠᠨ ᠢ ᠦᠨᠡᠨᠴᠢ ᠪᠠᠷ ᠦᠯᠡᠳᠡᠭᠡᠵᠦ᠂ | ᠴᠢᠳᠠᠪᠤᠷᠢᠲᠠᠨ ᠢ ᠨᠠᠨᠳᠢᠩᠨᠠᠨ ᠬᠡᠷᠡᠭᠯᠡᠵᠦ᠂ ᠰᠢᠨᠵᠢᠯᠡᠬᠦ ᠤᠬᠠᠭᠠᠨ ᠤ ᠰᠤᠳᠤᠯᠤᠯ ᠳᠤ ᠵᠠᠷᠤᠳᠠᠯ ᠤᠨ ᠳᠡᠮᠵᠢᠯᠭᠡ | ᠦᠵᠡᠭᠦᠯᠬᠦ᠂ ᠴᠢᠳᠠᠪᠤᠷᠢᠲᠠᠨ ᠤᠷᠢᠬᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠬᠦ᠂ ᠰᠠᠭᠠᠳ ᠦᠭᠡᠢ ᠨᠡᠪᠲᠡᠷᠡᠬᠦ ᠵᠠᠮ | ᠪᠠᠶᠢᠭᠤᠯᠬᠤ᠂ ᠬᠥᠯᠥᠰᠦ ᠣᠯᠭᠤᠮᠵᠢ ᠪᠠᠷ ᠤᠷᠮᠠᠰᠢᠭᠤᠯᠬᠤ ᠶᠢ ᠴᠢᠩᠭᠠᠷᠠᠭᠤᠯᠬᠤ᠂ ᠮᠡᠷᠭᠡᠵᠢᠯ ᠤᠨ ᠴᠣᠯᠠ | ᠲᠣᠭᠲᠠᠭᠠᠵᠤ ᠤᠷᠢᠬᠤ ᠳᠤ ᠬᠠᠷᠠᠭᠠᠯᠵᠠᠯ ᠦᠵᠡᠭᠦᠯᠬᠦ ᠵᠡᠷᠭᠡ ᠲᠠᠯ᠎ᠠ ᠪᠠᠷ ᠶᠡᠷᠦᠩᠬᠡᠶᠢᠯᠡᠨ ᠠᠷᠭ᠎ᠠ ᠪᠣᠳᠣᠯᠭ᠎ᠠ | ᠬᠡᠷᠡᠭᠵᠢᠭᠦᠯᠦᠨ᠂ ᠰᠠᠶᠢᠨ ᠲᠥᠷᠥ ᠶᠢᠨ ᠪᠣᠳᠣᠯᠭ᠎ᠠ ᠶᠢ ᠦᠨᠡᠨ ᠪᠣᠳᠠᠲᠠᠢ ᠪᠠᠷ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠨ᠎ᠠ᠃ ᠰᠤᠷᠭᠠᠨ ᠬᠥᠮᠦᠵᠢᠯ ᠪᠣᠯ ᠴᠢᠳᠠᠪᠤᠷᠢᠲᠠᠨ ᠬᠥᠮᠥᠵᠢᠭᠦᠯᠬᠦ ᠶᠢᠨ | ᠦᠨᠳᠦᠰᠦᠨ ᠠᠷᠭ᠎ᠠ ᠵᠠᠮ ᠪᠣᠯᠣᠨ᠎ᠠ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠨᠢ ᠲᠡᠷᠢᠭᠦᠨ ᠳᠡᠰ ᠤᠨ ᠬᠢᠴᠢᠶᠡᠯ | ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠥᠪᠥᠷ ᠮᠣᠩᠭᠤᠯ ᠤᠨ | ᠶᠡᠭᠡ ᠰᠤᠷᠭᠠᠭᠤᠯᠢ ᠶᠢᠨ ︽ᠬᠤᠣᠰ ᠲᠡᠷᠢᠭᠦᠨ ᠳᠡᠰ︾ ᠤᠨ ᠪᠠᠶᠢᠭᠤᠯᠤᠯᠲᠠ ᠶᠢ ᠦᠷᠭᠦᠯᠵᠢᠯᠡᠨ ᠳᠡᠮᠵᠢᠵᠦ᠂ ᠰᠦ | ᠰᠠᠭᠠᠯᠢ ᠶᠢᠨ ᠦᠢᠯᠡᠰ᠂ ᠬᠤᠪᠣᠷ ᠰᠢᠷᠣᠢ᠂ ᠡᠨᠧᠷᠬᠢ ᠵᠡᠷᠭᠡ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ | ᠳᠡᠭᠡᠳᠦ ᠵᠡᠷᠭᠡ ᠶᠢᠨ ᠰᠤᠳᠤᠯᠤᠯ ᠤᠨ ᠬᠦᠷᠢᠶᠡᠯᠡᠩ ᠢ ᠪᠦᠲᠦᠭᠡᠨ ᠪᠠᠶᠢᠭᠤᠯᠬᠤ ᠶᠢ ᠠᠬᠢᠭᠤᠯᠤᠨ᠎ᠠ︔ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠢ ᠣᠷᠣᠨ ᠪᠦᠰᠡ ᠶᠢᠨ ᠬᠥᠭᠵᠢᠯᠲᠡ ᠲᠠᠢ ᠵᠣᠬᠢᠴᠠᠯᠳᠤᠭᠤᠯᠵᠤ᠂ ᠠᠵᠤ | ᠦᠢᠯᠡᠰ ᠤᠨ ᠪᠠᠶᠢᠷᠢᠰᠢᠭᠤᠯᠤᠯᠲᠠ ᠲᠠᠢ ᠵᠣᠯᠭᠠᠭᠤᠯᠤᠨ᠂ ᠬᠤᠲᠠ ᠶᠢᠨ ᠬᠡᠪᠴᠢᠶᠡᠨ ᠤ ᠠᠵᠤ ᠦᠢᠯᠡᠰ ᠰᠤᠷᠭᠠᠨ | ᠬᠥᠮᠦᠵᠢᠯ ᠤᠨ ᠬᠤᠯᠪᠣᠭᠠᠲᠤ ᠴᠣᠭᠴᠠ᠂ ᠠᠵᠢᠯ ᠲᠦᠷᠦᠯ ᠤᠨ ᠠᠵᠤ ᠦᠢᠯᠡᠰ ᠰᠤᠷᠭᠠᠨ ᠬᠥᠮᠦᠵᠢᠯ | ᠠᠭᠤᠰᠤᠯᠴᠠᠭᠰᠠᠨ ᠬᠠᠮᠲᠤ ᠶᠢᠨ ᠴᠣᠭᠴᠠ ᠶᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ᠂ ᠥᠪᠥᠷ ᠮᠣᠩᠭᠤᠯ ᠤᠨ | ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠦᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠢᠶᠠᠨ ᠨᠡᠶᠢᠳᠬᠡᠨ ᠠᠵᠢᠯ | ᠮᠡᠷᠭᠡᠵᠢᠯ ᠤᠨ ᠦᠨᠳᠦᠰᠦᠨ ᠠᠩᠭᠢ ᠪᠠᠶᠢᠭᠤᠯᠬᠤ ᠶᠢ ᠳᠡᠮᠵᠢᠨ᠎ᠡ᠃ | ︵ᠳᠥᠷᠪᠡ︶ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠵᠤ᠂ | ᠳᠠᠪᠠᠭᠤᠯᠢᠭ ᠣᠨᠴᠠᠯᠢᠭᠲᠤ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ | ᠮᠠᠨ ᠤ ᠣᠷᠣᠨ ᠤ ᠨᠤᠲᠤᠭ ᠳᠡᠪᠢᠰᠬᠡᠷ ᠥᠷᠭᠡᠨ ᠠᠭᠤᠳᠠᠮ᠂ ᠭᠠᠵᠠᠷ ᠠᠭᠤᠳᠠᠮ ᠬᠥᠮᠥᠨ ᠴᠥᠭᠡᠨ᠂ | ᠦᠢᠯᠡᠳᠪᠦᠷᠢᠯᠡᠯ ᠤᠨ ᠬᠦᠴᠦᠨ ᠵᠦᠢᠯ ᠬᠠᠷᠢᠴᠠᠩᠭᠤᠢ ᠲᠠᠷᠠᠬᠠᠢ ᠪᠤᠲᠠᠷᠬᠠᠢ ᠶᠤᠮ᠂ ᠠᠵᠤ ᠦᠢᠯᠡᠰ ᠢ | ᠬᠥᠭᠵᠢᠭᠦᠯᠬᠦ ᠳᠤ ᠡᠷᠬᠡᠪᠰᠢ ᠠᠮᠢ ᠠᠬᠤᠢ ᠶᠢ ᠤᠷᠢᠳ ᠢᠶᠠᠷ ᠪᠣᠳᠣᠯᠬᠢᠯᠠᠨ᠂ ᠪᠣᠬᠢᠷᠳᠤᠯ ᠦᠭᠡᠢ ᠬᠥᠭᠵᠢᠭᠦᠯᠬᠦ | ᠤᠳᠤᠷᠢᠳᠤᠮᠵᠢ ᠶᠢ ᠭᠤᠶᠢᠪᠢᠰᠢ ᠦᠭᠡᠢ ᠪᠠᠷᠢᠮᠲᠠᠯᠠᠵᠤ᠂ ᠣᠷᠣᠨ ᠳᠠᠶᠠᠭᠠᠷ ︽ᠨᠢᠭᠡ ᠬᠥᠯᠭᠡ ᠰᠢᠲᠠᠷ᠎ᠠ ᠰᠢᠭ᠋︾ | ᠪᠠᠶᠢᠬᠤ ᠶᠢ ᠡᠷᠬᠡᠪᠰᠢ ᠪᠠᠷᠢᠮᠲᠠᠯᠠᠵᠤ᠂ ᠵᠠᠭᠤᠨ ᠳ᠋ᠦᠩᠰᠢᠭᠤᠷ ᠤᠨ ᠠᠵᠤ ᠦᠢᠯᠡᠰ ᠤᠨ ᠰᠠᠭᠤᠷᠢ ᠮᠥᠩᠭᠦ ᠶᠢ ᠨᠡᠶᠢᠳᠬᠡᠨ | ᠪᠠᠶᠢᠭᠤᠯᠵᠤ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠢ ᠰᠡᠳᠬᠢᠯ ᠲᠠᠯᠪᠢᠨ ᠴᠣᠭᠴᠠᠯᠠᠵᠤ᠂ ᠥᠨᠳᠥᠷ | ᠲᠦᠪᠰᠢᠨᠳᠣ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠲᠥᠪᠯᠡᠷᠡᠵᠦ ᠪᠥᠭᠡᠮᠨᠡᠷᠡᠨ ᠡᠷᠴᠢᠮᠵᠢᠵᠦ ᠬᠥᠭᠵᠢᠬᠦ ᠶᠢ ᠠᠬᠢᠭᠤᠯᠤᠨ᠂ ᠪᠠᠶᠢᠷᠢᠰᠢᠭᠤᠯᠤᠯᠲᠠ ᠨᠢ ᠵᠦᠢ | ᠵᠣᠬᠢᠰᠲᠠᠢ᠂ ᠵᠢᠷᠤᠮᠵᠢᠭᠤᠨ ᠪᠥᠭᠡᠳ ᠡᠮᠬᠢ ᠵᠢᠷᠤᠮ ᠲᠠᠢ᠂ ᠠᠮᠢᠵᠢᠷᠠᠯ ᠤᠨ ᠬᠦᠴᠦᠨ ᠪᠢᠯᠬᠠᠭᠰᠠᠨ ᠠᠵᠤ ᠦᠢᠯᠡᠰ ᠤᠨ | ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃ | ᠪᠦᠬᠦ ᠤᠯᠤᠰ ᠤᠨ ᠲᠡᠷᠢᠭᠦᠨ ᠡᠩᠨᠡᠭᠡᠨ ᠳᠤ ᠪᠠᠶᠢᠭ᠎ᠠ ᠠᠵᠤ ᠦᠢᠯᠡᠰ ᠤᠨ ᠲᠦᠷᠦᠭᠦᠯᠡᠬᠦ ᠪᠠᠶᠢᠷᠢ ᠶᠢ ᠨᠢ | ᠪᠠᠲᠤᠯᠠᠵᠤ᠂ ᠰᠢᠨ᠎ᠡ ᠥᠨᠳᠦᠷᠯᠢᠭ ᠢ ᠵᠠᠪᠳᠤᠨ ᠡᠵᠡᠯᠡᠬᠦ ᠶᠢ ᠠᠬᠢᠭᠤᠯᠤᠨ᠎ᠠ᠃ ᠮᠠᠨ ᠤ ᠣᠷᠣᠨ ᠤ ᠰᠦ ᠰᠠᠭᠠᠯᠢ ᠶᠢᠨ | ᠦᠢᠯᠡᠰ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠨᠢ ᠨᠢᠭᠡᠨᠲᠡ ᠤᠯᠤᠰ ᠤᠨ ᠳᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠳᠤ | ᠰᠣᠩᠭᠤᠭᠳᠠᠪᠠ᠂ ᠣᠳᠣ ᠳᠡᠯᠡᠬᠡᠢ ᠶᠢᠨ ᠳᠡᠰ ᠲᠤ ᠳᠠᠪᠰᠢᠨ ᠣᠷᠣᠬᠤ ᠪᠠᠷ ᠲᠦᠷᠭᠡᠨ ᠤᠷᠤᠭᠰᠢᠯᠠᠬᠤ ᠬᠡᠷᠡᠭᠲᠡᠢ᠃ | ᠰᠦ ᠰᠠᠭᠠᠯᠢ ᠶᠢᠨ ᠦᠢᠯᠡᠰ ᠤᠨ ᠲᠠᠯ᠎ᠠ ᠪᠠᠷ ᠳᠡᠯᠡᠬᠡᠢ ᠳᠠᠬᠢ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠵᠦ᠂ | ᠢᠯᠢ᠂ ᠮᠧᠩ ᠨᠢᠦ ᠬᠤᠶᠠᠷ ᠲᠣᠮᠣ ᠰᠦ ᠰᠠᠭᠠᠯᠢ ᠶᠢᠨ ᠠᠵᠤ ᠠᠬᠤᠶᠢᠯᠠᠯ ᠢ ᠳᠡᠮᠵᠢᠵᠦ ᠪᠠᠶᠢᠭᠠᠳ ᠳᠡᠯᠡᠬᠡᠶᠢᠵᠢᠭᠦᠯᠬᠦ | ᠪᠠᠶᠢᠯᠳᠤᠬᠤ ᠪᠣᠳᠣᠯᠭ᠎ᠠ ᠶᠢ ᠨᠢ ᠠᠬᠢᠭᠤᠯᠵᠤ᠂ ᠣᠨᠴᠠᠭᠠᠶᠢᠯᠠᠨ ᠪᠦᠲᠦᠭᠡᠭᠳᠡᠬᠦᠨ ᠤ ᠪᠦᠲᠦᠴᠡ ᠶᠢ ᠬᠦᠴᠦᠯᠡᠨ | ᠰᠢᠯᠢᠳᠡᠭᠵᠢᠭᠦᠯᠵᠦ᠂ ᠪᠢᠰᠢᠯᠠᠭ᠂ ᠰᠢᠷᠠᠰᠤ᠂ ᠰᠦᠨ ᠤ ᠲᠡᠮᠦᠷᠲᠦ ᠤᠭᠤᠷᠠᠭ ᠵᠡᠷᠭᠡ ᠨᠠᠷᠢᠯᠢᠭ ᠭᠦᠨ ᠡᠳ᠋ᠰᠢᠭᠦᠯᠦᠨ | ᠪᠣᠯᠪᠠᠰᠤᠷᠠᠭᠤᠯᠬᠤ ᠠᠵᠤ ᠦᠢᠯᠡᠰ ᠢ ᠲᠦᠷᠭᠡᠳᠬᠡᠨ ᠪᠠᠶᠢᠷᠢᠰᠢᠭᠤᠯᠵᠤ᠂ ᠰᠦᠨ ᠲᠠᠯᠬ᠎ᠠ᠂ ᠲᠠᠷᠠᠭ᠂ ᠮᠥᠰᠥᠮᠡᠭ ᠤᠨ | ᠵᠠᠬ᠎ᠠ ᠳᠡᠯᠭᠡᠭᠦᠷ ᠤᠨ ᠬᠤᠪᠢᠳᠠᠴᠠ ᠶᠢ ᠥᠷᠭᠡᠳᠬᠡᠨ᠂ ᠰᠦ ᠰᠠᠭᠠᠯᠢ ᠶᠢᠨ ᠦᠢᠯᠡᠰ ᠤᠨ ᠠᠵᠤ ᠦᠢᠯᠡᠰ ᠤᠨ | ᠬᠡᠯᠬᠢᠶᠡᠨ ᠤ ᠦᠢᠯᠡᠳᠬᠦᠨ ᠤ ᠥᠷᠲᠡᠭ ᠢ 2500 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ | ᠬᠤᠪᠣᠷ ᠰᠢᠷᠣᠢ ᠶᠢᠨ ᠲᠠᠯ᠎ᠠ ᠪᠠᠷ ︽ᠬᠤᠪᠣᠷ ᠰᠢᠷᠣᠢ ᠶᠢᠨ ᠬᠤᠶᠠᠷ ᠰᠠᠭᠤᠷᠢᠨ ᠭᠠᠵᠠᠷ︾ ᠤᠨ ᠪᠦᠲᠦᠭᠡᠨ | ᠪᠠᠶᠢᠭᠤᠯᠤᠯᠲᠠ ᠶᠢᠨ ᠬᠠᠷᠠᠯᠲᠠ ᠶᠢ ᠣᠨᠢᠯᠠᠨ᠂ ︽ᠠᠭᠤᠷᠬᠠᠢ ᠠᠴᠠ ᠬᠤᠪᠣᠷ ᠰᠢᠷᠣᠢ ᠢᠯᠡᠷᠡᠭᠦᠯᠬᠦ︾᠂ ︽ᠬᠤᠪᠣᠷ | ᠰᠢᠷᠣᠢ ᠠᠴᠠ ᠮᠠᠲ᠋ᠧᠷᠢᠶᠠᠯ ᠪᠣᠯᠭᠠᠬᠤ︾᠂ ︽ᠮᠠᠲ᠋ᠧᠷᠢᠶᠠᠯ ᠢ ᠬᠡᠷᠡᠭᠯᠡᠯᠲᠡ ᠳᠤ ᠣᠷᠣᠭᠤᠯᠬᠤ︾ ᠠᠵᠢᠯ ᠢ ᠰᠠᠶᠢᠲᠤᠷ | ᠬᠢᠵᠦ᠂ ᠪᠦᠬᠦ ᠬᠡᠯᠬᠢᠶᠡᠨ ᠤ ᠬᠤᠪᠣᠷ ᠰᠢᠷᠣᠢ ᠶᠢᠨ ᠠᠵᠤ ᠦᠢᠯᠡᠰ ᠤᠨ ᠬᠡᠮᠵᠢᠯᠲᠡ ᠶᠢᠨ ᠪᠠᠷᠢᠮᠵᠢᠶ᠎ᠠ ᠶᠢ ᠭᠡᠷᠡᠴᠢᠯᠡᠬᠦ | ᠲᠣᠭᠲᠠᠯᠴᠠᠭ᠎ᠠ ᠪᠠᠨ ᠲᠡᠭᠦᠯᠳᠡᠷᠵᠢᠭᠦᠯᠦᠨ᠂ ︽ᠬᠤᠪᠣᠷ ᠰᠢᠷᠣᠢ +︾ ᠠᠵᠤ ᠦᠢᠯᠡᠰ ᠤᠨ ᠡᠪᠴᠡᠯᠳᠦᠨ ᠬᠥᠭᠵᠢᠬᠦ | ᠣᠷᠣᠨ ᠵᠠᠢ ᠶᠢ ᠥᠷᠭᠡᠳᠬᠡᠵᠦ᠂ ᠪᠦᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠢ 1300 | ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ ᠣᠳᠣ ᠦᠶ᠎ᠡ ᠶᠢᠨ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠲᠠᠯ᠎ᠠ ᠪᠠᠷ ᠨᠡᠭᠦᠷᠡᠰᠦ ᠪᠠᠷ ᠰᠠᠭᠤᠷᠢᠯᠠᠭᠰᠠᠨ ᠰᠢᠨ᠎ᠡ ᠬᠡᠯᠪᠡᠷᠢ ᠶᠢᠨ ᠨᠡᠶᠢᠯᠡᠯᠭᠡ | ᠮᠠᠲ᠋ᠧᠷᠢᠶᠠᠯ᠂ ᠲᠡᠷᠢᠭᠦᠨ ᠤ ᠨᠡᠭᠦᠷᠡᠰᠦᠳᠦ᠋ᠷᠦᠭᠴᠢ ᠮᠠᠲ᠋ᠧᠷᠢᠶᠠᠯ᠂ ᠵᠠᠳᠠᠷᠠᠬᠤᠶᠢᠴᠠ ᠮᠠᠲ᠋ᠧᠷᠢᠶᠠᠯ ᠵᠡᠷᠭᠡ ᠳᠡᠭᠡᠳᠦ | ᠲᠡᠰᠵᠢᠭᠰᠡᠨ ᠦᠢᠯᠡᠳᠬᠦᠨ ᠤ ᠮᠡᠷᠭᠡᠵᠢᠯ ᠢ ᠨᠡᠭᠡᠭᠡᠨ ᠬᠥᠭᠵᠢᠭᠦᠯᠵᠦ ᠬᠡᠷᠡᠭᠯᠡᠬᠦ ᠶᠢ ᠲᠦᠷᠭᠡᠳᠬᠡᠨ᠂ ᠨᠡᠭᠦᠷᠡᠰᠦ ᠬᠢᠮᠢ ᠶᠢᠨ | ᠠᠵᠤ ᠦᠢᠯᠡᠳᠪᠦᠷᠢ ᠬᠢᠭᠡᠳ ᠪᠣᠬᠢᠷᠳᠤᠯ ᠦᠭᠡᠢ ᠴᠠᠬᠢᠯᠭᠠᠨ᠂ ᠪᠣᠬᠢᠷᠳᠤᠯ ᠦᠭᠡᠢ ᠤᠰᠤᠳᠦ᠋ᠷᠦᠭᠴᠢ ᠵᠡᠷᠭᠡ ᠶᠢᠨ | ᠡᠪᠴᠡᠯᠳᠦᠨ ᠬᠥᠭᠵᠢᠬᠦ ᠶᠢ ᠠᠬᠢᠭᠤᠯᠵᠤ᠂ ᠣᠷᠳᠣᠰ ᠲᠠᠬᠢ ᠤᠯᠤᠰ ᠤᠨ ᠣᠳᠣ ᠦᠶ᠎ᠡ ᠶᠢᠨ ᠨᠡᠭᠦᠷᠡᠰᠦ ᠬᠢᠮᠢ ᠶᠢᠨ | ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠣᠷᠣᠨ ᠢ ᠥᠨᠳᠥᠷ ᠲᠦᠪᠰᠢᠨ ᠢᠶᠠᠷ ᠪᠦᠲᠦᠭᠡᠨ ᠪᠠᠶᠢᠭᠤᠯᠵᠤ᠂ | ᠤᠯᠤᠰ ᠤᠨ ᠡᠨᠧᠷᠬᠢ ᠶᠢᠨ ᠪᠦᠯᠦᠭᠯᠡᠯ ᠤᠨ ᠨᠡᠭᠦᠷᠡᠰᠦ ᠪᠠᠷ ᠲᠣᠰᠣ ᠦᠢᠯᠡᠳᠬᠦ᠂ ᠪᠤᠤ ᠹᠧᠩ ᠪᠦᠯᠦᠭᠯᠡᠯ ᠤᠨ | ᠨᠡᠭᠦᠷᠡᠰᠦ ᠪᠠᠷ ᠠᠯᠺᠧᠨ ᠨᠡᠭᠦᠷᠦᠭᠴᠢ ᠦᠢᠯᠡᠳᠬᠦ᠂ ᠵᠢᠦ ᠲᠠᠢ ᠰᠢᠨ᠎ᠡ ᠮᠠᠲ᠋ᠧᠷᠢᠶᠠᠯ ᠵᠡᠷᠭᠡ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠢ ᠮᠢᠩᠭᠠᠨ ᠳ᠋ᠦᠩᠰᠢᠭᠤᠷ ᠭᠠᠷᠤᠢ ᠲᠥᠭᠦᠷᠢᠭ ᠲᠤ | ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠨ᠎ᠠ᠃ ᠮᠠᠨ ᠤ ᠣᠷᠣᠨ ᠪᠣᠯ ᠤᠯᠤᠰ ᠤᠨ ᠨᠠᠢᠮᠠᠨ ᠶᠡᠭᠡ ᠪᠣᠳᠣᠬᠤ | ᠴᠢᠳᠠᠪᠤᠷᠢ ᠶᠢᠨ ᠬᠦᠢᠰᠦ ᠵᠠᠩᠭᠢᠯᠠᠭ᠎ᠠ ᠶᠢᠨ ᠴᠡᠭ ᠪᠠ ᠠᠷᠪᠠᠨ ᠶᠡᠭᠡ ᠳ᠋ᠠᠶᠢᠲ᠋ᠠ ᠶᠢᠨ ᠲᠥᠪ ᠤᠨ ᠪᠦᠯᠦᠭᠵᠢᠯ ᠤᠨ | ᠨᠢᠭᠡ ᠨᠢ ᠪᠣᠯᠣᠨ᠎ᠠ᠂ ︽ᠤᠯᠤᠰ ᠤᠨ ᠳᠣᠲᠣᠭᠠᠳᠤ ᠳᠤ ᠲᠦᠷᠦᠭᠦᠯᠡᠬᠦ︾ ᠬᠠᠷᠠᠯᠲᠠ ᠳᠤ ᠴᠢᠭᠯᠡᠭᠦᠯᠦᠨ᠂ ᠤᠯᠤᠰ ᠤᠨ | ᠪᠣᠳᠣᠬᠤ ᠴᠢᠳᠠᠪᠤᠷᠢ ᠬᠢᠭᠡᠳ ᠴᠠᠬᠢᠯᠭᠠᠨ ᠬᠦᠴᠦᠨ ᠤ ᠵᠣᠬᠢᠴᠠᠩᠭᠤᠢ ᠬᠥᠭᠵᠢᠯᠲᠡ ᠶᠢᠨ ᠲᠤᠷᠰᠢᠯᠲᠠ ᠶᠢᠨ ᠴᠡᠭ ᠤᠨ | ᠪᠠᠶᠢᠭᠤᠯᠤᠯᠲᠠ ᠶᠢ ᠠᠬᠢᠭᠤᠯᠵᠤ᠂ ᠳᠡᠭᠡᠳᠦ ᠬᠡᠯᠬᠢᠶᠡᠨ ᠤ IT ᠤᠨ ᠵᠥᠭᠡᠯᠡᠨ ᠬᠠᠲᠠᠭᠤ ᠬᠡᠷᠡᠭᠰᠡᠯ ᠤᠨ ᠲᠥᠬᠦᠭᠡᠷᠦᠮᠵᠢ᠂ | ᠳᠤᠮᠳᠠ ᠬᠡᠯᠬᠢᠶᠡᠨ ᠤ ᠪᠣᠳᠣᠬᠤ ᠴᠢᠳᠠᠪᠤᠷᠢ ᠶᠢᠨ ᠰᠦᠯᠵᠢᠶ᠎ᠡ ᠵᠢᠴᠢ ᠲᠠᠪᠴᠠᠩ᠂ ᠳᠣᠣᠷᠠᠳᠤ ᠬᠡᠯᠬᠢᠶᠡᠨ ᠤ | ᠬᠡᠷᠡᠭᠯᠡᠯᠲᠡ ᠶᠢᠨ ᠠᠬᠤᠢ ᠪᠠᠶᠢᠳᠠᠯ ᠤᠨ ᠪᠦᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠲᠦᠷᠭᠡᠳᠬᠡᠨ᠂ | ᠬᠤᠸᠠ ᠸᠧᠢ᠂ ᠾᠥᠸᠧ ᠱᠠᠨ ᠬᠥᠳᠡᠯᠭᠡᠭᠦᠷ᠂ ᠱᠢ ᠵᠢᠢ ᠬᠤ᠋ ᠯᠢᠶᠠᠨ᠂ ᠵᠦᠩ ᠶᠢᠨ ᠳ᠋ᠠᠶᠢᠲ᠋ᠠ ᠵᠡᠷᠭᠡ ᠣᠶᠤᠨᠴᠢ | ᠪᠣᠳᠣᠯᠲᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠬᠦ ᠤᠯᠤᠰ ᠲᠤ ᠦᠢᠯᠡᠴᠢᠯᠡᠬᠦ | ᠪᠣᠬᠢᠷᠳᠤᠯ ᠦᠭᠡᠢ ᠪᠣᠳᠣᠬᠤ ᠴᠢᠳᠠᠪᠤᠷᠢ ᠶᠢᠨ ᠪᠠᠲᠤᠯᠠᠭ᠎ᠠ ᠶᠢᠨ ᠰᠠᠭᠤᠷᠢᠨ ᠭᠠᠵᠠᠷ᠂ ᠳ᠋ᠠᠶᠢᠲ᠋ᠠ ᠪᠣᠯᠪᠠᠰᠤᠷᠠᠭᠤᠯᠬᠤ | ᠰᠠᠭᠤᠷᠢᠨ ᠭᠠᠵᠠᠷ᠂ ᠲᠣᠮᠣ ᠵᠠᠭᠪᠤᠷ ᠤᠨ ᠪᠣᠯᠪᠠᠰᠤᠷᠠᠯ ᠤᠨ ᠰᠠᠭᠤᠷᠢᠨ ᠭᠠᠵᠠᠷ ᠢ ᠴᠣᠭᠴᠠᠯᠠᠨ᠂ ᠪᠣᠳᠣᠬᠤ | ᠴᠢᠳᠠᠪᠤᠷᠢ ᠶᠢᠨ ᠬᠡᠪᠴᠢᠶᠡᠵᠢᠯ ᠢ 20 ᠲᠦᠮᠡᠨ P ᠠᠴᠠ ᠳᠠᠪᠠᠭᠤᠯᠵᠤ᠂ ᠣᠶᠤᠨᠴᠢ ᠪᠣᠳᠣᠬᠤ ᠴᠢᠳᠠᠪᠤᠷᠢ ᠶᠢᠨ ᠪᠦᠬᠦ | ᠤᠯᠤᠰ ᠲᠤ ᠲᠦᠷᠦᠭᠦᠯᠡᠭᠰᠡᠨ ᠪᠠᠶᠢᠷᠢ ᠶᠢ ᠪᠠᠲᠤᠯᠠᠨ᠂ ᠰᠢᠨ᠎ᠡ ᠪᠠᠷ ᠪᠠᠶᠢᠭᠤᠯᠬᠤ ᠳ᠋ᠠᠶᠢᠲ᠋ᠠ ᠶᠢᠨ ᠲᠥᠪ ᠤᠨ ᠪᠣᠬᠢᠷᠳᠤᠯ | ᠦᠭᠡᠢ ᠴᠠᠬᠢᠯᠭᠠᠨ ᠬᠦᠴᠦᠨ ᠤ ᠬᠠᠷᠢᠴᠠᠯ ᠢ 80% ᠠᠴᠠ ᠳᠣᠣᠷ᠎ᠠ ᠪᠠᠶᠢᠯᠭᠠᠬᠤ ᠦᠭᠡᠢ ᠪᠠᠷ ᠬᠦᠴᠦᠯᠡᠨ | ᠴᠢᠷᠮᠠᠶᠢᠨ᠎ᠠ᠃ ᠠᠵᠤ ᠦᠢᠯᠡᠰ ᠤᠨ ᠳ᠋ᠢᠭᠢᠳ᠋ᠴᠢᠯᠠᠯᠳᠡ ᠶᠢ ᠶᠡᠭᠡ ᠪᠠᠷ ᠠᠬᠢᠭᠤᠯᠤᠨ᠂ ᠦᠢᠯᠡᠳᠬᠦ ᠦᠢᠯᠡᠰ ᠤᠨ | ᠣᠶᠤᠨᠴᠢ ᠪᠠᠷ ᠥᠭᠡᠷᠡᠴᠢᠯᠡᠨ ᠰᠢᠨᠡᠳᠬᠡᠵᠦ ᠳ᠋ᠢᠬᠢᠳ᠋ᠴᠢᠯᠡᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ | ᠠᠬᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ ᠳᠤ ᠳ᠋ᠢᠬᠢᠳ᠋ᠴᠢᠯᠡᠨ | ᠥᠭᠡᠷᠡᠴᠢᠯᠡᠨ ᠰᠢᠨᠡᠳᠬᠡᠬᠦ ᠶᠢ ᠪᠦᠷᠢᠨ ᠪᠦᠷᠬᠦᠭᠦᠯᠬᠦ ᠪᠠᠨ ᠪᠡᠶᠡᠯᠡᠭᠦᠯᠦᠨ᠎ᠡ᠃ | ᠣᠨᠴᠠᠯᠢᠭ ᠲᠠᠢ᠂ ᠳᠠᠪᠠᠭᠤᠯᠢᠭ ᠠᠵᠤ ᠦᠢᠯᠡᠰ ᠤᠨ ᠲᠦᠷᠭᠡᠬᠡᠨ ᠪᠤᠵᠠᠭᠠᠶᠢᠷᠠᠵᠤ ᠬᠦᠴᠦᠷᠬᠡᠭ᠊ ᠨᠡᠮᠡᠭᠳᠡᠯ ᠤᠨ | ᠰᠢᠨ᠎ᠡ ᠬᠥᠳᠡᠯᠭᠡᠭᠦᠷ ᠢ ᠪᠦᠷᠢᠯᠳᠦᠭᠦᠯᠦᠨ᠎ᠡ᠃ ᠰᠢᠨ᠎ᠡ ᠡᠨᠧᠷᠬᠢ ᠶᠢᠨ ᠠᠵᠤ ᠦᠢᠯᠡᠰ ᠤᠨ ᠲᠡᠷᠢᠭᠦᠨ ᠤ ᠪᠠᠶᠢᠷᠢ | ᠰᠠᠭᠤᠷᠢ ᠶᠢ ᠪᠠᠲᠤᠳᠬᠠᠨ᠎ᠠ᠃ ᠨᠢᠭᠡ ᠲᠠᠯ᠎ᠠ ᠪᠠᠷ ᠡᠯᠡᠰᠦᠨ ᠴᠦᠯ ᠭᠤᠪᠢ ᠴᠥᠯᠡᠷᠬᠡᠭ ᠣᠷᠣᠨ ᠳᠠᠬᠢ ᠲᠣᠮᠣ | ᠰᠠᠭᠤᠷᠢᠨ ᠭᠠᠵᠠᠷ ᠪᠠ ᠥᠪᠥᠷ ᠮᠣᠩᠭᠤᠯ ᠤᠨ ᠪᠠᠷᠠᠭᠤᠨ ᠬᠡᠰᠡᠭ ᠠᠴᠠ ᠪᠡᠭᠡᠵᠢᠩ ᠲᠢᠶᠠᠨᠵᠢᠨ ᠾᠧᠪᠧᠢ ᠬᠦᠷᠬᠦ᠂ | ᠬᠥᠪᠴᠢ ᠶᠢᠨ ᠡᠯᠡᠰᠦ ᠠᠴᠠ ᠱᠠᠩᠬᠠᠢ ᠬᠦᠷᠬᠦ᠂ ᠲᠡᠭᠷᠢ ᠡᠯᠡᠰᠦ ᠠᠴᠠ ᠵᠢᠶᠠᠩᠰᠢ ᠬᠦᠷᠬᠦ᠂ ᠤᠯᠠᠭᠠᠨᠪᠤᠬ᠎ᠠ ᠶᠢᠨ | ᠡᠯᠡᠰᠦ ᠠᠴᠠ ᠪᠡᠭᠡᠵᠢᠩ ᠲᠢᠶᠠᠨᠵᠢᠨ ᠾᠧᠪᠧᠢ ᠱᠠᠨᠳᠦ᠋ᠩ ᠬᠦᠷᠬᠦ ᠭᠠᠳᠠᠭᠰᠢ ᠳᠠᠮᠵᠢᠭᠤᠯᠬᠤ ᠨᠡᠪᠲᠡᠷᠡᠯ ᠵᠠᠮ ᠤᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 4000 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠵᠦ ᠴᠠᠬᠢᠯᠭᠠᠨ | ᠬᠦᠴᠦᠨ ᠤ ᠲᠣᠣᠷ ᠲᠤ ᠨᠡᠶᠢᠯᠡᠭᠦᠯᠦᠨ᠂ ᠴᠠᠬᠢᠯᠭᠠᠨ ᠭᠠᠷᠭᠠᠬᠤ ᠬᠡᠮᠵᠢᠶ᠎ᠡ ᠶᠢ 3000 ᠳ᠋ᠦᠩᠰᠢᠭᠤᠷ ᠭᠷᠡᠳᠦ᠋ᠰ ᠠᠴᠠ | ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ ᠨᠦᠭᠦᠭᠡ ᠲᠠᠯ᠎ᠠ ᠪᠠᠷ ᠰᠤᠷᠪᠤᠯᠵᠢ ᠲᠣᠣᠷ ᠳᠠᠭᠠᠭᠠᠴᠠ ᠨᠥᠭᠡᠴᠡ ᠶᠢ | ᠨᠢᠭᠡ ᠴᠣᠭᠴᠠᠵᠢᠭᠤᠯᠬᠤ ᠶᠢ ᠪᠠᠷᠢᠮᠲᠠᠯᠠᠵᠤ᠂ ᠪᠠᠭᠲᠠᠭᠠᠨ ᠰᠢᠩᠭᠡᠭᠡᠬᠦ ᠠᠬᠤᠢ ᠪᠠᠶᠢᠳᠠᠯ ᠤᠨ ᠬᠡᠷᠡᠭᠯᠡᠯᠲᠡ ᠶᠢ ᠶᠡᠭᠡ ᠪᠠᠷ | ᠠᠬᠢᠭᠤᠯᠤᠨ᠂ ᠰᠢᠨ᠎ᠡ ᠡᠨᠧᠷᠬᠢ ᠶᠢᠨ ᠠᠰᠢᠭᠯᠠᠮᠵᠢ ᠶᠢ 90% ᠠᠴᠠ ᠳᠡᠭᠡᠭᠰᠢ ᠪᠠᠶᠢᠯᠭᠠᠬᠤ ᠶᠢ ᠦᠨᠡᠨ ᠬᠦ | ᠪᠠᠲᠤᠯᠠᠨ᠎ᠠ᠃ ᠡᠭᠦᠨ ᠳᠤ ᠭᠤᠣᠯᠳᠠᠭᠤ ᠲᠠᠪᠤᠨ ᠠᠵᠢᠯ ᠶᠠᠪᠤᠳᠠᠯ ᠢ ᠰᠠᠶᠢᠲᠤᠷ ᠠᠳᠬᠤᠨ᠎ᠠ᠃ ᠨᠢᠭᠡ ᠨᠢ ᠰᠢᠨ᠎ᠡ | ᠬᠡᠯᠪᠡᠷᠢ ᠶᠢᠨ ᠨᠥᠭᠡᠴᠡ ᠡᠨᠧᠷᠬᠢ ᠶᠢ ᠲᠦᠷᠭᠡᠳᠬᠡᠨ ᠬᠥᠭᠵᠢᠭᠦᠯᠦᠨ᠎ᠡ᠂ ᠠᠯᠠᠱᠠ ᠶᠢᠨ ᠰᠢᠨ ᠶᠤᠸᠠᠨ ᠵᠢᠩ ᠵᠡᠷᠭᠡ | ᠰᠢᠨ᠎ᠡ ᠬᠡᠯᠪᠡᠷᠢ ᠶᠢᠨ ᠨᠥᠭᠡᠴᠡ ᠡᠨᠧᠷᠬᠢ ᠶᠢᠨ 35 ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ | ᠮᠠᠰᠢᠨ ᠴᠣᠭᠴᠠᠯᠠᠪᠤᠷᠢ ᠶᠢ 1000 ᠲᠦᠮᠡᠨ ᠺᠢᠯᠣᠸᠠᠲ ᠰᠢᠨ᠎ᠡ ᠪᠠᠷ ᠠᠵᠢᠯ ᠡᠬᠢᠯᠡᠭᠦᠯᠦᠨ᠂ 600 ᠲᠦᠮᠡᠨ | ᠺᠢᠯᠣᠸᠠᠲ ᠢ ᠰᠢᠨ᠎ᠡ ᠪᠠᠷ ᠠᠰᠢᠭᠯᠠᠯᠲᠠ ᠳᠤ ᠣᠷᠤᠭᠤᠯᠬᠤ ᠪᠠᠷ ᠬᠦᠴᠦᠯᠡᠨ ᠴᠢᠷᠮᠠᠶᠢᠨ᠎ᠠ᠃ ᠬᠤᠶᠠᠷ ᠨᠢ ᠪᠣᠬᠢᠷᠳᠤᠯ | ᠦᠭᠡᠢ ᠴᠠᠬᠢᠯᠭᠠᠨ ᠢᠶᠠᠷ ᠣᠷᠣᠯᠠᠭᠤᠯᠬᠤ ᠪᠠᠨ ᠨᠡᠮᠡᠭᠳᠡᠭᠦᠯᠦᠨ᠎ᠡ᠂ ᠲᠡᠮᠦᠷ ᠤᠨ ᠬᠠᠶᠢᠯᠤᠰᠢ᠂ ᠪᠣᠯᠣᠳ ᠲᠡᠮᠦᠷ᠂ ᠵᠡᠰ᠂ | ᠬᠥᠩᠭᠡᠨᠴᠠᠭᠠᠨ᠂ ᠯᠢᠲ᠋ᠢ ᠵᠡᠷᠭᠡ ᠰᠢᠨ᠎ᠡ ᠬᠡᠯᠪᠡᠷᠢ ᠶᠢᠨ ᠬᠠᠶᠢᠯᠤᠰᠢ ᠶᠢᠨ ᠮᠠᠲ᠋ᠧᠷᠢᠶᠠᠯ ᠤᠳ ᠤᠨ ᠠᠵᠤ ᠦᠢᠯᠡᠰ ᠤᠨ | ᠪᠣᠬᠢᠷᠳᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠳᠠᠶᠢᠴᠢᠯᠠᠵᠤ᠂ ᠪᠦᠬᠦ ᠤᠯᠤᠰ ᠤᠨ ᠬᠠᠮᠤᠭ ᠤᠨ ᠲᠣᠮᠣ | ᠪᠣᠬᠢᠷᠳᠤᠯ ᠦᠭᠡᠢ ᠥᠨᠳᠥᠷ ᠡᠨᠧᠷᠬᠢ ᠶᠢᠨ ᠳᠠᠭᠠᠭᠠᠴᠠᠳᠣ ᠠᠵᠤ ᠦᠢᠯᠡᠰ ᠤᠨ ᠪᠥᠭᠡᠮᠨᠡᠷᠡᠯ ᠤᠨ ᠣᠷᠣᠨ ᠢ ᠪᠦᠲᠦᠭᠡᠨ | ᠪᠠᠶᠢᠭᠤᠯᠤᠨ᠎ᠠ᠃ ᠭᠤᠷᠪᠠ ᠨᠢ ᠪᠣᠬᠢᠷᠳᠤᠯ ᠦᠭᠡᠢ ᠴᠠᠬᠢᠯᠭᠠᠨ ᠢ ᠪᠣᠬᠢᠷᠳᠤᠯ ᠦᠭᠡᠢ ᠤᠰᠤᠳᠦ᠋ᠷᠦᠭᠴᠢ ᠰᠢᠪᠲᠦᠷ | ᠠᠯᠺᠤᠤᠯ ᠪᠣᠯᠭᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠤᠰᠤᠳᠦ᠋ᠷᠦᠭᠴᠢ ᠡᠨᠧᠷᠬᠢ ᠶᠢᠨ ᠠᠵᠤ | ᠦᠢᠯᠡᠰ ᠤᠨ ᠬᠤᠰᠢᠭᠤᠴᠢ ᠣᠷᠣᠨ ᠢ ᠴᠣᠭᠴᠠᠯᠠᠨ᠂ ᠤᠯᠠᠭᠠᠨᠴᠠᠪ ᠠᠴᠠ ᠶᠠᠨᠱᠠᠨ ᠤ ᠴᠢᠯᠠᠭᠤᠨ ᠲᠣᠰᠣ ᠬᠢᠮᠢ ᠶᠢᠨ | ᠺᠤᠮᠫᠠᠨᠢ ᠬᠦᠷᠬᠦ ᠤᠰᠤᠳᠦ᠋ᠷᠦᠭᠴᠢ ᠳᠠᠮᠵᠢᠭᠤᠯᠬᠤ ᠬᠤᠭᠤᠯᠠᠢ ᠭᠤᠤᠷᠰᠤ᠂ ᠤᠯᠠᠭᠠᠨᠬᠠᠳᠠ ᠠᠴᠠ ᠵᠢᠨᠵᠧᠦ ᠭᠠᠷᠠᠮ ᠢ | ᠳᠠᠮᠵᠢᠨ ᠱᠠᠩᠬᠠᠢ ᠬᠦᠷᠬᠦ ᠪᠣᠬᠢᠷᠳᠤᠯ ᠦᠭᠡᠢ ᠤᠰᠤᠳᠦ᠋ᠷᠦᠭᠴᠢ ᠶᠢᠨ ᠬᠤᠩᠭᠢᠯ ᠤᠨ ᠲᠦᠷᠦᠯ ᠵᠦᠢᠯ ᠢ ᠪᠦᠲᠦᠭᠡᠨ | ᠪᠠᠶᠢᠭᠤᠯᠵᠤ᠂ ᠰᠢᠯᠢ ᠶᠢᠨ ᠭᠤᠣᠯ ᠠᠴᠠ ᠼᠤᠤ ᠹᠧᠢ ᠳ᠋ᠢᠶᠠᠨ ᠬᠦᠷᠬᠦ ᠤᠰᠤᠳᠦ᠋ᠷᠦᠭᠴᠢ ᠳᠠᠮᠵᠢᠭᠤᠯᠬᠤ ᠬᠤᠭᠤᠯᠠᠢ | ᠭᠤᠤᠷᠰᠤ ᠶᠢᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠦᠨ᠂ ᠠᠶᠢᠮᠠᠭ ᠬᠤᠲᠠ ᠶᠢᠨ ᠬᠢᠨ ᠤ ᠪᠣᠬᠢᠷᠲᠤᠯ | ᠦᠭᠡᠢ ᠤᠰᠤᠳᠦ᠋ᠷᠦᠭᠴᠢ ᠰᠢᠪᠲᠦᠷ ᠠᠯᠺᠤᠤᠯ᠂ ᠤᠰᠤᠳᠦ᠋ᠷᠦᠭᠴᠢ ᠡᠨᠧᠷᠬᠢ ᠶᠢᠨ ᠬᠡᠷᠡᠭᠯᠡᠭᠡᠨ ᠤ ᠰᠠᠭᠤᠷᠢᠨ ᠭᠠᠵᠠᠷ | ᠪᠦᠲᠦᠭᠡᠨ ᠪᠠᠶᠢᠭᠤᠯᠬᠤ ᠶᠢ ᠳᠡᠮᠵᠢᠨ᠎ᠡ᠃ ᠳᠥᠷᠪᠡ ᠨᠢ ᠰᠠᠯᠬᠢ ᠭᠡᠷᠡᠯ ᠤᠰᠤᠳᠦ᠋ᠷᠦᠭᠴᠢ ᠨᠥᠭᠡᠴᠡ ᠶᠢᠨ ᠪᠦᠬᠦ | ᠬᠡᠯᠬᠢᠶᠡᠨ ᠤ ᠬᠥᠭᠵᠢᠯᠲᠡ ᠶᠢ ᠪᠠᠷᠢᠮᠲᠠᠯᠠᠨ᠂ ᠰᠢᠨ᠎ᠡ ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ | ᠬᠦᠴᠦᠷᠬᠡᠭᠵᠢᠭᠦᠯᠵᠦ᠂ ᠴᠠᠬᠢᠯᠭᠠᠨ ᠡᠭᠦᠰᠭᠡᠭᠦᠷ᠂ ᠭᠦᠶᠦᠳᠡᠯ ᠬᠤᠪᠢᠷᠠᠭᠠᠭᠤᠷ᠂ ᠰᠥᠷᠭᠡᠦ ᠬᠤᠪᠢᠰᠬᠠᠭᠤᠷ᠂ | ᠰᠢᠰᠲ᠋ᠧᠮ ᠤᠨ ᠴᠢᠩᠭᠡᠯᠢᠭ ᠵᠡᠷᠭᠡ ᠭᠤᠣᠯᠯᠠᠬᠤ ᠰᠡᠯᠪᠢᠭ ᠲᠤᠨᠤᠭ ᠲᠤ ᠠᠩᠬᠠᠷᠤᠯ ᠢᠶᠠᠨ ᠲᠥᠪᠯᠡᠷᠡᠭᠦᠯᠵᠦ᠂ | ᠬᠡᠯᠬᠢᠶ᠎ᠡ ᠶᠢ ᠤᠷᠲᠤᠳᠬᠠᠨ ᠨᠥᠬᠦᠪᠦᠷᠢᠯᠡᠬᠦ 113 ᠲᠦᠷᠦᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠰᠢᠨ᠎ᠡ | ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ ᠢ 2700 ᠳ᠋ᠦᠩᠰᠢᠭᠤᠷ | ᠲᠥᠭᠦᠷᠢᠭ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ ᠲᠠᠪᠤ ᠨᠢ ᠰᠢᠨ᠎ᠡ ᠡᠨᠧᠷᠬᠢ ᠶᠢᠨ ᠠᠵᠢᠯᠯᠠᠭᠤᠯᠵᠤ | ᠪᠠᠲᠤᠯᠠᠬᠤ ᠦᠢᠯᠡᠴᠢᠯᠡᠭᠡᠨ ᠤ ᠦᠢᠯᠡᠰ ᠢ ᠰᠠᠶᠢᠲᠤᠷ ᠬᠢᠵᠦ᠂ ᠮᠡᠷᠭᠡᠵᠢᠯ ᠤᠨ ᠯᠠᠪᠯᠠᠭ᠎ᠠ᠂ ᠣᠶᠤᠨᠴᠢ ᠬᠠᠮᠠᠭᠠᠯᠠᠯᠲᠠ᠂ | ᠠᠦ᠋ᠲ᠋ᠣᠴᠢᠯᠠᠭᠰᠠᠨ ᠬᠢᠨᠠᠨ ᠰᠢᠨᠵᠢᠯᠲᠡ ᠣᠨᠣᠰᠢᠯᠠᠯᠲᠠ ᠵᠡᠷᠭᠡ ᠲᠤᠬᠠᠶᠢᠯᠠᠭᠰᠠᠨ ᠠᠵᠢᠯ ᠢ ᠰᠢᠨ᠎ᠡ ᠶᠢ ᠡᠭᠦᠳᠦᠨ | ᠬᠥᠭᠵᠢᠭᠦᠯᠵᠦ᠂ ᠠᠵᠢᠯᠯᠠᠭᠤᠯᠵᠤ ᠪᠠᠲᠤᠯᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠳᠡᠭᠡᠳᠦ ᠲᠡᠰ ᠤᠨ | ᠦᠢᠯᠡᠴᠢᠯᠡᠭᠡᠨ ᠤ ᠨᠡᠷᠡᠲᠦ ᠲᠡᠮᠳᠡᠭ ᠢ ᠴᠣᠭᠴᠠᠯᠠᠨ᠎ᠠ᠃ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠪᠣᠯᠪᠠᠰᠤᠷᠠᠭᠤᠯᠤᠨ ᠡᠳ᠋ᠰᠢᠭᠦᠯᠬᠦ ᠦᠢᠯᠡᠰ ᠢ ᠰᠢᠯᠢᠳᠡᠭᠵᠢᠭᠦᠯᠦᠨ᠎ᠡ᠃ ᠦᠬᠡᠷ ᠬᠤᠨᠢᠨ ᠤ ᠮᠢᠬ᠎ᠠ᠂ | ᠲᠥᠮᠥᠰᠥ᠂ ᠡᠷᠳᠡᠨᠢ ᠰᠢᠰᠢ᠂ ᠢᠮᠠᠭᠠᠨ ᠨᠣᠣᠯᠣᠭᠤᠷ᠂ ᠡᠪᠡᠰᠦᠨ ᠤ ᠦᠢᠯᠡᠰ ᠪᠣᠯ ᠪᠢᠳᠡᠨ ᠤ ᠣᠯᠠᠨ ᠵᠢᠯ | ᠬᠥᠭᠵᠢᠭᠦᠯᠦᠭᠡᠳ ᠢᠷᠡᠭᠰᠡᠨ ᠣᠨᠴᠠᠯᠢᠭᠲᠤ ᠠᠵᠤ ᠦᠢᠯᠡᠰ ᠪᠣᠯᠣᠨ᠎ᠠ᠂ ᠦᠷᠭᠦᠯᠵᠢᠯᠡᠨ ᠭᠦᠨᠵᠡᠭᠡᠶᠢᠷᠡᠭᠦᠯᠦᠨ | ᠬᠥᠭᠵᠢᠭᠦᠯᠵᠦ᠂ ᠲᠠᠷᠢᠬᠤ ᠲᠡᠵᠢᠭᠡᠬᠦ ᠡᠳ᠋ᠰᠢᠭᠦᠯᠬᠦ ᠪᠣᠷᠣᠯᠠᠭᠤᠯᠬᠤ ᠪᠦᠬᠦ ᠬᠡᠯᠬᠢᠶᠡᠨ ᠤ ᠬᠥᠭᠵᠢᠯᠲᠡ ᠶᠢ ᠠᠬᠢᠭᠤᠯᠵᠤ᠂ | ᠠᠯᠠᠰᠢᠨ ᠬᠤᠨᠢ᠂ ᠡᠷᠳᠡᠨᠢ ᠰᠢᠰᠢ 2 ᠵᠦᠢᠯ ᠤᠨ ᠮᠢᠩᠭᠠᠨ ᠳ᠋ᠦᠩᠰᠢᠭᠤᠷ ᠳᠡᠰ ᠤᠨ ᠠᠵᠤ ᠦᠢᠯᠡᠰ ᠤᠨ ᠬᠡᠯᠬᠢᠶᠡᠨ ᠤ | ᠳᠡᠰ ᠳᠡᠪᠰᠢᠨ ᠦᠷ᠎ᠡ ᠠᠰᠢᠭ ᠢᠶᠠᠨ ᠨᠡᠮᠡᠭᠳᠡᠭᠦᠯᠬᠦ᠂ ᠠᠯᠠᠰᠢᠨ ᠦᠬᠡᠷ᠂ ᠡᠪᠡᠰᠦᠨ ᠤ ᠦᠢᠯᠡᠰ 2 ᠵᠦᠢᠯ ᠤᠨ ᠠᠵᠤ | ᠦᠢᠯᠡᠰ ᠤᠨ ᠬᠡᠯᠬᠢᠶᠡᠨ ᠤ ᠮᠢᠩᠭᠠᠨ ᠳ᠋ᠦᠩᠰᠢᠭᠤᠷ ᠳᠡᠰ ᠢ ᠲᠦᠷᠭᠡᠬᠡᠨ ᠳᠠᠪᠠᠭ᠋ᠤ᠂ ᠲᠥᠮᠥᠰᠥ᠂ ᠢᠮᠠᠭᠠᠨ ᠨᠣᠣᠯᠣᠭᠤᠷ | 2 ᠵᠦᠢᠯ ᠤᠨ ᠠᠵᠤ ᠦᠢᠯᠡᠰ ᠤᠨ ᠬᠡᠯᠬᠢᠶᠡᠨ ᠤ ᠮᠢᠩᠭᠠᠨ ᠳ᠋ᠦᠩᠰᠢᠭᠤᠷ ᠳᠡᠰ ᠲᠤ ᠳᠠᠪᠰᠢᠨ ᠣᠷᠣᠬᠤ ᠶᠢ ᠨᠢ | ᠠᠬᠢᠭᠤᠯᠤᠨ᠎ᠠ᠃ | ᠳᠠᠯᠳᠠ ᠬᠦᠴᠦᠨ ᠲᠠᠢ᠂ ᠨᠥᠬᠦᠴᠡᠯ ᠲᠠᠢ ᠠᠵᠤ ᠦᠢᠯᠡᠰ ᠢ ᠲᠦᠷᠭᠡᠳᠬᠡᠨ ᠪᠤᠶᠢᠵᠢᠭᠤᠯᠬᠤ ᠶᠢ | ᠠᠬᠢᠭᠤᠯᠵᠤ᠂ ᠰᠢᠨ᠎ᠡ ᠥᠷᠢᠰᠦᠯᠳᠦᠭᠡᠨ ᠤ ᠴᠠᠷᠠᠭ᠎ᠠ ᠰᠢᠨ᠎ᠡ ᠬᠥᠳᠡᠯᠭᠡᠭᠴᠢ ᠡᠨᠧᠷᠬᠢ ᠶᠢ ᠡᠷᠲᠡᠬᠡᠨ ᠪᠣᠢ ᠪᠣᠯᠭᠠᠬᠤ ᠪᠠᠷ | ᠴᠢᠷᠮᠠᠶᠢᠨ᠎ᠠ᠃ ᠳᠣᠣᠷ᠎ᠠ ᠠᠭᠠᠷ ᠤᠨ ᠠᠵᠤ ᠠᠬᠤᠢ ᠶᠢᠨ ᠲᠠᠯ᠎ᠠ ᠪᠠᠷ ᠳᠣᠣᠷ᠎ᠠ ᠠᠭᠠᠷ ᠤᠨ ᠨᠢᠰᠦᠭᠦᠷ ᠦᠢᠯᠡᠳᠬᠦ᠂ | ᠳᠣᠣᠷ᠎ᠠ ᠠᠭᠠᠷ ᠤᠨ ᠨᠢᠰᠦᠯᠲᠡ ᠶᠢᠨ ᠦᠢᠯᠡᠴᠢᠯᠡᠭᠡᠨ ᠤ ᠪᠠᠲᠤᠯᠠᠭ᠎ᠠ᠂ ᠳᠣᠣᠷ᠎ᠠ ᠠᠭᠠᠷ ᠤᠨ ᠣᠯᠠᠡ ᠡᠰᠢᠵᠢᠭᠰᠡᠨ | ᠬᠡᠷᠡᠭᠯᠡᠯᠲᠡ ᠵᠡᠷᠭᠡ ᠭᠤᠷᠪᠠᠨ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢ ᠠᠳᠬᠤᠨ᠂ ᠥᠪᠥᠷ ᠮᠣᠩᠭᠤᠯ ᠤᠨ ᠳᠣᠣᠷ᠎ᠠ | ᠠᠭᠠᠷ ᠤᠨ ᠠᠵᠤ ᠠᠬᠤᠢ ᠶᠢᠨ ᠰᠤᠳᠤᠯᠤᠯ ᠤᠨ ᠬᠦᠷᠢᠶᠡᠯᠡᠩ ᠢ ᠪᠡᠯᠡᠳᠬᠡᠨ ᠪᠠᠶᠢᠭᠤᠯᠵᠤ᠂ ᠳᠣᠣᠷ᠎ᠠ ᠠᠭᠠᠷ ᠤᠨ | ᠨᠢᠰᠦᠭᠦᠷ ᠢ ᠲᠤᠷᠰᠢᠨ ᠨᠢᠰᠬᠡᠵᠦ ᠬᠡᠮᠵᠢᠨ ᠰᠢᠯᠭᠠᠬᠤ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠳᠣᠣᠷ᠎ᠠ | ᠠᠭᠠᠷ ᠤᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠬᠡᠯᠬᠢᠶᠡᠨ ᠤ ᠬᠤᠳᠠᠯᠳᠤᠭᠠᠴᠢᠨ ᠤᠷᠢᠬᠤ ᠠᠵᠢᠯ ᠤᠨ | ᠵᠢᠷᠤᠭ ᠤᠨ ᠵᠢᠭᠰᠠᠯ ᠢ ᠡᠮᠬᠢᠯᠡᠵᠦ ᠨᠡᠶᠢᠲᠡᠯᠡᠨ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠠᠭᠠᠷ ᠠᠶᠠᠯᠠᠯ ᠤᠨ | ᠪᠠᠶᠢᠴᠠᠭᠠᠯᠲᠠ ᠶᠢᠨ ᠲᠥᠪ᠂ ᠠᠷᠠᠳ ᠤᠨ ᠠᠭᠠᠷ ᠠᠶᠠᠯᠠᠯ ᠤᠨ ᠵᠢᠯᠣᠭᠤᠴᠢ ᠦᠭᠡᠢ ᠨᠢᠰᠬᠡᠯ ᠤᠨ ᠰᠢᠯᠭᠠᠯᠲᠠ ᠶᠢᠨ | ᠲᠥᠪ᠂ ᠳᠤᠮᠳᠠᠳᠤ ᠤᠯᠤᠰ ᠤᠨ ᠷᠦᠩ ᠲᠦᠩ ᠵᠢᠯᠣᠭᠤᠴᠢ ᠦᠭᠡᠢ ᠨᠢᠰᠬᠡᠯ ᠤᠨ ᠪᠠᠷᠠᠭᠠᠨ ᠤ ᠭᠦᠢᠯᠭᠡᠭᠡᠨ ᠤ | ᠲᠣᠬᠢᠷᠠᠭᠤᠯᠤᠯᠲᠠ ᠶᠢᠨ ᠲᠥᠪ ᠵᠡᠷᠭᠡ ᠲᠥᠷᠥᠯ ᠵᠦᠢᠯ ᠤᠨ ᠪᠣᠳᠠᠲᠠᠶᠢᠵᠢᠬᠤ ᠶᠢ ᠠᠬᠢᠭᠤᠯᠤᠨ᠂ ᠳᠣᠣᠷ᠎ᠠ ᠠᠭᠠᠷ + | ᠪᠠᠷᠠᠭᠠᠨ ᠤ ᠭᠦᠢᠯᠭᠡᠭᠡ᠂ ᠰᠣᠶᠣᠯ ᠵᠢᠭᠤᠯᠴᠢᠯᠠᠯ᠂ ᠪᠠᠴᠢᠮ ᠪᠠᠶᠢᠳᠠᠯ ᠤᠨ ᠠᠷᠭᠠᠴᠠᠭᠠᠯᠲᠠ᠂ ᠣᠷᠴᠢᠨ ᠲᠣᠭᠤᠷᠢᠨ ᠤ | ᠬᠠᠮᠠᠭᠠᠯᠠᠯᠲᠠ ᠵᠡᠷᠭᠡ ᠠᠬᠤᠢ ᠪᠠᠶᠢᠳᠠᠯ ᠤᠨ ᠬᠡᠷᠡᠭᠯᠡᠯᠲᠡ ᠶᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠬᠦᠬᠡᠬᠤᠳᠠ ᠶᠢᠨ | ᠰᠠᠨᠰᠠᠷ ᠠᠶᠠᠯᠠᠯ ᠤᠨ ᠨᠡᠭᠡᠭᠡᠯᠲᠡ ᠶᠢᠨ ᠲᠣᠭᠤᠷᠢᠭ ᠢᠶᠠᠷ ᠬᠥᠲᠥᠯᠥᠮᠵᠢ ᠪᠣᠯᠭᠠᠵᠣ᠂ ᠬᠦᠬᠡᠬᠤᠲᠠ ᠪᠤᠭᠤᠲᠤ | ᠣᠷᠳᠣᠰ ᠤᠨ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢᠨ ᠲᠣᠭᠤᠷᠢᠭ ᠢ ᠪᠤᠶᠢᠵᠢᠭᠤᠯᠵᠤ᠂ | ᠤᠯᠠᠭᠠᠨᠬᠠᠳᠠ ᠲᠦᠩᠯᠢᠶᠣᠣ ᠰᠢᠯᠢ ᠶᠢᠨ ᠭᠤᠣᠯ ᠤᠨ ᠳᠣᠣᠷ᠎ᠠ ᠠᠭᠠᠷ ᠤᠨ ᠬᠡᠷᠡᠭᠯᠡᠯᠲᠡ ᠶᠢᠨ ᠪᠥᠭᠡᠮᠨᠡᠷᠡᠯ ᠤᠨ ᠣᠷᠣᠨ | ᠪᠠ ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ᠂ ᠤᠯᠠᠭᠠᠨᠴᠠᠪ ᠤᠨ ᠳᠣᠣᠷ᠎ᠠ ᠠᠭᠠᠷ ᠤᠨ ᠵᠢᠭᠤᠯᠴᠢᠯᠠᠯ ᠤᠨ | ᠪᠥᠭᠡᠮᠨᠡᠷᠡᠯ ᠤᠨ ᠣᠷᠣᠨ ᠢ ᠴᠣᠭᠴᠠᠯᠠᠨ᠎ᠠ᠃ ᠵᠣᠬᠢᠶᠠᠮᠠᠯ ᠣᠶᠤᠨ ᠤ ᠲᠠᠯ᠎ᠠ ᠪᠠᠷ ᠰᠤᠳᠤᠯᠤᠨ ᠨᠡᠭᠡᠭᠡᠯᠲᠡ᠂ | ᠦᠢᠯᠡᠳᠪᠦᠷᠢᠯᠡᠬᠦ ᠪᠠ ᠬᠡᠷᠡᠭᠯᠡᠯᠲᠡ ᠶᠢ ᠰᠠᠶᠢᠲᠤᠷ ᠬᠢᠵᠦ᠂ ᠬᠦᠬᠡᠬᠤᠲᠠ ᠶᠢᠨ ᠣᠶᠤᠨᠴᠢ ᠡᠵᠡᠮᠰᠢᠭᠦᠷ᠂ ᠣᠶᠤᠨᠴᠢ | ᠨᠥᠯᠥᠭᠡᠯᠡᠭᠦᠷ᠂ ᠣᠶᠤᠨᠴᠢ ᠵᠥᠭᠡᠯᠡᠨ ᠬᠡᠷᠡᠭᠰᠡᠯ ᠵᠡᠷᠭᠡ ᠵᠠᠩᠭᠢᠯᠠᠭ᠎ᠠ ᠶᠢᠨ ᠵᠥᠭᠡᠯᠡᠨ ᠬᠠᠲᠠᠭᠤ ᠬᠡᠷᠡᠭᠰᠡᠯ ᠤᠨ | ᠲᠥᠬᠦᠭᠡᠷᠦᠮᠵᠢ ᠶᠢ ᠬᠥᠭᠵᠢᠭᠦᠯᠬᠦ ᠶᠢ ᠨᠢ ᠲᠡᠮᠵᠢᠵᠤ᠂ ᠵᠣᠬᠢᠶᠠᠮᠠᠯ ᠣᠶᠣᠨ ᠤ ᠠᠵᠤ ᠦᠢᠯᠡᠰ ᠤᠨ ᠰᠠᠭᠤᠷᠢᠨ ᠭᠠᠵᠠᠷ ᠢ | ᠴᠣᠭᠴᠠᠯᠠᠨ᠎ᠠ᠃ ᠣᠶᠤᠨᠲᠤ ᠠᠭᠤᠷᠬᠠᠢ᠂ ᠣᠶᠤᠨᠲᠤ ᠴᠠᠬᠢᠯᠭᠠᠨ ᠬᠦᠴᠦᠨ᠂ ᠣᠶᠤᠨᠲᠤ ᠲᠠᠷᠢᠶᠠᠯᠠᠩ᠂ ᠣᠶᠤᠨᠲᠤ | ᠰᠣᠶᠣᠯ ᠵᠢᠭᠤᠯᠴᠢᠯᠠᠯ᠂ ᠣᠶᠤᠨᠲᠤ ᠡᠮᠴᠢᠯᠡᠭᠡ᠂ ᠣᠶᠤᠨᠲᠤ ᠰᠤᠷᠭᠠᠨ ᠬᠥᠮᠦᠵᠢᠯ᠂ ᠣᠶᠤᠨᠲᠤ ᠪᠠᠷᠠᠭᠠᠨ ᠤ ᠭᠦᠢᠯᠭᠡᠭᠡ | ᠵᠡᠷᠭᠡ ᠬᠦᠷᠢᠶ᠎ᠡ ᠴᠠᠷᠠᠭᠠᠨ ᠳᠠᠬᠢ ᠬᠡᠷᠡᠭᠯᠡᠯᠲᠡ ᠶᠢᠨ ᠰᠢᠨ᠎ᠡ ᠡᠭᠦᠳᠦᠯᠲᠡ ᠶᠢ ᠲᠦᠷᠭᠡᠳᠬᠡᠨ᠎ᠡ᠃ ᠦᠢᠯᠡᠳᠪᠦᠷᠢᠯᠡᠯ ᠤᠨ | ᠠᠬᠤᠢ ᠪᠠᠶᠢᠳᠠᠯ ᠤᠨ ᠣᠶᠤᠨᠴᠢᠯᠠᠨ ᠥᠭᠡᠷᠡᠴᠢᠯᠡᠵᠦ ᠰᠢᠨᠡᠴᠢᠯᠡᠬᠦ ᠶᠢ ᠠᠬᠢᠭᠤᠯᠵᠤ᠂ ᠲᠦᠭᠰᠢᠭᠦᠷᠢ ᠶᠡᠬᠡᠲᠡᠢ᠂ | ᠬᠥᠳᠡᠯᠮᠦᠷᠢ ᠶᠢᠨ ᠬᠦᠴᠦᠯᠡᠴᠡ ᠴᠢᠩᠭ᠎ᠠ ᠵᠢᠴᠢ ᠠᠵᠢᠯ ᠬᠢᠬᠦ ᠣᠷᠴᠢᠨ ᠨᠥᠬᠦᠴᠡᠯ ᠠᠨᠠᠢ ᠦᠢᠯᠡᠳᠪᠦᠷᠢᠯᠡᠯ ᠤᠨ | ᠨᠢᠭᠡᠴᠢ ᠶᠢᠨ ︽ᠮᠠᠰᠢᠨ ᠢᠶᠠᠷ ᠬᠥᠮᠥᠨ ᠢ ᠣᠷᠣᠯᠠᠭᠤᠯᠬᠤ︾ ᠶᠢ ᠲᠦᠷᠭᠡᠳᠬᠡᠨ᠎ᠡ᠃ ᠠᠮᠢᠳᠤ ᠪᠣᠳᠠᠰ ᠤᠨ ᠦᠢᠯᠡᠳᠬᠦ | ᠦᠢᠯᠡᠰ ᠤᠨ ᠲᠠᠯ᠎ᠠ ᠪᠠᠷ ᠠᠮᠢᠳᠤ ᠪᠣᠳᠠᠰ ᠤᠨ ᠡᠮ ᠡᠮᠨᠡᠯᠭᠡ ᠪᠠ ᠠᠮᠢᠳᠤ ᠪᠣᠳᠠᠰ ᠤᠨ ᠢᠰᠬᠡᠯᠲᠡ ᠬᠤᠶᠠᠷ ᠶᠡᠭᠡ | ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠬᠡᠬᠤᠲᠠ ᠶᠢᠨ ᠪᠦᠬᠦ ᠪᠥᠮᠪᠥᠷᠴᠡᠭ ᠲᠤ | ᠲᠦᠷᠦᠭᠦᠯᠡᠭᠰᠡᠨ ᠮᠠᠯ ᠳᠤ ᠬᠡᠷᠡᠭᠯᠡᠬᠦ ᠸᠠᠺᠼᠢᠨ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ ᠰᠠᠭᠤᠷᠢᠨ ᠭᠠᠵᠠᠷ ᠢ | ᠴᠣᠭᠴᠠᠯᠠᠨ᠂ ᠬᠦᠬᠡᠬᠤᠲᠠ᠂ ᠲᠦᠩᠯᠢᠶᠣᠣ᠂ ᠤᠯᠠᠭᠠᠨᠬᠠᠳᠠ᠂ ᠪᠠᠶᠠᠨᠨᠠᠭᠤᠷ ᠵᠡᠷᠭᠡ ᠭᠠᠵᠠᠷ ᠣᠷᠣᠨ ᠤ ᠲᠦᠭᠦᠬᠡᠢ | ᠮᠠᠲ᠋ᠧᠷᠢᠶᠠᠯ ᠤᠨ ᠡᠮ ᠪᠠ ᠬᠢᠮᠢ ᠶᠢᠨ ᠡᠮ ᠤᠨ ᠬᠥᠭᠵᠢᠯᠲᠡ ᠶᠢ ᠲᠦᠷᠭᠡᠳᠬᠡᠵᠦ᠂ ᠲᠦᠭᠦᠬᠡᠢ ᠮᠠᠲ᠋ᠧᠷᠢᠶᠠᠯ ᠤᠨ ᠡᠮ ᠢ | ᠴᠢᠨᠠᠷ ᠴᠢᠨᠰᠠᠭ᠎ᠠ ᠲᠠᠢ ᠪᠦᠲᠦᠭᠡᠭᠳᠡᠬᠦᠨ ᠡᠮ ᠪᠠ ᠨᠠᠶᠢᠷᠠᠯᠭ᠎ᠠ ᠲᠡᠶᠢᠰᠢ ᠬᠤᠪᠢᠷᠠᠭᠤᠯᠬᠤ ᠶᠢ ᠠᠬᠢᠭᠤᠯᠤᠨ᠂ ᠴᠢᠨᠠᠬᠤ | ᠡᠮ᠂ ᠨᠠᠶᠢᠷᠠᠯᠭ᠎ᠠ᠂ ᠵᠣᠷ ᠤᠨ ᠮᠥᠬᠦᠯᠢᠭᠲᠦ ᠡᠮ ᠤᠨ ᠣᠨᠴᠠᠯᠢᠭ ᠪᠦᠬᠦᠢ ᠬᠢᠲᠠᠳ ᠮᠣᠩᠭᠤᠯ ᠡᠮ ᠤᠨ ᠠᠵᠤ | ᠦᠢᠯᠡᠰ ᠤᠨ ᠬᠡᠯᠬᠢᠶ᠎ᠡ ᠶᠢ ᠴᠣᠭᠴᠠᠯᠠᠨ᠎ᠠ᠃ ᠴᠠᠷᠳᠠᠭᠤᠯ᠂ ᠣᠨᠴᠠᠭᠠᠢ ᠵᠦᠢᠯ ᠤᠨ ᠠᠮᠢᠨᠤ᠋ ᠬᠦᠴᠢᠯ᠂ ᠰᠦᠨ | ᠬᠦᠴᠢᠯ ᠤᠨ ᠪᠠᠺᠲ᠋ᠧᠷᠢ ᠵᠢᠴᠢ ᠲᠡᠭᠦᠨ ᠤ ᠢᠰᠭᠡᠭᠰᠡᠨ ᠪᠦᠲᠦᠭᠡᠭᠳᠡᠬᠦᠨ ᠤ ᠠᠵᠤ ᠦᠢᠯᠡᠰ ᠤᠨ ᠬᠡᠯᠬᠢᠶ᠎ᠡ ᠶᠢ | ᠲᠡᠭᠦᠯᠳᠡᠷᠵᠢᠭᠦᠯᠦᠨ᠎ᠡ᠃ ᠰᠢᠨ᠎ᠡ ᠬᠡᠯᠪᠡᠷᠢ ᠶᠢᠨ ᠬᠠᠶᠢᠯᠤᠰᠢ ᠶᠢᠨ ᠮᠠᠲ᠋ᠧᠷᠢᠶᠠᠯ ᠤᠨ ᠲᠠᠯ᠎ᠠ ᠪᠠᠷ ᠲᠡᠮᠦᠷ ᠤᠨ ᠬᠠᠶᠢᠯᠤᠰᠢ᠂ | ᠪᠣᠯᠣᠳ ᠲᠡᠮᠦᠷ᠂ ᠵᠡᠰ᠂ ᠬᠥᠩᠭᠡᠨᠴᠠᠭᠠᠨ᠂ ᠯᠢᠲ᠋ᠢ ᠵᠡᠷᠭᠡ ᠡᠬᠢ ᠪᠠᠶᠠᠯᠢᠭ ᠪᠠ ᠠᠵᠤ ᠦᠢᠯᠡᠰ ᠤᠨ ᠳᠠᠪᠠᠭᠤᠯᠢᠭ ᠢ | ᠪᠠᠳᠠᠷᠠᠭᠤᠯᠵᠤ᠂ ᠥᠨᠳᠥᠷ ᠴᠢᠳᠠᠮᠵᠢᠲᠤ ᠨᠡᠶᠢᠯᠡᠮᠡᠯ ᠮᠠᠲ᠋ᠧᠷᠢᠶᠠᠯ ᠲᠡᠶᠢᠰᠢ ᠬᠡᠯᠬᠢᠶ᠎ᠡ ᠪᠠᠨ ᠤᠷᠲᠤᠳᠬᠠᠵᠤ | ᠨᠥᠬᠦᠪᠦᠷᠢᠯᠡᠨ᠂ ᠵᠠᠮ ᠬᠠᠷᠢᠯᠴᠠᠭ᠎ᠠ᠂ ᠰᠠᠨᠰᠠᠷ ᠠᠶᠠᠯᠠᠯ ᠠᠭᠠᠷ ᠠᠶᠠᠯᠠᠯ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ | ᠬᠦᠷᠢᠶ᠎ᠡ ᠴᠠᠷᠠᠭᠠᠨ ᠳᠠᠬᠢ ᠬᠡᠷᠡᠭᠯᠡᠯᠲᠡ ᠪᠠᠨ ᠥᠷᠭᠡᠳᠬᠡᠨ᠎ᠡ᠃ | ︵ᠲᠠᠪᠤ︶ ᠲᠠᠷᠢᠶᠠᠯᠠᠩ ᠮᠠᠯ ᠠᠵᠤ ᠠᠬᠤᠢ ᠶᠢ ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ | ᠴᠣᠭᠴᠠᠯᠠᠬᠤ ᠪᠠᠷ ᠴᠢᠷᠮᠠᠶᠢᠵᠤ᠂ ᠣᠳᠣᠬᠢᠴᠢᠯᠠᠭᠰᠠᠨ ᠰᠢᠨ᠎ᠡ ᠬᠥᠳᠡᠭᠡ ᠲᠤᠰᠬᠤᠨ ᠰᠢᠨ᠎ᠡ ᠮᠠᠯᠵᠢᠬᠤ ᠣᠷᠣᠨ ᠢ | ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠣᠨᠠᠯᠲᠠ ᠦᠢᠯᠡᠳᠪᠦᠷᠢᠯᠡᠬᠦ ᠴᠢᠳᠠᠮᠵᠢ᠂ ᠦᠢᠯᠡᠳᠪᠦᠷᠢᠯᠡᠯ ᠠᠮᠢ ᠠᠬᠤᠢ᠂ | ᠤᠨᠠᠯᠲᠠ ᠭᠠᠷᠤᠯᠲᠠ ᠪᠠ ᠣᠷᠣᠯᠭ᠎ᠠ ᠶᠢᠨ ᠨᠡᠮᠡᠭᠳᠡᠯ ᠢ ᠬᠠᠮᠲᠤ ᠳᠤ ᠨᠢ ᠠᠳᠬᠤᠬᠤ ᠶᠢ ᠪᠠᠷᠢᠮᠲᠠᠯᠠᠵᠤ᠂ ᠥᠩ ᠰᠢᠮᠡᠯᠢᠭ | ᠬᠥᠷᠥᠰᠥ ᠰᠢᠷᠣᠢ᠂ ᠥᠷᠭᠡᠨ ᠠᠭᠤᠳᠠᠮ ᠲᠠᠯ᠎ᠠ ᠨᠤᠲᠤᠭ᠂ ᠲᠤᠩᠭᠠᠯᠠᠭ ᠴᠡᠩᠭᠡᠭ ᠭᠤᠣᠯ ᠤᠨ ᠤᠰᠤ ᠶᠢ | ᠦᠢᠯᠡᠳᠪᠦᠷᠢᠯᠡᠯ ᠤᠨ ᠬᠦᠴᠦᠨ ᠪᠠ ᠥᠷᠢᠰᠦᠯᠳᠦᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ | ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠᠷ ᠬᠥᠳᠡᠭᠡ ᠲᠤᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ | ᠨᠢᠭᠡᠴᠢ ᠤᠨᠠᠯᠲᠠ ᠶᠢ ᠲᠡᠬᠡᠭᠰᠢᠯᠡᠬᠦᠯᠬᠦ ᠠᠵᠢᠯᠯᠠᠭᠠᠨ ᠢ ᠶᠡᠭᠡ ᠪᠠᠷ ᠬᠡᠷᠡᠭᠵᠢᠭᠦᠯᠦᠨ᠎ᠡ᠃ ᠲᠠᠷᠢᠶᠠᠯᠠᠬᠤ | ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ | ᠲᠣᠭᠲᠠᠪᠤᠷᠢᠵᠢᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 850 ᠲᠦᠮᠡᠨ ᠮᠦ᠂ ᠬᠠᠷ᠎ᠠ ᠬᠥᠷᠥᠰᠥᠲᠦ | ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ 2500 ᠲᠦᠮᠡᠨ ᠮᠦ ᠰᠢᠨ᠎ᠡ ᠪᠠᠷ ᠪᠠᠶᠢᠭᠤᠯᠵᠤ᠂ | ᠪᠡᠯᠡᠳᠬᠡᠮᠵᠢᠲᠦ ᠲᠠᠷᠢᠶᠠᠯᠠᠩ ᠢ 25 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ ᠭᠤᠣᠯ ᠪᠣᠯᠬᠤ ᠲᠠᠷᠢᠮᠠᠯ ᠤᠨ ᠨᠢᠭᠡᠴᠢ | ᠤᠨᠠᠯᠲᠠ ᠶᠢ ᠨᠢ ᠳᠡᠭᠡᠭᠰᠢᠯᠡᠭᠦᠯᠦᠭᠰᠡᠨ ᠵᠢᠱᠢᠶ᠎ᠡ ᠦᠵᠡᠬᠦᠯᠬᠦ ᠲᠣᠭᠤᠷᠢᠭ ᠢ 1000 ᠲᠦᠮᠡᠨ ᠮᠦ᠂ ︽ᠲᠤᠨ | ᠤᠨᠠᠯᠲᠠ ᠲᠠᠢ ᠲᠠᠷᠢᠶ᠎ᠡ︾ ᠶᠢ 900 ᠲᠦᠮᠡᠨ ᠮᠦ ᠴᠣᠭᠴᠠᠯᠠᠵᠤ᠂ ᠠᠮᠤ ᠪᠤᠳᠠᠭ᠎ᠠ ᠮᠢᠬ᠎ᠠ ᠰᠦᠨ ᠤ ᠭᠠᠷᠤᠯᠲᠠ ᠶᠢ | ᠲᠤᠰ ᠲᠤᠰ 800 ᠳ᠋ᠦᠩᠰᠢᠭᠤᠷ ᠵᠢᠩ᠂ 60 ᠳ᠋ᠦᠩᠰᠢᠭᠤᠷ ᠵᠢᠩ᠂ 160 ᠳ᠋ᠦᠩᠰᠢᠭᠤᠷ ᠵᠢᠩ ᠠᠴᠠ ᠳᠡᠭᠡᠭᠰᠢ ᠳᠤ | ᠲᠣᠭᠲᠠᠪᠤᠷᠢᠵᠢᠭᠤᠯᠤᠨ᠎ᠠ᠃ | ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠨᠢ | ᠲᠦᠷᠭᠡᠳᠬᠡᠨ ᠠᠬᠢᠭᠤᠯᠤᠨ᠎ᠠ᠃ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ | ᠰᠢᠢᠳᠪᠦᠷᠢᠯᠡᠬᠦ ᠶᠢᠨ ᠵᠠᠩᠭᠢᠯᠠᠭ᠎ᠠ ᠨᠢ ᠦᠢᠯᠡᠳᠪᠦᠷᠢᠯᠡᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠳᠤ ᠪᠠᠶᠢᠬᠤ ᠶᠤᠮ᠃ | ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠤ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠨᠤᠲᠤᠭ ᠪᠡᠯᠴᠢᠭᠡᠷ ᠤᠨ | ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠶᠢ ᠬᠦᠷᠲᠡᠵᠦ ᠪᠠᠶᠢᠭ᠎ᠠ | ᠬᠤᠰᠢᠭᠤ ᠰᠢᠶᠠᠨ ᠳᠤ ᠪᠦᠭᠦ ᠲᠠᠯ᠎ᠠ ᠪᠠᠷ ᠳᠡᠯᠭᠡᠷᠡᠭᠦᠯᠦᠨ᠂ ᠪᠦᠬᠦᠯᠢ ᠪᠠᠶᠢᠭᠤᠯᠤᠮᠵᠢᠲᠤ ᠳᠦᠷᠢᠮ ᠪᠦᠬᠦᠢ | ᠪᠡᠯᠴᠢᠭᠡᠷᠯᠡᠭᠦᠯᠬᠦ ᠶᠢ ᠵᠣᠭᠰᠤᠭᠠᠬᠤ ᠲᠤᠷᠰᠢᠯᠲᠠ ᠶᠢᠨ ᠴᠡᠭ ᠤᠨ ᠠᠵᠢᠯ ᠢ ᠵᠡᠷᠭᠡ ᠳᠤ ᠨᠢ ᠥᠷᠨᠢᠭᠦᠯᠵᠦ᠂ ᠬᠠᠰᠢᠶᠠᠯᠠᠨ | ᠲᠡᠵᠢᠭᠡᠬᠦ ᠪᠠ ᠬᠠᠭᠠᠰ ᠬᠠᠰᠢᠶᠠᠯᠠᠨ ᠲᠡᠵᠢᠭᠡᠬᠦ᠂ ᠨᠠᠶᠢᠳᠠᠨ ᠬᠠᠮᠢᠶᠠᠷᠤᠭᠤᠯᠬᠤ ᠪᠠ ᠣᠷᠣᠯᠠᠨ ᠲᠡᠵᠢᠭᠡᠬᠦ ᠵᠡᠷᠭᠡ ᠬᠡᠪ | ᠵᠠᠭᠪᠤᠷ ᠢ ᠲᠤᠬᠠᠢ ᠶᠢᠨ ᠭᠠᠵᠠᠷ ᠲᠤ ᠨᠢ ᠲᠣᠬᠢᠷᠠᠭᠤᠯᠵᠤ ᠳᠡᠯᠭᠡᠷᠡᠭᠦᠯᠦᠨ᠂ ᠮᠡᠯ ᠠᠵᠤ ᠠᠬᠤᠢ ᠶᠢᠨ | ᠦᠢᠯᠡᠳᠪᠦᠷᠢᠯᠡᠯ ᠤᠨ ᠠᠷᠭ᠎ᠠ ᠮᠠᠶ᠋ᠢᠭ ᠢ ︽ᠤᠯᠠᠨ ᠲᠡᠵᠢᠭᠡᠬᠦ︾ ᠠᠴᠠ ︽ᠨᠠᠷᠢᠯᠢᠭ ᠠᠷᠠᠴᠢᠯᠠᠬᠤ︾ ᠲᠡᠶᠢᠰᠢ | ᠬᠤᠪᠢᠷᠠᠭᠤᠯᠬᠤ ᠶᠢ ᠨᠢ ᠠᠬᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤ ᠨᠢ ᠬᠡᠷᠡᠭᠯᠡᠵᠦ ᠪᠠᠶᠢᠭᠠᠳ | ᠲᠠᠷᠢᠶᠠᠴᠢᠨ ᠮᠠᠯᠴᠢᠳ ᠤᠨ ︽ᠪᠡᠯᠴᠢᠭᠡᠷᠯᠡᠭᠦᠯᠬᠦ ᠶᠢ ᠨᠢ ᠵᠣᠭᠰᠣᠭᠠᠭᠰᠠᠨ ᠴᠤ ᠣᠷᠣᠯᠭ᠎ᠠ ᠶᠢ ᠨᠢ ᠬᠠᠰᠤᠭᠳᠠᠭᠤᠯᠬᠤ | ᠦᠭᠡᠢ︾ ᠪᠠᠶᠢᠬᠤ ᠳᠤ ᠪᠠᠲᠤᠯᠠᠭ᠎ᠠ ᠬᠠᠩᠭᠠᠵᠤ᠂ ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ ᠶᠢ 500 ᠲᠦᠮᠡ | ᠺᠦᠸᠠᠳ᠋ ᠮᠧᠳ᠋ᠷ ᠠᠴᠠ ᠳᠡᠭᠡᠭᠰᠢ ᠰᠢᠨ᠎ᠡ ᠪᠠᠷ ᠪᠠᠶᠢᠭᠤᠯᠤᠨ᠂ ᠪᠡᠯᠡᠳᠬᠡᠮᠵᠢᠲᠦ ᠮᠠᠯ ᠠᠵᠤ ᠠᠬᠤᠢ ᠶᠢᠨ ᠲᠡᠵᠢᠭᠡᠨ | ᠦᠷᠡᠵᠢᠭᠦᠯᠬᠦ ᠬᠤᠪᠢ ᠶᠢᠨ ᠵᠢᠩ ᠢ 75% ᠳᠤ ᠬᠦᠷᠦᠭᠦᠯᠬᠦ ᠪᠠᠷ ᠬᠦᠴᠦᠯᠡᠨ ᠴᠢᠷᠮᠠᠶᠢᠵᠤ᠂ ᠪᠠᠶᠢᠭᠠᠯᠢᠯᠢᠭ ᠨᠤᠲᠤᠭ | ᠪᠡᠯᠴᠢᠭᠡᠷ ᠲᠠᠬᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠵᠢᠭᠠᠯᠲᠠ ᠲᠤᠭ᠎ᠠ ᠶᠢ ᠳᠣᠷᠣᠭᠰᠢᠯᠠᠭᠤᠯᠤᠭᠠᠳ | 10% ᠬᠦᠷᠬᠦ ᠦᠭᠡᠢ ᠪᠣᠯᠭᠠᠨ᠎ᠠ᠃ | ᠮᠠᠨ ᠤ ᠣᠷᠣᠨ ᠤ ᠮᠠᠰᠢ ᠤᠯᠠᠨ ᠰᠠᠶᠢᠨ ᠵᠦᠢᠯ ᠦᠨ᠎ᠡ ᠭᠠᠷᠴᠤ ᠲᠡᠶᠢᠯᠬᠦ ᠦᠭᠡᠢ ᠪᠠᠶᠢᠭ᠎ᠠ ᠶᠢᠨ | ᠵᠠᠩᠭᠢᠯᠠᠭ᠎ᠠ ᠨᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ ᠪᠠᠷ ᠬᠦᠷᠦᠯᠴᠡᠬᠦ ᠦᠭᠡᠢ ᠳᠤ ᠪᠠᠶᠢᠬᠤ ᠶᠤᠮ᠃ | ᠨᠢᠭᠡ ᠲᠠᠯ᠎ᠠ ᠪᠠᠷ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠠᠳᠬᠤᠵᠤ᠂ ᠲᠠᠷᠢᠶᠠᠯᠠᠩ ᠲᠤᠰᠠᠯᠠᠬᠤ ᠠᠵᠤ | ᠠᠬᠤᠢ ᠶᠢᠨ ᠢᠳᠡᠭᠡᠨ ᠢ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠢᠶᠠᠨ ᠪᠤᠶᠢᠵᠢᠭᠤᠯᠤᠨ ᠪᠤᠵᠠᠭᠠᠶᠢᠷᠠᠭᠤᠯᠬᠤ | ᠠᠵᠢᠯᠯᠠᠭᠠᠨ ᠢ ᠥᠷᠨᠢᠭᠦᠯᠦᠨ᠂ ᠴᠠᠭᠠᠨ ᠢᠳᠡᠭᠡ᠂ ᠦᠬᠡᠷ ᠬᠤᠨᠢᠨ ᠤ ᠮᠢᠬ᠎ᠠ ᠵᠡᠷᠭᠡ 10 ᠲᠦᠷᠦᠯ ᠢᠯᠭᠠᠯ ᠤᠨ | ᠲᠣᠭᠤᠷᠢᠨ ᠳᠤ᠂ ᠬᠡᠯᠬᠢᠶᠡᠨ ᠤ ᠭᠤᠣᠯ ᠪᠣᠯᠬᠤ ᠠᠵᠤ ᠠᠬᠤᠶᠢᠯᠠᠯ᠂ ᠬᠥᠲᠥᠴᠢ ᠠᠵᠤ ᠠᠬᠤᠶᠢᠯᠠᠯ ᠢ ᠶᠡᠭᠡ ᠪᠠᠷ | ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠠᠵᠤ ᠦᠢᠯᠡᠰ ᠤᠨ ᠬᠡᠯᠬᠢᠶᠡᠨ ᠤ ᠲᠡᠭᠦᠰᠬᠡᠯ ᠦᠵᠦᠭᠦᠷ ᠪᠠ | ᠳᠡᠭᠡᠳᠦ ᠦᠵᠦᠭᠦᠷ ᠲᠡᠶᠢᠰᠢ ᠤᠷᠲᠤᠳᠬᠠᠬᠤ ᠶᠢ ᠠᠬᠢᠭᠤᠯᠤᠨ᠂ ᠭᠤᠣᠯ ᠪᠣᠯᠬᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠦ ᠤᠯᠠᠷᠢᠭᠤᠯᠬᠤ ᠨᠤᠷᠮ᠎ᠠ ᠶᠢ 75% ᠠᠴᠠ | ᠳᠡᠭᠡᠭᠰᠢ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠃ ᠨᠦᠭᠦᠬᠡ ᠲᠠᠯ᠎ᠠ ᠪᠠᠷ ᠨᠡᠷᠡᠳᠦ ᠲᠡᠮᠳᠡᠭ ᠢ ᠡᠵᠡᠩᠨᠡᠨ | ᠪᠣᠷᠣᠯᠠᠭᠤᠯᠬᠤ ᠶᠢ ᠠᠳᠬᠤᠨ᠂ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ ᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠥᠷᠭᠡᠵᠢᠭᠦᠯᠵᠦ᠂ ᠰᠣᠳᠣᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠡᠷᠡᠲᠦ ᠲᠡᠮᠳᠡᠭ ᠪᠠ ᠠᠵᠤ ᠠᠬᠤᠶᠢᠯᠠᠯ ᠤᠨ ᠪᠦᠲᠦᠭᠡᠭᠳᠡᠬᠦᠨ ᠤ ᠨᠡᠷᠡᠲᠦ ᠲᠡᠮᠳᠡᠭ ᠢᠶᠠᠨ ᠦᠷᠭᠦᠯᠵᠢᠯᠡᠨ | ᠬᠦᠴᠦᠷᠬᠡᠭᠵᠢᠭᠦᠯᠵᠦ᠂ ᠨᠢᠭᠡ ᠪᠦᠯᠦᠭ ᠡᠵᠡᠩᠨᠡᠨ ᠪᠣᠷᠣᠯᠠᠭᠤᠯᠬᠤ ᠲᠥᠪ ᠪᠠ ᠤᠷᠢᠳᠠᠴᠢ ᠰᠠᠩ ᠢ ᠪᠦᠭᠦ ᠤᠯᠤᠰ ᠲᠤ | ᠬᠠᠨᠳᠤᠭᠤᠯᠵᠤ ᠪᠠᠶᠢᠷᠢᠰᠢᠭᠤᠯᠤᠨ᠂ ᠲᠠᠯ᠎ᠠ ᠨᠤᠲᠤᠭ ᠤᠨ ᠰᠠᠶᠢᠬᠠᠨ ᠦᠨᠦᠷ ᠠᠮᠲᠠ ᠶᠢ ᠪᠦᠭᠦ ᠤᠯᠤᠰ ᠲᠤ | ᠠᠩᠬᠢᠯᠤᠭᠤᠯᠤᠨᠠ᠃ | ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠨᠢᠭᠡ ᠦᠵᠦᠭᠦᠷ ᠨᠢ ᠬᠥᠭᠵᠢᠯᠲᠡ ᠶᠢᠨ ᠶᠡᠭᠡ | ᠲᠠᠯ᠎ᠠ ᠲᠠᠢ ᠬᠤᠯᠪᠣᠯᠳᠤᠵᠤ᠂ ᠨᠦᠭᠦᠬᠡ ᠦᠵᠦᠭᠦᠷ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ | ᠬᠤᠯᠪᠣᠯᠳᠤᠵᠤ ᠪᠠᠶᠢᠳᠠᠭ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ | ᠳ᠋ᠢᠬᠢᠲ ᠬᠥᠳᠡᠭᠡ ᠲᠤᠰᠬᠤᠨ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ ᠲᠠᠷᠢᠶᠠᠴᠢᠳ ᠲᠤ ᠠᠰᠢᠭ ᠬᠦᠷᠲᠡᠭᠡᠬᠦ | ᠲᠠᠷᠢᠶᠠᠴᠢᠳ ᠢ ᠪᠠᠶᠠᠵᠢᠭᠤᠯᠬᠤ ᠲᠤᠰᠬᠠᠢ ᠠᠵᠢᠯᠯᠠᠭᠠᠨ ᠢ ᠬᠡᠷᠡᠭᠵᠢᠭᠦᠯᠦᠨ᠂ ᠪᠤᠴᠠᠭᠠᠳ ᠶᠠᠳᠠᠭᠤᠷᠠᠬᠤ ᠶᠢ ᠰᠡᠷᠭᠡᠶᠢᠯᠡᠬᠦ | ᠠᠵᠢᠯ ᠣᠯᠭᠤᠯᠲᠠ ᠶᠢᠨ ᠰᠢᠪᠲᠤᠯᠤᠯᠲᠠ ᠶᠢᠨ ᠠᠵᠢᠯᠯᠠᠭᠠᠨ ᠢ ᠭᠦᠨᠵᠡᠭᠡᠢ ᠥᠷᠨᠢᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ | ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠴᠢᠨ ᠮᠠᠯᠴᠢᠳ ᠤᠨ ᠬᠥᠮᠥᠨ ᠳᠤᠮᠳᠠᠴᠢ ᠶᠢᠨ | ᠡᠵᠡᠮᠳᠡᠬᠦ᠋ᠢᠴᠡ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠪᠦᠭᠦ ᠣᠷᠣᠨ ᠪᠠ ᠪᠦᠭᠦ ᠤᠯᠤᠰ ᠤᠨ ᠳᠤᠮᠳᠠᠴᠢ | ᠬᠢᠷᠢ ᠲᠦᠪᠰᠢᠨ ᠠᠴᠠ ᠳᠣᠣᠷ᠎ᠠ ᠦᠭᠡᠢ ᠪᠠᠶᠢᠯᠭᠠᠬᠤ ᠶᠢ ᠦᠨᠡᠨ ᠬᠦ ᠪᠠᠲᠤᠯᠠᠵᠤ᠂ ᠬᠡᠪᠴᠢᠶᠡᠵᠢᠯ ᠤᠨ ᠴᠢᠨᠠᠷᠲᠠᠢ | ᠪᠤᠴᠠᠭᠠᠳ ᠶᠠᠳᠠᠭᠤᠷᠠᠬᠤ ᠪᠠ ᠶᠠᠳᠠᠭᠤᠷᠠᠬᠤ ᠪᠠᠶᠢᠳᠠᠯ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ | ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ | ᠠᠬᠢᠭᠠᠳ 30 ᠵᠢᠯ ᠤᠷᠲᠤᠳᠬᠠᠬᠤ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠠᠬᠢᠭᠤᠯᠵᠤ᠂ ᠣᠢ ᠰᠢᠭᠤᠢ᠂ | ᠲᠠᠷᠢᠶᠠᠯᠠᠩ ᠤᠨ ᠬᠠᠭᠠᠯᠪᠤᠷᠢᠯᠠᠯᠲᠠ ᠪᠠ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠲᠠᠯ᠎ᠠ ᠶᠢᠨ ᠥᠭᠡᠷᠡᠴᠢᠯᠡᠯᠲᠡ ᠶᠢ | ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠠᠷᠠᠳ ᠢ ᠪᠠᠶᠠᠵᠢᠭᠤᠯᠬᠤ ᠠᠵᠤ ᠦᠢᠯᠡᠰ ᠢ ᠬᠥᠭᠵᠢᠭᠦᠯᠬᠦ ᠪᠠᠷ | ᠳᠠᠮᠵᠢᠭᠤᠯᠤᠨ ᠰᠢᠶᠠᠨ ᠤ ᠬᠡᠪᠴᠢᠶᠡᠨ ᠤ ᠠᠵᠤ ᠠᠬᠤᠢ ᠶᠢ ᠪᠤᠵᠠᠭᠠᠶᠢᠷᠠᠭᠤᠯᠤᠨ᠎ᠠ᠂ ᠬᠦᠷᠢᠶ᠎ᠡ ᠬᠠᠰᠢᠶᠠᠨ ᠤ ᠠᠵᠤ | ᠠᠬᠤᠢ᠂ ᠤᠢ ᠶᠢᠨ ᠬᠤᠷᠮᠣᠢ ᠶᠢᠨ ᠠᠵᠤ ᠠᠬᠤᠢ᠂ ᠠᠷᠠᠳ ᠤᠨ ᠭᠡᠷ ᠪᠠᠭᠤᠳᠠᠯ ᠤᠨ ᠠᠵᠤ ᠠᠬᠤᠢ ᠶᠢ | ᠬᠥᠭᠵᠢᠭᠦᠯᠦᠨ᠂ ︽ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ︾ ᠬᠡᠪᠴᠢᠶ᠎ᠡ ᠶᠢ ᠥᠷᠭᠡᠳᠬᠡᠵᠦ᠂ ︽ | ᠭᠤᠷᠪᠠᠨ ᠤᠮᠠᠷᠠᠲᠤ︾ ᠶᠢᠨ ᠢᠨᠵᠧᠨᠧᠷᠢᠩ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠵᠡᠷᠭᠡ ᠶᠢ ︽ᠠᠷᠠᠳ ᠢ ᠪᠠᠶᠠᠵᠢᠭᠤᠯᠬᠤ ᠢᠨᠵᠧᠨᠧᠷᠢᠩ︾ ᠪᠣᠯᠭᠠᠵᠤ᠂ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠪᠠᠶᠢᠭᠠᠳ ᠣᠶᠢᠷ᠎ᠠ ᠬᠠᠪᠢ ᠲᠤᠬᠠᠢ ᠶᠢᠨ ᠭᠠᠵᠠᠷ ᠲᠤ ᠨᠢ ᠠᠵᠢᠯᠴᠢᠨ ᠡᠯᠰᠡᠭᠦᠯᠵᠦ᠂ | ᠣᠯᠠᠨ ᠲᠦᠮᠡᠨ ᠳᠤ ᠣᠯᠠᠨ ᠠᠷᠭ᠎ᠠ ᠵᠠᠮ ᠢᠶᠠᠷ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠬᠦ ᠪᠠᠷ ᠴᠢᠷᠮᠠᠶᠢᠨ᠎ᠠ᠃ | ᠰᠠᠭᠤᠷᠢ ᠪᠡᠯᠡᠳᠬᠡᠮᠵᠢ ᠶᠢ ᠬᠥᠳᠡᠭᠡ ᠲᠤᠰᠬᠤᠨ ᠲᠡᠶᠢᠰᠢ ᠤᠷᠲᠤᠳᠬᠠᠬᠤ ᠶᠢ ᠠᠬᠢᠭᠤᠯᠤᠨ᠎ᠠ᠂ ᠤᠰᠤ ᠬᠡᠷᠡᠭᠯᠡᠬᠦ᠂ | ᠴᠠᠬᠢᠯᠭᠠᠨ ᠬᠡᠷᠡᠭᠯᠡᠬᠦ᠂ ᠲᠡᠷᠭᠡ ᠨᠡᠪᠲᠡᠷᠡᠭᠦᠯᠬᠦ᠂ ᠰᠦᠯᠵᠢᠶ᠎ᠡ ᠨᠡᠪᠲᠡᠷᠡᠭᠦᠯᠬᠦ ᠵᠡᠷᠭᠡ ᠪᠦᠲᠦᠭᠡᠨ ᠪᠠᠶᠢᠭᠤᠯᠤᠯᠲᠠ ᠶᠢᠨ | ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠬᠥᠳᠡᠭᠡ ᠲᠤᠰᠬᠤᠨ ᠤ ᠵᠠᠰᠠᠮᠠᠯ ᠵᠠᠮ ᠢ 5000 | ᠺᠢᠯᠣᠮᠧᠳ᠋ᠷ ᠰᠢᠨ᠎ᠡ ᠪᠠᠷ ᠪᠦᠲᠦᠭᠡᠨ ᠪᠠᠶᠢᠭᠤᠯᠵᠤ᠂ ︽ᠭᠠᠴᠠᠭ᠎ᠠ ᠲᠤᠰᠬᠤᠨ ᠳᠤ ᠲᠦᠷᠭᠡᠨ ᠢᠯᠡᠭᠡᠯᠲᠡ ᠲᠠᠢ ᠪᠣᠯᠭᠠᠬᠤ︾ | ᠨᠡᠪᠳᠡᠷᠡᠮᠵᠢ ᠶᠢ 97% ᠠᠴᠠ ᠳᠡᠭᠡᠭᠰᠢ ᠳᠤ ᠬᠦᠷᠦᠭᠦᠯᠬᠦ ᠶᠢ ᠦᠨᠡᠨ ᠬᠦ ᠪᠠᠲᠤᠯᠠᠨ᠂ ᠨᠥᠬᠦᠴᠡᠯ ᠲᠠᠢ ᠭᠠᠵᠠᠷ | ᠣᠷᠣᠨ ᠤ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠪᠠ ᠰᠣᠯᠢᠬᠤ ᠪᠡᠯᠡᠳᠬᠡᠮᠵᠢ ᠪᠠᠶᠢᠭᠤᠯᠬᠤ ᠶᠢ | ᠵᠣᠷᠢᠭᠵᠢᠭᠤᠯᠤᠨ᠎ᠠ᠃ ᠬᠥᠳᠡᠭᠡ ᠲᠤᠰᠬᠤᠨ ᠤ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠨ᠎ᠠ᠂ | ᠲᠠᠷᠢᠶᠠᠯᠠᠩ ᠤᠨ ᠤᠯᠠᠨ ᠡᠬᠢᠲᠦ ᠪᠣᠬᠢᠷᠳᠤᠯ᠂ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤᠨ ᠤ ᠵᠠᠰᠠᠯᠲᠠ ᠶᠢ | ᠨᠢᠭᠡ ᠴᠣᠭᠴᠠᠵᠢᠭᠤᠯᠤᠨ ᠰᠠᠶᠢᠲᠤᠷ ᠠᠳᠬᠤᠵᠤ᠂ ᠪᠣᠬᠢᠷᠲᠤᠭᠰᠠᠨ ᠲᠠᠷᠢᠶᠠᠯᠠᠬᠤ ᠭᠠᠵᠠᠷ ᠢ ᠠᠮᠤᠷ ᠲᠦᠪᠰᠢᠨ ᠢᠶᠠᠷ | ᠠᠰᠢᠭᠯᠠᠬᠤ ᠨᠤᠷᠮ᠎ᠠ ᠶᠢ 98% ᠠᠴᠠ ᠳᠡᠭᠡᠭᠰᠢ ᠳᠤ ᠲᠣᠭᠲᠠᠪᠤᠷᠢᠵᠢᠭᠤᠯᠬᠤ᠂ ᠮᠠᠯ ᠵᠢᠭᠦᠷᠲᠡᠨ ᠤ ᠰᠢᠭᠡᠭ | ᠰᠠᠩᠭᠠᠰᠤ ᠶᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ 83% ᠠᠴᠠ ᠳᠡᠭᠡᠭᠰᠢ ᠳᠤ ᠬᠦᠷᠦᠭᠦᠯᠬᠦ ᠶᠢ ᠦᠨᠡᠨ ᠬᠦ | ᠪᠠᠲᠤᠯᠠᠨ᠂ ᠤᠯᠤᠰ ᠤᠨ ᠳᠡᠰ ᠤᠨ ᠦᠵᠡᠰᠬᠦᠯᠡᠩᠲᠦ ᠰᠡᠯᠡᠭᠦᠴᠡᠯ ᠤᠨ ᠬᠥᠳᠡᠭᠡ ᠲᠤᠰᠬᠤᠨ᠂ ᠨᠣᠭᠤᠭᠠᠷᠠᠭᠤᠯᠵᠤ | ᠭᠤᠶᠣᠵᠢᠭᠤᠯᠤᠭᠰᠠᠨ ᠵᠢᠱᠢᠶ᠎ᠡ ᠦᠵᠡᠬᠦᠯᠬᠦ ᠭᠠᠴᠠᠭ᠎ᠠ ᠲᠤᠰᠬᠤᠨ ᠢ ᠰᠠᠶᠢᠲᠤᠷ ᠡᠭᠦᠳᠦᠨ ᠪᠠᠶᠢᠭᠤᠯᠤᠨ᠎ᠠ᠃ | ︵ᠵᠢᠷᠭᠤᠭ᠎ᠠ︶ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠲᠡᠬᠡᠭᠰᠢᠯᠡᠬᠦᠯᠬᠦ ᠠᠵᠢᠯᠯᠠᠭᠠᠨ ᠢᠶᠠᠷ | ᠬᠥᠲᠥᠯᠥᠨ ᠵᠢᠯᠣᠭᠤᠳᠤᠭᠤᠯᠵᠤ᠂ ᠰᠣᠶᠣᠯ ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠨ | ᠴᠣᠭᠴᠠᠯᠠᠨ᠎ᠠ᠃ ᠤᠮᠠᠷᠠᠲᠤ ᠬᠢᠯᠢ ᠶᠢᠨ ᠰᠣᠶᠣᠯ ᠪᠣᠯ ︽ᠤᠶᠤᠨ ᠰᠠᠨᠠᠭᠠᠨ ᠤ ᠪᠠᠶᠠᠨ ᠠᠭᠤᠷᠬᠠᠢ︾ ᠶᠤᠮ᠂ | ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠲᠣᠳᠣᠷᠠᠭᠤᠯᠬᠤ ᠶᠢ ᠪᠠᠷᠢᠮᠲᠠᠯᠠᠵᠤ᠂ | ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠤᠷᠤᠯᠳᠤᠭᠠᠨ ᠤ ᠶᠠᠪᠤᠳᠠᠯ᠂ ᠤᠷᠠᠨ ᠲᠣᠨᠨᠯᠠᠯᠲᠠ᠂ ᠦᠵᠡᠭᠦᠯᠭᠡ᠂ | ᠬᠤᠳᠠᠯᠳᠤᠭ᠎ᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠬᠦᠴᠦᠷᠬᠡᠭ ᠣᠷᠣᠨ ᠢ | ᠲᠦᠷᠭᠡᠳᠬᠡᠨ ᠪᠦᠲᠦᠭᠡᠨ ᠪᠠᠶᠢᠭᠤᠯᠤᠨ᠎ᠠ᠃ | ᠤᠮᠠᠷᠠᠲᠤ ᠬᠢᠯᠢ ᠶᠢᠨ ᠰᠣᠶᠣᠯ ᠳᠤ ᠥᠪᠥᠷ ᠮᠣᠩᠭᠤᠯ ᠤᠨ ᠲᠡᠦᠬᠡ ᠬᠥᠮᠥᠨ ᠰᠣᠶᠣᠯ ᠤᠨ ᠭᠤᠸ᠎ᠠ | ᠰᠠᠶᠢᠬᠠᠨ᠂ ᠦᠵᠡᠮᠵᠢ ᠵᠠᠩ ᠦᠢᠯᠡ ᠶᠢᠨ ᠭᠤᠸ᠎ᠠ ᠰᠠᠶᠢᠬᠠᠨ ᠠᠭᠤᠯᠤᠭᠳᠠᠵᠤ ᠪᠠᠶᠢᠳᠠᠭ᠂ ︽ᠤᠮᠠᠷᠠᠲᠤ ᠬᠢᠯᠢ ᠶᠢᠨ | ᠰᠣᠶᠣᠯ ᠤᠨ ᠡᠬᠡ ᠤᠯᠤᠰ ᠲᠠᠬᠢ ᠠᠶᠠᠯᠠᠯ︾ ᠤᠨ ᠠᠵᠢᠯᠯᠠᠭ᠎ᠠ ᠶᠢ ᠦᠷᠬᠦᠯᠵᠢᠯᠡᠨ ᠥᠷᠨᠢᠭᠦᠯᠵᠦ᠂ ᠤᠯᠠᠭᠠᠨᠮᠥ᠋ᠴᠢᠷ | ᠵᠡᠷᠭᠡ ᠤᠷᠠᠯᠢᠭ ᠤᠨ ᠪᠦᠯᠭᠦᠮ ᠤᠨ ᠪᠦᠬᠦ ᠤᠯᠤᠰ ᠴᠢᠨᠠᠭᠰᠢᠯᠠᠪᠠᠯ ᠭᠠᠳᠠᠭᠠᠳᠤ ᠳᠤ ᠭᠠᠷᠴᠤ ᠦᠵᠡᠭᠦᠯᠭᠡ ᠲᠣᠨᠨᠯᠠᠯᠲᠠ | ᠭᠠᠷᠭᠠᠬᠤ ᠶᠢ ᠳᠡᠮᠵᠢᠵᠦ᠂ ᠮᠠᠨ ᠤ ᠣᠷᠣᠨ ᠤ ᠡᠯᠪᠡᠭ ᠪᠠᠶᠠᠯᠢᠭ ᠲᠡᠦᠬᠡ ᠰᠣᠶᠣᠯ ᠤᠨ ᠥᠪ ᠪᠠ ᠬᠤᠪᠢᠰᠬᠠᠯ ᠤᠨ | ᠡᠬᠢ ᠪᠠᠶᠠᠯᠢᠭ ᠢ ᠥᠷᠭᠡᠨ ᠢᠶᠠᠷ ᠤᠬᠠᠭᠤᠯᠤᠨ᠂ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ | ᠭᠦᠢᠴᠡᠳ ᠢᠯᠡᠷᠡᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯ ᠬᠠᠭᠤᠴᠢ ᠦᠯᠡᠳᠡᠭᠳᠡᠯ ᠪᠣᠯ ᠡᠪᠦᠭᠡ ᠳᠡᠭᠡᠳᠦᠰ ᠤᠨ | ᠥᠪᠯᠡᠵᠦ ᠦᠯᠡᠳᠡᠭᠡᠭᠰᠡᠨ ᠬᠤᠪᠣᠷ ᠨᠠᠨᠳᠢᠨ ᠥᠪ ᠬᠥᠷᠥᠩᠭᠡ ᠶᠤᠮ᠂ ᠡᠷᠬᠡᠪᠰᠢ ᠰᠠᠶᠢᠲᠤᠷ ᠬᠠᠮᠠᠭᠠᠯᠠᠵᠤ᠂ ᠰᠠᠶᠢᠲᠤᠷ | ᠵᠠᠯᠭᠠᠮᠵᠢᠯᠠᠵᠤ᠂ ᠰᠠᠶᠢᠲᠤᠷ ᠠᠰᠢᠭᠯᠠᠬᠤ ᠬᠡᠷᠡᠭᠲᠡᠢ᠂ ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ | ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠠᠬᠢ ᠲᠡᠦᠬᠡ ᠶᠢᠨ ᠳᠤᠷᠠᠰᠬᠠᠯᠲᠤ ᠵᠦᠢᠯ ᠤᠨ ᠤᠷᠢᠳᠠᠴᠢ ᠬᠢᠨᠠᠨ | ᠪᠠᠶᠢᠴᠠᠭᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠭᠤᠴᠢᠨ ᠤ ᠰᠤᠳᠤᠯᠤᠯ ᠤᠨ ᠡᠷᠴᠢᠮ ᠢᠶᠠᠨ | ᠴᠢᠩᠳᠠᠯᠠᠵᠤ᠂ ᠬᠤᠩᠱᠠᠨ ᠰᠣᠶᠣᠯ ᠢ ᠥᠪ ᠢᠶᠠᠷ ᠬᠤᠯᠪᠤᠭᠠᠯᠠᠨ ᠭᠤᠶᠤᠴᠢᠯᠠᠬᠤ ᠶᠢ ᠠᠬᠢᠭᠤᠯᠤᠨ᠂ ᠲᠣᠮᠳᠠᠳᠣ ᠶᠢᠨ | ᠪᠣᠯᠪᠠᠰᠤᠨ ᠤ ᠡᠬᠢ ᠡᠭᠦᠰᠦᠯ ᠤᠨ ᠰᠦᠪᠡᠭᠴᠢᠯᠡᠯᠲᠡ ᠳᠤ ᠬᠤᠪᠢ ᠨᠡᠮᠡᠷᠢ ᠦᠵᠡᠭᠦᠯᠦᠨ᠎ᠡ᠃ ᠤᠳᠬ᠎ᠠ ᠤᠷᠠᠯᠢᠭ ᠤᠨ | ᠪᠦᠲᠦᠭᠡᠯ ᠪᠣᠯ ᠤᠮᠠᠷᠠᠲᠤ ᠬᠢᠯᠢ ᠶᠢᠨ ᠰᠣᠶᠣᠯ ᠤᠨ ᠬᠠᠮᠤᠭ ᠤᠨ ᠠᠮᠢᠳᠤᠯᠢᠭ ᠠᠴᠢᠶᠠᠯᠠᠪᠤᠷᠢ ᠪᠣᠯᠣᠨ᠎ᠠ᠂ ᠤᠯᠤᠰ ᠤᠨ | ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠭᠦᠮ ᠪᠠ ᠰᠣᠶᠣᠯ ᠤᠨ ᠠᠵᠢᠯ ᠦᠢᠯᠡᠰ ᠤᠨ ᠨᠢᠭᠡᠴᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ᠂ ᠭᠤᠣᠯᠳᠠᠯᠭ᠎ᠠ ᠲᠠᠢ ᠤᠳᠬ᠎ᠠ ᠤᠷᠠᠯᠢᠭ ᠤᠨ ᠲᠦᠷᠦᠯ ᠵᠦᠢᠯ ᠪᠠ | ᠰᠣᠳᠣᠨ ᠪᠦᠲᠦᠭᠡᠯ ᠢ ᠲᠡᠳᠬᠦᠨ ᠳᠡᠮᠵᠢᠬᠦ᠂ ᠱᠠᠩᠨᠠᠨ ᠬᠥᠬᠢᠭᠦᠯᠬᠦ ᠡᠷᠴᠢᠮ ᠢᠶᠠᠨ ᠴᠢᠩᠳᠠᠯᠠᠵᠤ᠂ ᠤᠳᠬ᠎ᠠ | ᠤᠷᠠᠯᠢᠭ ᠤᠨ ᠠᠵᠢᠯᠲᠠᠳ ᠤᠨ ᠵᠣᠬᠢᠶᠠᠨ ᠪᠦᠲᠦᠭᠡᠬᠦ ᠤᠷᠮ᠎ᠠ ᠵᠣᠷᠢᠭ ᠢ ᠭᠦᠢᠴᠡᠳ ᠬᠥᠭᠵᠢᠭᠡᠵᠦ᠂ ᠨᠡᠩ ᠤᠯᠠᠨ | ᠰᠣᠳᠣᠨ ᠪᠦᠲᠦᠭᠡᠯ ᠳᠣᠷᠪᠢᠯᠢᠭ ᠵᠣᠬᠢᠶᠠᠯ ᠢ ᠪᠣᠢ ᠪᠣᠯᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠡᠩ ᠣᠯᠠᠨ | ᠲᠣᠮᠣ ᠱᠠᠩᠨᠠᠯ ᠢ ᠭᠦᠷᠲᠡᠬᠦ ᠪᠠᠷ ᠮᠡᠷᠡᠶᠢᠨ ᠴᠢᠷᠮᠠᠶᠢᠨ᠎ᠠ᠃ ᠣᠳᠣᠬᠠᠨ ᠳᠤ ᠰᠣᠶᠣᠯ ᠤᠨ ᠦᠵᠡᠰᠭᠦᠯᠡᠩ ᠤᠨ | ᠬᠠᠯᠠᠭᠤᠷᠠᠯ᠂ ᠪᠣᠳᠠᠰ ᠤᠨ ᠪᠤᠰᠤ ᠰᠣᠶᠣᠯ ᠤᠨ ᠥᠪ ᠤᠨ ᠤᠷᠤᠰᠬᠠᠯ ᠨᠢ ᠴᠠᠭ ᠤᠨ ᠰᠢᠨ᠎ᠡ ᠥᠩᠭᠡ ᠪᠣᠯᠤᠭᠰᠠᠨ | ᠪᠠᠶᠢᠨ᠎ᠠ᠂ ᠡᠶᠢᠮᠦᠷᠬᠦᠦ ᠪᠠᠶᠢᠳᠠᠯ ᠬᠠᠨᠳᠤᠰᠢ ᠲᠠᠢ ᠵᠣᠬᠢᠴᠠᠭᠤᠯᠤᠨ᠂ ᠲᠣᠮᠣ ᠬᠡᠯᠪᠡᠷᠢ ᠶᠢᠨ ᠪᠠᠶᠠᠷ ᠳᠤᠷᠠᠰᠬᠠᠯ᠂ ᠡᠯ᠎ᠡ | ᠲᠦᠷᠦᠯ ᠤᠨ ᠳᠡᠯᠭᠡᠨ ᠦᠵᠡᠭᠦᠯᠭᠡ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠳᠤ ᠤᠮᠠᠷᠠᠲᠤ ᠬᠢᠯᠢ ᠶᠢᠨ ᠰᠣᠶᠣᠯ ᠤᠨ | ᠡᠯᠧᠮᠧᠨ᠋ᠲ ᠪᠠ ᠢᠯᠡᠷᠬᠡᠶᠢᠯᠡᠯᠲᠦ ᠲᠡᠮᠳᠡᠭ ᠢ ᠰᠢᠭᠢᠳᠬᠡᠵᠦ᠂ ᠪᠦᠲᠦᠭᠡᠯᠴᠢ ᠵᠢᠷᠤᠭ ᠲᠥᠯᠥᠪᠯᠡᠭᠡ ᠪᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠴᠢᠳᠠᠮᠵᠢ ᠶᠢ ᠡᠷᠴᠢᠮᠯᠡᠬᠦ ᠪᠠᠨ ᠴᠢᠩᠭᠠᠳᠬᠠᠨ᠂ ᠥᠪᠡᠷᠮᠢᠴᠡ ᠬᠡᠪ ᠨᠠᠮᠪᠠ | ᠪᠦᠬᠦᠢ ᠰᠣᠶᠣᠯ ᠤᠨ ︽ᠺᠠᠷᠳ᠋ᠯᠠᠬᠤ ᠭᠠᠵᠠᠷ︾ ᠢ ᠨᠡᠩ ᠤᠯᠠᠨ ᠴᠣᠭᠴᠠᠯᠠᠨ᠎ᠠ᠃ | ᠥᠪᠥᠷ ᠮᠣᠩᠭᠤᠯ ᠳᠤ ᠡᠯᠪᠡᠭ ᠳᠡᠯᠪᠡᠭ ᠵᠢᠭᠤᠯᠴᠢᠯᠠᠯ ᠤᠨ ᠡᠬᠢ ᠪᠠᠶᠠᠯᠢᠭ ᠲᠠᠢ᠂ ᠭᠡᠪᠡᠴᠦ ︽ | ᠰᠠᠷᠬᠤᠳ ᠤᠨ ᠠᠩᠬᠢᠯᠤᠮ᠎ᠠ ᠦᠨᠦᠷ ᠭᠤᠳᠤᠮᠵᠢ ᠶᠢᠨ ᠭᠦᠨ ᠳᠤ ᠬᠠᠰᠢᠭᠳᠠᠵᠤ ᠮᠡᠳᠡᠨ᠎ᠡ︾᠂ ᠲᠠᠯ᠎ᠠ ᠨᠤᠲᠤᠭ ᠤᠢ | ᠰᠢᠭᠤᠢ᠂ ᠡᠯᠡᠰᠦᠨ ᠴᠦᠯ ᠭᠤᠪᠢ ᠪᠦᠷᠢᠳᠦ᠂ ᠭᠤᠣᠯ ᠮᠥᠷᠡᠨ ᠨᠠᠭᠤᠷ ᠴᠦᠭᠦᠷᠦᠮ ᠨᠤᠭᠤ ᠭᠠᠵᠠᠷ ᠵᠡᠷᠭᠡ ᠭᠤᠶᠢᠳᠠ | ᠰᠠᠶᠢᠬᠠᠨ ᠭᠠᠵᠠᠷ ᠢᠶᠠᠨ ᠰᠠᠶᠢᠲᠤᠷ ᠤᠬᠠᠭᠤᠯᠵᠤ᠂ ︽ᠣᠷᠳᠣ ᠴᠠᠭᠠᠨ ᠬᠡᠷᠡᠮ ᠤᠨ ᠡᠮᠦᠨ᠎ᠡ ᠤᠮᠠᠷ᠎ᠠ ᠨᠤᠲᠤᠭ︾᠂ ︽ | ᠦᠵᠡᠰᠬᠦᠯᠡᠩᠲᠦ ᠰᠠᠶᠢᠬᠠᠨ ᠮᠢᠨᠤ ᠨᠤᠲᠤᠭ︾ ᠵᠡᠷᠭᠡ ᠰᠠᠶᠢᠬᠠᠨ ᠦᠯᠢᠬᠡᠷ ᠢᠶᠠᠨ ᠰᠠᠶᠢᠲᠤᠷ ᠢᠯᠡᠷᠡᠭᠦᠯᠵᠦ᠂ ᠨᠡᠷᠡᠲᠦ | ᠲᠡᠮᠳᠡᠭ ᠢᠶᠠᠨ ᠬᠦᠴᠦᠷᠬᠡᠭᠵᠢᠭᠦᠯᠦᠨ᠂ ᠡᠵᠡᠩᠨᠡᠯᠲᠡ ᠶᠢᠨ ᠪᠠᠶᠢᠳᠠᠯ ᠢᠶᠠᠨ ᠨᠠᠷᠢᠯᠢᠭᠵᠢᠭᠤᠯᠵᠤ᠂ ᠨᠡᠩ ᠤᠯᠠᠨ ᠬᠥᠮᠥᠰ ᠢ | ᠥᠪᠥᠷ ᠮᠣᠩᠭᠤᠯ ᠳᠤ ᠲᠠᠲᠠᠨ ᠠᠪᠴᠢᠷᠠᠵᠤ᠂ ᠥᠪᠥᠷ ᠮᠣᠩᠭᠤᠯ ᠳᠤ ᠮᠠᠨᠢ ᠬᠠᠶᠢᠷᠠᠲᠠᠢ ᠪᠣᠯᠭᠠᠨ᠂ | ᠵᠢᠭᠤᠯᠴᠢᠯᠠᠭᠴᠢᠳ ᠤᠨ ᠲᠤᠭ᠎ᠠ ᠬᠡᠮᠵᠢᠶ᠎ᠡ ᠶᠢ 3 ᠳ᠋ᠦᠩᠰᠢᠭᠤᠷ ᠬᠥᠮᠥᠨ ᠤᠳᠠᠭ᠎ᠠ ᠠᠴᠠ ᠳᠠᠪᠠᠭᠤᠯᠬᠤ ᠪᠠᠷ ᠬᠦᠴᠦᠯᠡᠨ | ᠴᠢᠷᠮᠠᠶᠢᠨ᠎ᠠ᠃ ᠵᠢᠭᠤᠯᠴᠢᠯᠠᠯ ᠤᠨ ᠷᠢᠳᠢ ᠰᠢᠳᠢ ᠨᠢ ᠪᠡᠶᠡᠴᠢᠯᠡᠨ ᠣᠶᠢᠯᠠᠭᠠᠬᠤ ᠲᠥᠷᠥᠭᠳᠡᠯ ᠰᠠᠶᠢᠨ᠂ ᠪᠠᠶᠠᠷ | ᠪᠠᠶᠠᠰᠤᠯ ᠲᠠᠢ ᠵᠤᠭᠠᠯᠠᠨ ᠨᠠᠭᠠᠳᠬᠤ ᠳᠤ ᠪᠣᠢ᠂ ᠵᠢᠭᠤᠯᠴᠢᠯᠠᠯ ᠤᠨ ︽ᠲᠦᠷᠪᠡᠨ ᠭᠠᠵᠠᠷ︾ ᠤᠨ IP ᠢ ᠲᠡᠰ | ᠳᠡᠪᠰᠢᠭᠦᠯᠦᠨ ᠴᠣᠭᠴᠠᠯᠠᠵᠤ᠂ ︽ᠲᠦᠷᠪᠡᠨ ᠤᠯᠠᠷᠢᠯ︾ ᠢᠶᠠᠷ ᠵᠤᠭᠠᠴᠠᠨ ᠲᠣᠭᠤᠷᠢᠬᠤ ᠨᠡᠷ᠎ᠡ ᠶᠢᠨ ᠬᠠᠭᠤᠳᠠᠰᠤ ᠶᠢ | ᠠᠯᠳᠠᠷᠰᠢᠭᠤᠯᠵᠤ᠂ ᠣᠳᠣ ᠦᠶ᠎ᠡ ᠶᠢᠨ ᠲᠠᠯ᠎ᠠ ᠨᠤᠲᠤᠭ ᠢ ᠢᠯᠡᠷᠡᠭᠦᠯᠬᠦ ᠠᠶᠠᠯᠠᠯ᠂ ᠠᠯᠳᠠᠨ ᠰᠢᠷᠭᠠᠯ ᠡᠯᠡᠰᠦᠨ ᠴᠥᠯ ᠢ | ᠲᠤᠭᠤᠯᠬᠤ ᠠᠶᠠᠯᠠᠯ᠂ ᠮᠥᠰᠥ ᠴᠠᠰᠤᠨ ᠤ ᠶᠢᠷᠲᠢᠨᠴᠦ ᠶᠢᠨ ᠳᠣᠮᠣᠭᠲᠤ ᠠᠶᠠᠯᠠᠯ ᠵᠡᠷᠭᠡ ᠵᠢᠭᠤᠯᠴᠢᠯᠠᠯ ᠤᠨ ᠵᠠᠮ | ᠱᠤᠭᠤᠮ ᠢ ᠰᠢᠯᠢᠳᠡᠭᠵᠢᠭᠦᠯᠦᠨ ᠨᠠᠷᠢᠯᠢᠭᠵᠢᠭᠤᠯᠵᠤ᠂ ᠭᠦᠬᠡᠬᠤᠲᠡ ᠶᠢᠨ ᠳᠠᠭᠤᠤ ᠬᠥᠭᠵᠢᠮ ᠤᠨ ᠦᠳᠡᠰᠢᠯᠡᠭᠡ ᠪᠠ | ᠣᠨ ᠰᠣᠯᠢᠭᠳᠠᠬᠤ ᠰᠥᠨᠢ ᠶᠢᠨ ᠨᠠᠶᠢᠷ᠂ ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ᠬᠥᠯᠥᠨ ᠪᠦᠢᠷ ᠤᠨ | ᠡᠪᠦᠯ ᠤᠨ ᠤᠯᠠᠷᠢᠯ ᠤᠨ ᠪᠠᠭᠠᠲᠤᠷᠴᠤᠳ ᠤᠨ ᠴᠤᠭᠯᠠᠭᠠᠨ᠂ ᠤᠯᠠᠭᠠᠨᠴᠠᠪ ᠤᠨ ᠦᠳᠡᠰᠢ᠂ ᠣᠷᠳᠣᠰ ᠤᠨ ︽ᠲᠠᠯ᠎ᠠ | ᠨᠤᠲᠤᠭ ᠤᠨ ᠲᠣᠰᠬᠤᠨ ᠤ ᠠᠯᠠᠭᠠᠳᠠᠬᠤ ᠪᠥᠮᠪᠦᠭᠡ︾ ᠵᠡᠷᠭᠡ ᠨᠡᠷᠡᠲᠦ ᠲᠡᠮᠳᠡᠭ ᠢ ᠡᠷᠬᠢᠯᠡᠨ ᠶᠠᠪᠤᠭᠳᠠᠭᠤᠯᠬᠤ ᠲᠤᠰᠤᠮ | ᠴᠤᠤᠷᠢᠶᠠᠲᠤᠭᠤᠯᠤᠨ᠎ᠠ᠃ ᠣᠨᠴᠠᠭᠠᠶᠢᠯᠠᠨ ︽ᠮᠠᠰᠢᠨ ᠪᠠᠷᠢᠵᠤ ᠬᠥᠳᠡᠭᠡ ᠲᠠᠯ᠎ᠠ ᠪᠠᠷ ᠳᠠᠪᠬᠢᠭᠤᠯᠤᠨ᠂ ᠥᠪᠥᠷ | ᠮᠣᠩᠭᠤᠯ ᠳᠤ ᠵᠢᠭᠤᠯᠴᠢᠯᠠᠨ ᠰᠠᠭᠤᠷᠢᠰᠢᠵᠠᠭᠠᠶᠠ︾ ᠠᠵᠢᠯᠯᠠᠭ᠎ᠠ ᠶᠢ ᠨᠠᠷᠢᠯᠢᠭ ᠤᠬᠠᠭᠠᠯᠠᠨ ᠲᠥᠯᠥᠪᠯᠡᠵᠦ᠂ ᠲᠣᠮᠳᠠᠲᠣ | ᠤᠯᠤᠰ ᠤᠨ ᠬᠠᠮᠤᠭ ᠤᠨ ᠭᠤᠶᠤ ᠬᠢᠯᠢ ᠬᠢᠵᠠᠭᠠᠷ ᠤᠨ ᠵᠠᠮ 331 ᠶᠢ ᠴᠣᠭᠴᠠᠯᠠᠵᠤ᠂ ᠵᠠᠮ ᠳᠠᠭᠠᠤ ᠰᠠᠴᠤᠭᠳᠠᠭᠰᠠᠨ | ︽ᠰᠤᠪᠤᠳ︾ ᠢ ︽ᠰᠣᠨᠳᠣᠷ︾ ᠪᠣᠯᠭᠠᠨ ᠬᠡᠯᠬᠢᠵᠦ᠂ ᠮᠠᠰᠢᠨ ᠪᠠᠷᠢᠵᠤ ᠵᠢᠭᠤᠯᠴᠢᠯᠠᠬᠤ ᠪᠠ ᠵᠢᠭᠤᠯᠴᠢᠯᠠᠨ | ᠰᠠᠭᠤᠷᠢᠰᠢᠬᠤ ᠶᠢ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠰᠢᠨ᠎ᠡ ᠬᠢᠯᠠᠰ ᠴᠡᠭ ᠪᠣᠯᠭᠠᠨ᠎ᠠ᠃ | ᠪᠤᠭᠤᠲᠤ ᠶᠢᠨ ᠲᠡᠦᠬᠡ ᠰᠣᠶᠣᠯ ᠤᠨ ᠴᠤᠤᠲᠤ ᠬᠤᠲᠠ᠂ ᠬᠢᠩᠭᠠᠨ ᠠᠶᠢᠮᠠᠭ ᠤᠨ ᠳᠡᠯᠡᠬᠡᠢ ᠶᠢᠨ ᠲᠡᠰ ᠤᠨ ᠵᠢᠭᠤᠯᠴᠢᠯᠠᠯ | ᠠᠮᠠᠷᠠᠯᠲᠠ ᠶᠢᠨ ᠣᠷᠣᠨ᠂ ᠪᠠᠳᠠᠢ ᠶᠢᠨ ᠵᠢᠷᠠᠨ ᠤ ᠳᠡᠯᠡᠬᠡᠢ ᠶᠢᠨ ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ | ᠤᠯᠠᠭᠠᠢ ᠣᠯᠠᠨ ᠲᠣᠬᠤᠢ ᠶᠢ 5A ᠲᠡᠰ ᠤᠨ ᠦᠵᠡᠮᠵᠢ ᠶᠢᠨ ᠣᠷᠣᠨ ᠢᠶᠠᠷ ᠲᠦᠷᠭᠡᠳᠬᠡᠨ ᠡᠭᠦᠳᠦᠨ ᠪᠠᠶᠢᠭᠤᠯᠵᠤ᠂ | ᠯᠣᠣ ᠨᠢᠦ ᠸᠠᠨ ᠬᠠᠲᠤᠨ ᠭᠤᠣᠯ ᠤᠨ ᠶᠡᠭᠡ ᠬᠠᠪᠴᠢᠯ ᠢ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠢᠶᠠᠷ | ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃ ᠮᠥᠰᠥ ᠴᠠᠰᠤᠨ ᠤ ᠠᠵᠤ ᠠᠬᠤᠢ ᠪᠣᠯ ᠲᠦᠮᠡᠨ ᠳ᠋ᠦᠩᠰᠢᠭᠤᠷ ᠤᠨ | ᠳᠡᠰ ᠤᠨ ᠰᠢᠨ᠎ᠡ ᠥᠷᠢᠰᠦᠯᠳᠦᠭᠡᠨ ᠤ ᠴᠠᠷᠠᠭ᠎ᠠ ᠪᠣᠯᠣᠨ᠎ᠠ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ᠂ ᠮᠥᠰᠥ | ᠴᠠᠰᠤᠨ ᠤ ᠰᠣᠶᠣᠯ᠂ ᠮᠥᠰᠥ ᠴᠠᠰᠤᠨ ᠤ ᠲᠣᠨᠣᠭᠯᠠᠯ᠂ ᠮᠥᠰᠥ ᠴᠠᠰᠤᠨ ᠤ ᠵᠢᠭᠤᠯᠴᠢᠯᠠᠯ ᠵᠡᠷᠭᠡ ᠪᠦᠬᠦ | ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ᠂ ᠣᠯᠠᠨ ᠲᠦᠮᠡᠨᠴᠢ | ᠴᠢᠨᠠᠷᠲᠠᠢ᠂ ᠲᠣᠭᠯᠠᠯᠲᠠ ᠶᠢᠨ ᠴᠢᠨᠠᠷᠲᠠᠢ᠂ ᠤᠷᠤᠯᠳᠤᠭᠠᠨ ᠤ ᠴᠢᠨᠠᠷᠲᠠᠢ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠢ ᠥᠷᠭᠡᠨ ᠢᠶᠠᠷ ᠥᠷᠨᠢᠭᠦᠯᠦᠨ᠎ᠡ᠃ ᠳᠠᠩ ᠬᠠᠪᠲᠠᠰᠤᠨ ᠤ ᠴᠠᠨᠠᠯᠠᠯᠲᠠ ᠶᠢᠨ ᠵᠡᠷᠭᠡᠴᠡᠭᠡ ᠶᠡᠭᠡ | ᠡᠷᠭᠢᠯᠲᠡ ᠶᠢᠨ ᠳᠡᠯᠡᠬᠡᠢ ᠶᠢᠨ ᠬᠤᠨᠳᠠᠭᠠᠲᠤ ᠤᠷᠤᠯᠳᠤᠭᠠᠨ ᠪᠠ ᠪᠦᠬᠦ ᠤᠯᠤᠰ ᠤᠨ ᠴᠢᠯᠦᠭᠡᠲᠦ ᠴᠡᠨᠡᠯᠡᠯᠲᠡ᠂ ᠣᠶᠢᠷ᠎ᠠ | ᠵᠠᠢ ᠶᠢᠨ ᠲᠦᠷᠭᠡᠨ ᠲᠡᠰᠢᠯᠲᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠮᠥᠰᠥ ᠴᠠᠰᠤᠨ ᠤ | ᠤᠷᠤᠯᠳᠤᠭᠠᠨ ᠤ ᠶᠠᠪᠤᠳᠠᠯ ᠢ ᠰᠡᠳᠬᠢᠯ ᠲᠠᠯᠪᠢᠨ ᠡᠷᠬᠢᠯᠡᠵᠦ᠂ ᠲᠤᠮᠳᠠᠳᠤ ᠤᠯᠤᠰ ᠤᠨ ᠬᠦᠢᠲᠡᠨ ᠤ ᠲᠦᠢᠯ ᠤᠨ | ᠮᠠᠷᠠᠰᠤᠨ ᠤᠷᠤᠯᠳᠤᠭᠠᠨ᠂ ᠪᠦᠭᠦ ᠤᠯᠤᠰ ᠤᠨ ᠪᠦᠢᠺᠦ ᠪᠥᠮᠪᠥᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ᠂ ᠪᠦᠭᠦ | ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠴᠤᠭᠯᠠᠭᠠᠨ᠂ ᠰᠢᠯᠢ ᠶᠢᠨ ᠭᠤᠣᠯ ᠤᠨ | ᠮᠣᠩᠭᠤᠯ ᠮᠣᠷᠢᠨ ᠤ ᠬᠡᠳᠦ ᠳᠡᠰ ᠤᠨ ᠬᠤᠯᠪᠣᠭᠠᠲᠤ ᠤᠷᠤᠯᠳᠤᠭᠠᠨ ᠵᠡᠷᠭᠡ ᠣᠨᠴᠠᠯᠢᠭᠲᠤ ᠤᠷᠤᠯᠳᠤᠭᠠᠨ ᠤ ᠶᠠᠪᠤᠳᠠᠯ ᠢ | ᠰᠠᠶᠢᠲᠤᠷ ᠡᠷᠬᠢᠯᠡᠵᠦ᠂ ᠨᠡᠩ ᠣᠯᠠᠨ ᠬᠥᠮᠥᠰ ᠢ ᠤᠷᠤᠯᠳᠤᠭᠠᠨ ᠤ ᠲᠠᠰᠢᠷᠠᠮ ᠢᠶᠠᠷ ᠵᠢᠭᠤᠯᠴᠢᠯᠠᠷᠠ ᠢᠷᠡᠭᠦᠯᠦᠨ᠎ᠡ᠃ | ︵ᠳᠣᠯᠤᠭ᠎ᠠ︶ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠢ ᠬᠦᠴᠦᠯᠡᠨ ᠠᠳᠬᠤᠵᠤ᠂ ᠠᠵᠤ | ᠠᠬᠤᠶᠢᠯᠠᠯ ᠤᠨ ᠬᠦᠴᠢᠷ ᠠᠰᠠᠭᠤᠳᠠᠯ ᠢ ᠦᠨᠡᠨ ᠰᠡᠳᠬᠢᠯ ᠠᠴᠠ ᠪᠠᠨ ᠰᠢᠢᠳᠪᠦᠷᠢᠯᠡᠵᠦ ᠥᠭᠭᠦᠨ᠎ᠡ᠃ ᠨᠢᠭᠡ ᠭᠠᠵᠠᠷ | ᠣᠷᠣᠨ ᠤ ᠠᠵᠤ ᠠᠬᠤᠢ ᠶᠢᠨ ᠬᠥᠭᠵᠢᠯᠲᠡ ᠨᠢ ᠡᠴᠦᠰ ᠤᠨ ᠡᠴᠦᠰ ᠲᠤ ᠪᠠᠨ ᠠᠵᠤ ᠠᠬᠤᠶᠢᠯᠠᠯ ᠳᠤ ᠲᠦᠰᠢᠭᠯᠡᠳᠡᠭ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠯᠢ ᠨᠢ ᠴᠦ | ᠭᠡᠰᠡᠨ ᠦᠭᠡᠢ ᠪᠦᠷ ᠵᠠᠰᠠᠭ ᠤᠨ ᠣᠷᠳᠣᠨ ᠤ ᠦᠢᠯᠡᠴᠢᠯᠡᠬᠦ ᠡᠲᠡᠭᠡᠳ ᠮᠥᠨ᠂ ᠠᠵᠤ ᠠᠬᠤᠶᠢᠯᠠᠯ ᠳᠤ ᠲᠤᠰᠠᠯᠠᠬᠤ | ᠠᠵᠢᠯᠯᠠᠭᠠᠨ ᠪᠣᠯ ᠳᠠᠷᠤᠢ ᠠᠵᠤ ᠠᠬᠤᠶᠢᠯᠠᠯᠲᠠᠳ ᠢ ᠭᠡᠷ ᠤᠨ ᠢᠶᠠᠨ ᠬᠥᠮᠥᠨ ᠠᠳᠠᠯᠢ ᠦᠵᠡᠵᠦ᠂ ᠠᠵᠤ | ᠠᠬᠤᠶᠢᠯᠠᠯ ᠤᠨ ᠠᠵᠢᠯ ᠶᠠᠪᠤᠳᠠᠯ ᠢ ᠭᠡᠷ ᠤᠨ ᠢᠶᠠᠨ ᠠᠵᠢᠯ ᠶᠠᠪᠤᠳᠠᠯ ᠪᠣᠯᠭᠠᠨ᠂ ᠵᠠᠰᠠᠭ ᠤᠨ ᠣᠷᠳᠣᠨ ᠪᠠ ᠠᠵᠤ | ᠠᠬᠤᠶᠢᠯᠠᠯ ᠭᠠᠷ ᠬᠤᠯᠪᠣᠯᠴᠠᠨ ᠬᠠᠮᠲᠤ ᠪᠠᠷ ᠬᠥᠭᠵᠢᠯᠲᠡ ᠶᠢ ᠡᠷᠢᠯᠬᠢᠯᠡᠬᠦ ᠶᠠᠪᠤᠳᠠᠯ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ | ᠠᠯᠳᠠᠭᠳᠠᠯ ᠲᠠᠢ ᠪᠠᠶᠢᠭᠰᠠᠨ ᠠᠴᠠ ᠪᠠᠨ ᠣᠯᠵᠠᠪᠤᠷᠢ ᠲᠠᠢ ᠪᠣᠯᠵᠤ᠂ ᠴᠢᠨᠠᠷ ᠢᠶᠠᠨ ᠳᠡᠭᠡᠭᠰᠢᠯᠡᠭᠦᠯᠦᠨ ᠦᠷ᠎ᠡ | ᠪᠦᠲᠦᠮᠵᠢ ᠪᠠᠨ ᠨᠡᠮᠡᠭᠳᠡᠭᠦᠯᠦᠨ᠎ᠡ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠪᠠᠷ | ᠠᠷᠭ᠎ᠠ ᠬᠡᠮᠵᠢᠶ᠎ᠡ ᠲᠣᠭᠲᠠᠭᠠᠨ᠂ ᠠᠷᠭ᠎ᠠ ᠪᠣᠳᠣᠯᠭ᠎ᠠ ᠠᠪᠴᠤ᠂ ᠪᠣᠳᠠᠲᠤ ᠠᠮᠵᠢᠯᠲᠠ ᠣᠯᠬᠤ ᠶᠢ ᠴᠢᠩᠭ᠎ᠠ ᠠᠩᠬᠠᠷᠬᠤ | ᠬᠡᠷᠡᠭᠲᠡᠢ᠃ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠪᠦᠬᠦ ᠬᠦᠴᠦᠨ ᠢᠶᠠᠷ ᠢᠶᠠᠨ ᠪᠦᠰᠡᠯᠡᠯᠲᠡ ᠰᠢᠪᠲᠤᠯᠵᠤ᠂ | ᠡᠵᠡᠩᠨᠡᠯᠲᠡ ᠶᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠦᠷ᠎ᠡ ᠠᠰᠢᠭ ᠢᠶᠠᠨ ᠳᠡᠭᠡᠭᠰᠢᠯᠡᠭᠦᠯᠬᠦ | ᠲᠠᠯ᠎ᠠ ᠳᠤ ᠬᠦᠴᠦ ᠲᠠᠯᠪᠢᠨ᠂ ᠡᠵᠡᠩᠨᠡᠯᠲᠡ ᠶᠢᠨ ᠣᠷᠣᠯᠭ᠎ᠠ ᠶᠢ 1200 ᠳ᠋ᠦᠩᠰᠢᠭᠤᠷ ᠲᠥᠭᠦᠷᠢᠭ ᠲᠤ | ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠃ ᠤᠮᠠᠷᠠᠲᠤ ᠶᠢᠨ ᠬᠤᠪᠣᠷ ᠰᠢᠷᠣᠢ ᠶᠢᠨ ᠪᠦᠯᠦᠭᠯᠡᠯ ︽ᠬᠤᠪᠣᠷ | ᠰᠢᠷᠣᠢ ᠶᠢᠨ ᠬᠤᠶᠠᠷ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ | ᠦᠢᠯᠡᠳᠬᠦᠨ ᠤ ᠦᠷᠲᠡᠭ ᠵᠠᠬ᠎ᠠ ᠳᠡᠯᠭᠡᠭᠦᠷ ᠤᠨ ᠦᠷᠲᠡᠭ᠂ ᠡᠵᠡᠩᠨᠡᠯᠲᠡ ᠶᠢᠨ ᠠᠰᠢᠭ ᠣᠷᠣᠯᠭ᠎ᠠ ᠪᠠᠷ ᠢᠶᠠᠨ ᠠᠵᠢᠯ | ᠲᠥᠷᠥᠯ ᠤᠨ ᠲᠡᠷᠢᠭᠦᠨ ᠪᠠᠶᠢᠷᠢ ᠪᠠᠨ ᠪᠠᠲᠤᠯᠠᠨ᠎ᠠ᠃ ᠴᠠᠬᠢᠯᠭᠠᠨ ᠬᠦᠴᠦᠨ ᠤ ᠪᠦᠯᠦᠭᠯᠡᠯ ︽ᠴᠠᠬᠢᠯᠭᠠᠨ ᠬᠦᠴᠦᠨ ᠤ | ᠲᠣᠣᠷ ᠢ ᠬᠦᠴᠦᠷᠬᠡᠭᠵᠢᠭᠦᠯᠬᠦ︾ ᠠᠵᠢᠯᠯᠠᠭᠠᠨ ᠢ ᠰᠠᠶᠢᠲᠤᠷ ᠬᠡᠷᠡᠭᠵᠢᠭᠦᠯᠵᠦ᠂ ︽ᠳᠦᠷᠪᠡᠨ ᠬᠥᠨᠳᠡᠯᠡᠨ ᠵᠢᠷᠭᠤᠭᠠᠨ | ᠭᠤᠯᠳᠤ︾ 500 ᠺᠢᠯᠣᠸᠣᠯᠲ ᠤᠨ ᠭᠤᠣᠯ ᠴᠠᠬᠢᠯᠭᠠᠨ ᠬᠦᠴᠦᠨ ᠤ ᠲᠣᠣᠷ ᠤᠨ ᠵᠢᠶᠠᠰᠠ ᠶᠢ ᠪᠦᠬᠦ ᠲᠠᠯ᠎ᠠ ᠪᠠᠷ | ᠪᠠᠶᠢᠭᠤᠯᠤᠨ ᠳᠠᠭᠤᠰᠬᠠᠵᠤ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢ | ᠲᠦᠷᠭᠡᠳᠬᠡᠵᠦ᠂ ᠪᠦᠬᠦ ᠣᠷᠣᠨ ᠤ ᠪᠣᠬᠢᠷᠲᠤᠯ ᠦᠭᠡᠢ ᠬᠥᠭᠵᠢᠯᠲᠡ ᠳᠤ ᠨᠡᠩ ᠢᠯᠡᠭᠦᠦ ᠬᠤᠪᠢ ᠨᠡᠮᠡᠷᠢ | ᠦᠵᠡᠭᠦᠯᠦᠨ᠎ᠡ᠃ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠮᠠᠨ ᠤ ᠣᠷᠣᠨ ᠤ ᠡᠨᠧᠷᠬᠢ ᠶᠢᠨ ᠠᠵᠤ | ᠠᠬᠤᠶᠢᠯᠠᠯ ᠤᠨ ᠰᠠᠶᠢᠨ ︽ᠨᠢᠷᠤᠭᠤ ᠲᠤᠯᠭᠠᠭᠤᠷᠢ︾ ᠪᠣᠯᠵᠤ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ | ᠴᠣᠭᠴᠠᠯᠠᠪᠤᠷᠢ ᠪᠠᠨ 4500 ᠲᠦᠮᠡᠨ ᠺᠢᠯᠣᠸᠠᠲ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠵᠤ᠂ ᠡᠳ᠋ ᠬᠥᠷᠥᠩᠭᠡ | ᠪᠠ ᠡᠵᠡᠩᠨᠡᠯᠲᠡ ᠶᠢᠨ ᠣᠷᠣᠯᠭ᠎ᠠ ᠶᠢᠨ ︽ᠬᠤᠣᠰ ᠮᠢᠩᠭᠠᠨ ᠳ᠋ᠦᠩᠰᠢᠭᠤᠷ︾ ᠤᠨ ᠬᠠᠷᠠᠯᠲᠠ ᠲᠡᠶᠢᠰᠢ ᠲᠦᠷᠭᠡᠬᠡᠨ | ᠤᠷᠤᠭᠰᠢᠯᠠᠨ᠎ᠠ᠃ ᠵᠠᠮ ᠬᠠᠷᠢᠯᠴᠠᠭᠠᠨ ᠤ ᠪᠦᠯᠦᠭᠯᠡᠯ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠯᠤᠭ᠎ᠠ | ᠪᠠᠷᠢᠮᠵᠢᠶᠠᠯᠠᠨ ᠬᠠᠷᠭᠤᠭᠤᠯᠵᠤ᠂ ᠬᠢᠷᠢ ᠭᠡᠮ ᠵᠡᠷᠭᠡ ᠳᠡᠰ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠷᠣᠨ ᠤ | ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠢ ᠴᠢᠷᠮᠠᠶᠢᠨ ᠥᠷᠭᠡᠳᠬᠡᠵᠦ᠂ ᠳᠤᠮᠳᠠᠳᠤ ᠤᠯᠤᠰ ᠤᠨ 500 | ᠬᠦᠴᠦᠷᠬᠡᠭ ᠠᠵᠤ ᠠᠬᠤᠶᠢᠯᠠᠯ ᠳᠤ ᠲᠠᠪᠰᠢᠨ ᠣᠷᠣᠬᠤ ᠪᠠᠷ ᠬᠦᠴᠦᠯᠡᠨ ᠴᠢᠷᠮᠠᠶᠢᠨ᠎ᠠ᠃ ᠤᠢ ᠰᠢᠭᠤᠢ ᠶᠢᠨ ᠠᠵᠤ | ᠦᠢᠯᠡᠳᠪᠦᠷᠢ ᠶᠢᠨ ᠪᠦᠯᠦᠭᠯᠡᠯ᠂ ᠰᠣᠶᠣᠯ ᠵᠢᠭᠤᠯᠴᠢᠯᠠᠯ ᠤᠨ ᠪᠦᠯᠦᠭᠯᠡᠯ᠂ ᠣᠯᠠᠨ ᠤᠯᠤᠰ ᠤᠨ ᠠᠷᠠᠯᠵᠢᠶᠠᠨ ᠤ | ᠪᠦᠯᠦᠭᠯᠡᠯ᠂ ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠺᠤᠮᠫᠠᠨᠢ ᠵᠡᠷᠭᠡ ᠥᠪᠡᠷᠲᠡᠭᠡᠨ ᠵᠠᠰᠠᠬᠤ | ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠴᠥᠮ ᠥᠭᠡᠷᠡᠴᠢᠯᠡᠯᠲᠡ ᠬᠢᠵᠦ | ᠪᠦᠰᠡᠯᠡᠯᠲᠡ ᠰᠢᠪᠲᠤᠯᠬᠤ ᠡᠷᠴᠢᠮ ᠢᠶᠠᠨ ᠴᠢᠩᠭᠠᠷᠠᠭᠤᠯᠤᠨ᠂ ᠲᠡᠷᠢᠭᠦᠨ ᠳᠡᠰ ᠲᠠᠢ ᠪᠠᠷᠢᠮᠵᠢᠶᠠᠯᠠᠨ ᠬᠠᠷᠭᠤᠭᠤᠯᠵᠤ᠂ | ᠲᠡᠷᠢᠭᠦᠨ ᠠᠴᠠ ᠲᠠᠭᠠᠨ ᠰᠤᠷᠤᠯᠴᠠᠵᠦ᠂ ᠡᠵᠡᠩᠨᠡᠯᠲᠡ ᠶᠢᠨ ᠠᠵᠢᠯ ᠤᠨ ᠠᠮᠵᠢᠯᠲᠠ ᠪᠠ ᠵᠠᠬ᠎ᠠ ᠳᠡᠯᠭᠡᠭᠦᠷ ᠤᠨ | ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠦᠨ᠂ ᠲᠦᠷᠭᠡᠬᠡᠨ ᠪᠤᠵᠠᠭᠠᠶᠢᠷᠠᠨ ᠬᠦᠴᠦᠷᠬᠡᠭᠵᠢᠭᠦᠯᠬᠦ ᠬᠡᠷᠡᠭᠲᠡᠢ᠃ | ᠣᠳᠣᠬᠠᠨ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠥᠭᠵᠢᠬᠦ ᠳᠤ ᠲᠤᠩ ᠬᠢᠯᠪᠠᠷ ᠪᠤᠰᠤ | ᠪᠠᠶᠢᠵᠤ᠂ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠨᠢ ᠣᠯᠠᠨ ᠬᠦᠴᠢᠷ ᠲᠦᠪᠡᠭ ᠪᠠ ᠠᠰᠠᠭᠤᠳᠠᠯ | ᠲᠤᠯᠭᠠᠷᠠᠵᠤ ᠪᠠᠶᠢᠨ᠎ᠠ᠂ ᠲᠥᠷᠥᠯ ᠵᠦᠢᠯ ᠢ ᠪᠣᠳᠠᠲᠠᠶᠢᠵᠢᠭᠤᠯᠬᠤ᠂ ᠲᠦᠷᠦ ᠶᠢᠨ ᠪᠣᠳᠣᠯᠭ᠎ᠠ ᠪᠠᠷ ᠳᠡᠮᠵᠢᠯᠭᠡ ᠦᠵᠡᠭᠦᠯᠬᠦ | ᠂ ᠪᠡᠯᠡ ᠲᠣᠬᠢᠷᠠᠭᠤᠯᠤᠨ ᠵᠢᠭᠡᠯᠡᠯᠭᠡ ᠲᠠᠯᠪᠢᠬᠤ ᠵᠡᠷᠭᠡ ᠲᠠᠯ᠎ᠠ ᠪᠠᠷ ᠬᠠᠪᠰᠤᠷᠤᠨ ᠲᠤᠰᠠᠯᠠᠬᠤ ᠡᠷᠴᠢᠮ ᠢᠶᠠᠨ | ᠴᠢᠩᠭᠠᠷᠠᠭᠤᠯᠵᠤ᠂ ᠢᠯᠠᠩᠭᠤᠶ᠎ᠠ ᠳᠤᠮᠳᠠ ᠵᠢᠵᠢᠭ ᠠᠵᠤ ᠠᠬᠤᠶᠢᠯᠠᠯ ᠳᠤ ᠬᠠᠨᠳᠤᠭᠤᠯᠤᠭᠰᠠᠨ ᠵᠠᠰᠠᠭ ᠤᠨ ᠣᠷᠳᠣᠨ ᠤ | ᠬᠤᠳᠠᠯᠳᠤᠨ ᠠᠪᠬᠤ ᠬᠤᠪᠢᠳᠠᠴᠠ ᠶᠢ ᠤᠷᠢᠳᠴᠢᠯᠠᠨ ᠦᠯᠡᠳᠡᠭᠡᠵᠦ ᠥᠭᠬᠦ ᠲᠤᠬᠠᠢ ᠲᠦᠷᠦ ᠶᠢᠨ ᠪᠣᠳᠣᠯᠭ᠎ᠠ ᠶᠢᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠵᠢᠯ ᠶᠠᠪᠤᠳᠠᠯ ᠭᠦᠢᠴᠡᠳᠬᠡᠬᠦ ᠨᠢ ᠤᠳᠠᠭᠠᠨ᠂ ᠪᠠᠶᠢᠴᠠᠭᠠᠯᠲᠠ | ᠣᠯᠠᠨᠲᠠᠢ᠂ ᠪᠡᠯᠡ ᠲᠣᠬᠢᠷᠠᠭᠤᠯᠬᠤ ᠳᠤ ᠬᠦᠴᠢᠷ ᠪᠠᠶᠢᠬᠤ ᠪᠣᠯ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ | ᠣᠨᠴᠠᠭᠠᠶᠢᠯᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ︽ᠰᠡᠳᠬᠢᠯ ᠤᠨ ᠡᠪᠡᠳᠴᠢᠨ︾ ᠪᠠᠶᠢᠵᠤ᠂ ᠵᠠᠬᠢᠳᠠᠯ | ᠰᠤᠷᠪᠤᠯᠵᠢᠯᠠᠯ ᠢ ᠣᠷᠣᠯᠠᠨ ᠭᠦᠢᠴᠡᠳᠬᠡᠵᠦ ᠪᠠᠶᠢᠭ᠎ᠠ ᠮᠡᠲᠦ ᠪᠠᠷ ᠠᠵᠤ ᠠᠬᠤᠶᠢᠯᠠᠯ ᠳᠤ ᠦᠢᠯᠡᠴᠢᠯᠡᠨ᠂ ᠬᠢᠨᠠᠨ | ᠵᠥᠪᠰᠢᠶᠡᠷᠡᠵᠦ ᠠᠵᠢᠯ ᠶᠠᠪᠤᠳᠠᠯ ᠭᠦᠢᠴᠡᠳᠬᠡᠬᠦ ᠶᠢᠨ ᠬᠤᠷᠳᠤ ᠶᠢ ᠳᠠᠬᠢᠨᠲᠠ ᠠᠬᠢᠭᠤᠯᠤᠨ ᠲᠦᠷᠭᠡᠳᠬᠡᠵᠦ᠂ | ᠬᠤᠭᠤᠴᠠᠭ᠎ᠠ ᠬᠢᠵᠠᠭᠠᠷᠯᠠᠨ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ︔ ᠠᠵᠤ ᠠᠬᠤᠶᠢᠯᠠᠯ ᠳᠤ | ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭᠠᠨ ᠢ ᠰᠠᠶᠢᠲᠤᠷ ᠠᠳᠬᠤᠵᠤ᠂ | ᠪᠡᠶ᠎ᠡ ᠶᠢᠨ ᠪᠠᠶᠢᠴᠠᠭᠠᠯᠲᠠ ᠮᠠᠶ᠋ᠢᠭ ᠤᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠬᠡᠯᠪᠡᠷᠢ ᠶᠢᠨ ᠬᠠᠤᠯᠢ | ᠬᠡᠷᠡᠭᠵᠢᠭᠦᠯᠦᠯᠲᠡ ᠶᠢ ᠬᠡᠷᠡᠭᠵᠢᠭᠦᠯᠦᠨ᠂ ᠠᠵᠤ ᠠᠬᠤᠶᠢᠯᠠᠯ ᠳᠤ ᠰᠠᠭᠠᠳ ᠠᠪᠴᠢᠷᠠᠬᠤ ᠮᠥᠷᠲᠡᠭᠡᠨ ᠦᠢᠯᠡᠳᠦᠯ ᠭᠠᠷᠬᠤ | ᠦᠭᠡᠢ ᠠᠯᠪᠠ ᠶᠢᠨ ᠲᠡᠳᠦᠢ ᠬᠠᠤᠯᠢ ᠬᠡᠷᠡᠭᠵᠢᠭᠦᠯᠦᠯᠲᠡ ᠶᠢ ᠦᠯᠦ ᠬᠢᠵᠦ᠂ ᠳᠤᠷ᠎ᠠ ᠪᠠᠷ ᠰᠦᠢᠳᠬᠡᠯ ᠬᠤᠷᠢᠶᠠᠬᠤ᠂ | ᠳᠤᠷ᠎ᠠ ᠪᠠᠷ ᠵᠣᠭᠤᠰ ᠲᠣᠷᠭᠠᠬᠤ᠂ ᠳᠤᠷ᠎ᠠ ᠪᠠᠷ ᠪᠠᠶᠢᠴᠠᠭᠠᠬᠤ᠂ ᠳᠤᠷ᠎ᠠ ᠪᠠᠷ ᠪᠢᠲᠡᠭᠦᠮᠵᠢᠯᠡᠬᠦ ᠶᠢ ᠡᠷᠡᠰ ᠴᠡᠭᠴᠡᠯᠡᠨ | ᠵᠠᠰᠠᠵᠤ᠂ ᠠᠰᠢᠭ ᠬᠠᠷᠠᠬᠤ ᠴᠢᠨᠠᠷᠲᠠᠢ ᠬᠠᠤᠯᠢ ᠬᠡᠷᠡᠭᠵᠢᠭᠦᠯᠦᠯᠲᠡ ᠶᠢ ᠨᠢᠭᠡ ᠢᠯᠡᠷᠡᠭᠦᠯᠪᠡᠯ ᠨᠢᠭᠡ ᠶᠢ ᠴᠢᠩᠭ᠎ᠠ | ᠪᠠᠶᠢᠴᠠᠭᠠᠨ᠎ᠠ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠵᠢᠭᠡᠯᠡᠯᠭᠡ ᠲᠠᠯᠪᠢᠬᠤ ᠨᠥᠬᠦᠴᠡᠯ ᠪᠠ ᠬᠦᠦ | ᠮᠥᠩᠭᠦᠨ ᠤ ᠬᠢᠷᠢ ᠬᠡᠮᠵᠢᠶᠡᠨ ᠤ ᠲᠠᠯ᠎ᠠ ᠳᠤ ︽ᠠᠳᠠᠯᠢ ᠪᠠᠷ ᠦᠵᠡᠨ ᠲᠡᠭᠰᠢ ᠪᠠᠷ ᠬᠠᠨᠳᠤᠵᠤ︾᠂ ᠡᠬᠡ ᠮᠥᠩᠭᠦ | ᠲᠥᠯᠥᠬᠦ ᠦᠭᠡᠢ ᠪᠠᠷ ᠥᠷᠭᠦᠯᠵᠢᠯᠡᠨ ᠵᠢᠭᠡᠯᠡᠯᠭᠡ ᠠᠪᠬᠤ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ | ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠳᠠᠩᠰᠠᠨ ᠳᠠᠬᠢ ᠥᠷᠢᠲᠦᠵᠦ ᠪᠠᠶᠢᠭ᠎ᠠ | ᠵᠣᠭᠤᠰ ᠢ ᠨᠢ ᠢᠯᠭᠠᠷᠠᠭᠤᠯᠬᠤ ᠪᠣᠯ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠮᠤᠭ ᠠᠴᠠ ᠬᠠᠯᠠᠮᠵᠢᠯᠠᠨ | ᠠᠩᠬᠠᠷᠴᠤ ᠪᠠᠶᠢᠭ᠎ᠠ ᠤᠴᠢᠷ ᠪᠣᠯᠣᠨ᠎ᠠ᠂ ᠪᠠᠶᠢᠳᠠᠯ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ | ᠥᠷᠨᠢᠭᠦᠯᠵᠦ᠂ ᠦᠨᠳᠦᠰᠦᠨ ᠪᠠᠶᠢᠳᠠᠯ ᠢ ᠲᠣᠳᠣᠷᠬᠠᠢ ᠣᠶᠢᠯᠠᠭᠠᠬᠤ ᠪᠠᠨ ᠦᠨᠡᠨ ᠬᠦ ᠪᠠᠲᠤᠯᠠᠨ᠂ ᠥᠷᠢᠲᠦᠵᠦ ᠪᠠᠶᠢᠭ᠎ᠠ | ᠵᠣᠭᠤᠰ ᠢ ᠨᠢ ᠬᠠᠤᠯᠢ ᠲᠣᠭᠲᠠᠭᠠᠯ ᠶᠣᠰᠣᠭᠠᠷ ᠢᠯᠭᠠᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ︽ᠲᠥᠯᠥᠬᠦ | ᠶᠣᠰᠣᠲᠠᠢ ᠶᠢ ᠨᠢ ᠲᠦᠷᠭᠡᠨ ᠲᠥᠯᠥᠵᠦ᠂ ᠲᠥᠯᠥᠬᠦ ᠴᠢᠬᠤᠯᠠᠲᠠᠢ ᠶᠢ ᠨᠢ ᠪᠦᠬᠦᠨ ᠢ ᠲᠥᠯᠥᠬᠦ︾ ᠶᠢ ᠪᠡᠶᠡᠯᠡᠭᠦᠯᠬᠦ | ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠣᠨᠴᠠᠭᠠᠶᠢᠯᠠᠨ ᠤᠳᠤᠷᠢᠳᠬᠤ ᠺᠠᠳ᠋ᠷᠴᠤᠳ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠯᠤᠭ᠎ᠠ ᠦᠨᠡᠨᠴᠢ ᠰᠢᠯᠤᠭᠤᠨ ᠢᠶᠠᠷ ᠬᠠᠷᠢᠯᠴᠠᠵᠤ᠂ ᠢᠯᠠᠩᠭᠤᠶ᠎ᠠ ᠠᠵᠤ ᠠᠬᠤᠶᠢᠯᠠᠯ | ᠬᠦᠴᠢᠷ ᠪᠡᠷᠬᠡ ᠲᠤᠯᠭᠠᠷᠠᠬᠤ ᠶᠢᠨ ᠦᠶ᠎ᠡ ᠳᠤ᠂ ᠤᠯᠠᠮ ᠢᠯᠡᠭᠦᠦ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ | ᠭᠠᠷᠭᠠᠨ᠂ ᠴᠢᠩ ᠰᠡᠳᠬᠢᠯ ᠠᠴᠠ ᠪᠠᠨ ᠦᠢᠯᠡᠴᠢᠯᠡᠬᠦ ᠬᠡᠷᠡᠭᠲᠡᠢ᠃ | ᠮᠠᠨ ᠤ ᠣᠷᠣᠨ ᠲᠥᠪ ᠤᠨ ᠡᠯ᠎ᠡ ᠲᠣᠮᠣ ᠠᠵᠤ ᠠᠬᠤᠶᠢᠯᠠᠯ ᠯᠤᠭ᠎ᠠ ᠪᠠᠲᠤ ᠪᠠᠬᠢ ᠬᠠᠮᠲᠤᠷᠠᠯᠴᠠᠭᠠᠨ ᠤ | ᠰᠠᠭᠤᠷᠢ ᠲᠠᠢ ᠶᠤᠮ᠂ ᠨᠢᠳᠤᠨᠤᠨ ᠲᠥᠪ ᠤᠨ ᠠᠵᠤ ᠠᠬᠤᠶᠢᠯᠠᠯ ᠤᠨ ᠮᠠᠨ ᠤ ᠣᠷᠣᠨ ᠳᠠᠬᠢ ᠪᠡᠯᠡ ᠣᠷᠣᠭᠤᠯᠤᠯᠲᠠ | ᠵᠣᠬᠢᠬᠤ ᠬᠡᠮᠵᠢᠶ᠎ᠡ ᠪᠠᠷ ᠳᠣᠷᠣᠭᠰᠢᠯᠠᠭᠰᠠᠨ ᠠᠴᠠ ᠡᠨᠡ ᠵᠢᠯ ᠡᠷᠬᠡᠪᠰᠢ ᠨᠡᠬᠡᠨ ᠭᠦᠢᠴᠡᠵᠦ ᠨᠡᠮᠡᠭᠳᠡᠯ ᠲᠠᠢ ᠪᠣᠯᠭᠠᠨ᠎ᠠ᠃ | ᠲᠥᠪ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠢᠭᠡ | ᠨᠢᠭᠡ ᠠᠵᠤ ᠠᠬᠤᠶᠢᠯᠠᠯ ᠢᠶᠠᠷ ᠵᠣᠯᠭᠠᠭᠤᠯᠤᠨ᠂ ᠨᠢᠭᠡ ᠨᠢᠭᠡ ᠲᠥᠷᠥᠯ ᠵᠦᠢᠯ ᠢᠶᠠᠷ ᠪᠣᠳᠠᠲᠠᠶᠢᠵᠢᠭᠤᠯᠬᠤ ᠶᠢ ᠠᠳᠬᠤᠨ᠂ | ᠮᠠᠨ ᠤ ᠣᠷᠣᠨ ᠤ ᠡᠬᠢ ᠪᠠᠶᠠᠯᠢᠭ᠂ ᠠᠵᠤ ᠦᠢᠯᠡᠰ ᠤᠨ ᠳᠠᠪᠠᠭᠤᠯᠢᠭ ᠢᠶᠠᠷ ᠢᠶᠠᠨ ᠲᠥᠪ ᠤᠨ ᠠᠵᠤ ᠠᠬᠤᠶᠢᠯᠠᠯ ᠤᠨ | ᠬᠦᠴᠦᠷᠬᠡᠭ ᠪᠣᠳᠠᠲᠤ ᠬᠦᠴᠦᠨ᠂ ᠲᠡᠷᠢᠭᠦᠨ ᠤ ᠮᠡᠷᠭᠡᠵᠢᠯ ᠯᠦᠭᠡ ︽ᠬᠤᠣᠰ ᠴᠢᠭᠯᠡᠯ ᠤᠨ ᠬᠠᠮᠲᠤᠷᠠᠯᠴᠠᠭ᠎ᠠ︾ | ᠥᠷᠨᠢᠭᠦᠯᠵᠦ᠂ ᠨᠡᠩ ᠥᠨᠳᠥᠷ ᠲᠦᠪᠰᠢᠨ ᠪᠦᠬᠦᠢ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠬᠦᠷᠲᠡᠬᠦ ᠶᠢ | ᠪᠡᠶᠡᠯᠡᠭᠦᠯᠬᠦ ᠬᠡᠷᠡᠭᠲᠡᠢ᠃ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠩᠭᠢᠯᠠᠭ᠎ᠠ ᠨᠢ ᠪᠠᠶᠢᠩᠭᠤᠰᠢᠭᠤᠯᠤᠨ ᠵᠠᠰᠠᠵᠤ ᠤᠷᠲᠤ | ᠬᠤᠭᠤᠴᠠᠭ᠎ᠠ ᠪᠦᠲᠦᠮᠵᠢᠲᠡᠢ ᠪᠠᠶᠢᠯᠭᠠᠬᠤ ᠳᠤ ᠪᠠᠶᠢᠨ᠎ᠠ᠂ ᠡᠨᠡ ᠵᠢᠯ ᠳᠠᠬᠢᠨᠲᠠ ︽ᠥᠨᠳᠥᠷ ᠪᠦᠲᠦᠮᠵᠢᠲᠡᠢ ᠪᠠᠷ ᠨᠢᠭᠡ | ᠠᠵᠢᠯ ᠶᠠᠪᠤᠳᠠᠯ ᠢ ᠭᠦᠢᠴᠡᠳᠬᠡᠬᠦ︾ 30 ᠵᠦᠢᠯ᠂ ︽ᠪᠦᠬᠦ ᠣᠷᠣᠨ ᠳᠤ ᠨᠡᠶᠢᠳᠡᠮ ᠭᠦᠢᠴᠡᠳᠬᠡᠬᠦ︾ 150 | ᠵᠦᠢᠯᠡᠰ ᠢ ᠭᠠᠷᠭᠠᠵᠤ᠂ ︽ᠠᠮᠠᠯᠠᠬᠤ ᠳᠦᠷᠢᠮ + ᠪᠦᠬᠦᠨ ᠢ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠬᠡᠪ | ᠵᠠᠭᠪᠤᠷ ᠢ ᠳᠡᠯᠭᠡᠷᠡᠭᠦᠯᠦᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠬᠦᠷᠢᠶ᠎ᠡ ᠴᠠᠷᠠᠭᠠᠨ ᠳᠠᠬᠢ | ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠢᠵᠠᠭᠠᠷᠯᠠᠯ ᠬᠦᠯᠢᠶᠡᠰᠦᠯᠡᠯ ᠨᠢ ᠳᠡᠩᠳᠡᠭᠦᠦ | ᠤᠯᠠᠨ᠂ ᠠᠵᠢᠯ ᠶᠠᠪᠤᠳᠠᠯ ᠭᠦᠢᠴᠡᠳᠬᠡᠬᠦ ᠳᠤ ᠶᠠᠷᠰᠢᠭ ᠲᠦᠪᠡᠭᠲᠡᠢ᠂ ᠠᠮᠠᠯᠠᠭᠰᠠᠨ ᠢᠶᠠᠨ ᠭᠦᠢᠴᠡᠳᠬᠡᠬᠦ ᠦᠭᠡᠢ᠂ | ᠰᠢᠨ᠎ᠡ ᠲᠤᠰᠢᠶᠠᠯᠲᠠᠨ ᠨᠢ ᠬᠠᠭᠤᠴᠢᠨ ᠳᠠᠩᠰᠠ ᠶᠢ ᠬᠠᠮᠢᠶᠠᠷᠬᠤ ᠦᠭᠡᠢ ᠵᠡᠷᠭᠡ ᠠᠰᠠᠭᠤᠳᠠᠯ ᠤᠳ ᠢ ᠦᠨᠡᠨ ᠪᠣᠳᠠᠲᠠᠢ | ᠰᠢᠢᠳᠪᠦᠷᠢᠯᠡᠵᠦ᠂ ᠦᠨᠡᠨᠴᠢ ᠢᠲᠡᠭᠡᠮᠵᠢᠲᠡᠢ ᠪᠠᠶᠢᠬᠤ ᠶᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ | ᠭᠤᠣᠯᠯᠠᠬᠤ ᠥᠷᠢᠰᠦᠯᠳᠦᠭᠡᠨ ᠤ ᠬᠦᠴᠦᠨ ᠪᠣᠯᠭᠠᠵᠤ᠂ ᠺᠠᠳ᠋ᠷ ᠪᠦᠬᠦᠨ ᠢ ᠦᠨᠡᠨᠴᠢ ᠢᠲᠡᠭᠡᠮᠵᠢ ᠶᠢ ᠡᠷᠬᠢᠮᠯᠡᠭᠰᠡᠨ ︽ | ᠣᠷᠣᠯᠠᠨ ᠥᠭᠦᠯᠡᠭᠴᠢ︾ ᠪᠣᠯᠭᠠᠨ᠎ᠠ᠃ | ︵ᠨᠠᠢᠮᠠ︶ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠢ ᠰᠠᠶᠢᠲᠤᠷ | ᠠᠳᠬᠤᠨ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠶᠡᠭᠡ ᠪᠠᠷ ᠥᠷᠭᠡᠳᠬᠡᠨ᠎ᠡ᠃ ᠭᠠᠳᠠᠭᠰᠢ ᠨᠡᠭᠡᠭᠡᠯᠲᠡ ᠬᠢᠭᠰᠡᠨ | ᠴᠤ ᠲᠡᠷᠡ᠂ ᠳᠣᠲᠣᠭᠠᠳᠤ ᠨᠡᠭᠡᠭᠡᠯᠲᠡ ᠬᠢᠭᠰᠡᠨ ᠴᠤ ᠲᠡᠷᠡ᠂ ᠴᠥᠮ ᠬᠤᠣᠰ ᠴᠢᠭᠯᠡᠯ ᠤᠨ ᠰᠣᠯᠢᠯᠴᠠᠭ᠎ᠠ | ᠬᠠᠮᠲᠤᠷᠠᠯᠴᠠᠭ᠎ᠠ ᠪᠠᠨ ᠴᠢᠩᠭᠠᠷᠠᠭᠤᠯᠵᠤ᠂ ᠮᠠᠨ ᠤ ᠣᠷᠣᠨ ᠤ ᠬᠠᠷᠢᠴᠠᠩᠭᠤᠢ ᠲᠤᠲᠠᠭᠳᠠᠵᠤ ᠪᠠᠶᠢᠭ᠎ᠠ ᠮᠡᠷᠭᠡᠵᠢᠯ᠂ | ᠴᠢᠳᠠᠪᠤᠷᠢᠲᠠᠨ᠂ ᠪᠡᠯᠡ ᠮᠥᠩᠭᠦ᠂ ᠠᠵᠤ ᠦᠢᠯᠡᠰ ᠢ ᠣᠷᠣᠭᠤᠯᠵᠤ ᠠᠪᠴᠢᠷᠠᠬᠤ ᠪᠠᠷ ᠪᠠᠷᠠᠬᠤ ᠦᠭᠡᠢ᠂ ᠮᠠᠨ ᠤ | ᠣᠷᠣᠨ ᠤ ᠳᠠᠪᠠᠭᠤᠯᠢᠭ ᠪᠣᠯᠬᠤ ᠪᠣᠬᠢᠷᠳᠤᠯ ᠦᠭᠡᠢ ᠴᠠᠬᠢᠯᠭᠠᠨ᠂ ᠪᠣᠬᠢᠷᠳᠤᠯ ᠦᠭᠡᠢ ᠪᠣᠳᠣᠬᠤ ᠴᠢᠳᠠᠪᠤᠷᠢ᠂ | ᠪᠣᠬᠢᠷᠲᠤᠯ ᠦᠭᠡᠢ ᠢᠳᠡᠭᠡᠨ ᠵᠢᠴᠢ ᠥᠪᠡᠷᠮᠢᠴᠡ ᠣᠨᠴᠠᠯᠢᠭ ᠲᠠᠢ ᠤᠮᠠᠷᠠᠲᠤ ᠬᠢᠯᠢ ᠶᠢᠨ ᠰᠣᠶᠣᠯ ᠢᠶᠠᠨ ᠭᠠᠳᠠᠭᠰᠢ | ᠭᠠᠷᠭᠠᠨ᠎ᠠ᠃ | ᠭᠠᠳᠠᠭᠰᠢ ᠪᠠᠨ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠶᠢ ᠥᠷᠭᠡᠳᠬᠡᠨ᠎ᠡ᠃ ᠣᠷᠣᠰ | ᠮᠣᠩᠭᠤᠯ ᠳᠤ ᠰᠠᠭᠤᠷᠢᠯᠠᠬᠤ ᠪᠣᠯᠪᠠᠴᠤ ᠣᠷᠣᠰ ᠮᠣᠩᠭᠤᠯ ᠳᠤ ᠯᠡ ᠬᠢᠵᠠᠭᠠᠷᠯᠠᠭᠳᠠᠬᠤ ᠦᠭᠡᠢ ᠪᠠᠶᠢᠵᠤ᠂ ᠴᠢᠯᠦᠭᠡᠲᠦ | ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠠᠵᠠ ᠳᠣᠬᠢᠶᠠᠯ ᠢ ᠠᠳᠬᠤᠨ᠂ ᠨᠡᠩ ᠥᠨᠳᠥᠷ ᠪᠠᠷᠢᠮᠵᠢᠶ᠎ᠠ ᠲᠠᠢ | ᠳᠦᠷᠢᠮ ᠤᠨ ᠬᠡᠯᠪᠡᠷᠢ ᠪᠦᠬᠦᠢ ᠨᠡᠭᠡᠭᠡᠯᠲᠡ ᠶᠢ ᠲᠦᠷᠭᠡᠳᠬᠡᠨ ᠠᠬᠢᠭᠤᠯᠵᠤ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠠᠶᠢᠭᠤᠯᠬᠤ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ | ᠪᠠᠶᠢᠭᠤᠯᠤᠯᠲᠠ ᠳᠤ ᠨᠡᠩ ᠭᠦᠨᠵᠡᠭᠡᠢ ᠣᠷᠣᠯᠴᠠᠨ᠂ ᠵᠡᠭᠦᠨ ᠬᠤᠶᠢᠲᠤ ᠠᠽᠢᠶ᠎ᠠ᠂ ᠲᠥᠪ ᠠᠽᠢᠶ᠎ᠠ᠂ ᠡᠸᠦ᠋ᠷᠦᠫᠡ ᠲᠢᠪ | ᠠᠮᠧᠷᠢᠺᠠ ᠲᠢᠪ᠂ ᠠᠦ᠋ᠰᠳ᠋ᠷᠠᠯᠢᠶ᠎ᠠ ᠰᠢᠨ᠎ᠡ ᠽᠢᠯᠠᠨᠳ᠋ ᠪᠠ ᠰᠢᠨ᠎ᠡ ᠪᠠᠷ ᠪᠣᠢ ᠪᠣᠯᠤᠭᠰᠠᠨ ᠠᠵᠤ ᠠᠬᠤᠢ ᠶᠢᠨ | ᠴᠣᠭᠴᠠ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ ᠥᠷᠭᠡᠳᠬᠡᠨ᠎ᠡ᠃ ᠭᠠᠳᠠᠭᠠᠳᠤ ᠠᠷᠠᠯᠵᠢᠶᠠᠨ ᠤ | ᠬᠡᠪᠴᠢᠶᠡᠵᠢᠯ ᠢ ᠪᠤᠵᠠᠭᠠᠶᠢᠷᠠᠭᠤᠯᠵᠤ᠂ ᠭᠠᠷ ᠳᠠᠮᠵᠢᠭᠰᠠᠨ ᠮᠠᠰᠢᠨ ᠲᠡᠷᠭᠡ᠂ ︽ᠰᠢᠨ᠎ᠡ ᠭᠤᠷᠪᠠᠨ ᠵᠦᠢᠯ︾᠂ | ᠵᠠᠪᠰᠠᠷ ᠤᠨ ᠪᠦᠲᠦᠭᠡᠭᠳᠡᠬᠦᠨ᠂ ᠲᠠᠷᠢᠶᠠᠯᠠᠩ ᠤᠨ ᠢᠳᠡᠭᠡᠨ ᠤ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ | ᠬᠡᠪᠴᠢᠶ᠎ᠡ ᠶᠢ ᠥᠷᠭᠡᠳᠬᠡᠨ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠠᠵᠤ ᠠᠬᠤᠶᠢᠯᠠᠯ ᠪᠠ ᠠᠵᠤ | ᠦᠢᠯᠡᠰ ᠤᠨ ᠬᠦᠷᠢᠶᠡᠯᠡᠩ ᠢ ᠨᠢᠭᠡ ᠪᠦᠯᠦᠭ ᠪᠤᠶᠢᠵᠢᠭᠤᠯᠵᠤ᠂ ᠭᠤᠣᠯᠳᠠᠯᠭ᠎ᠠ ᠪᠣᠯᠬᠤ ᠠᠷᠠᠯᠵᠢᠶᠠᠨ ᠤ ᠬᠠᠨᠢᠲᠠᠨ ᠤ | ᠭᠠᠳᠠᠭᠠᠳᠤ ᠬᠥᠮᠥᠷᠭᠡ ᠶᠢ ᠨᠢᠭᠡ ᠪᠦᠯᠦᠭ ᠪᠠᠶᠢᠷᠢᠰᠢᠭᠤᠯᠤᠨ᠂ ᠬᠦᠬᠡᠬᠤᠲᠠ᠂ ᠤᠯᠠᠭᠠᠨᠴᠠᠪ ᠤᠨ ᠳᠤᠮᠳᠠᠳᠤ | ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠲᠡᠷᠭᠡᠨ ᠤ ᠲᠥᠪᠯᠡᠷᠡᠭᠦᠯᠵᠦ ᠬᠤᠪᠢᠶᠠᠷᠢᠯᠠᠬᠤ ᠲᠥᠪ ᠤᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠡᠭᠡᠯᠵᠢ ᠶᠢᠨ ᠴᠤᠪᠤᠭ᠎ᠠ ᠲᠡᠷᠭᠡᠨ ᠤ ᠪᠠᠷᠠᠭᠠᠨ ᠤ ᠢᠷᠡᠯᠲᠡ ᠶᠢᠨ | ᠲᠥᠪᠯᠡᠷᠡᠭᠦᠯᠵᠦ ᠬᠤᠪᠢᠶᠠᠷᠢᠯᠠᠬᠤ ᠴᠢᠳᠠᠪᠤᠷᠢ ᠪᠠ ᠪᠤᠴᠠᠬᠤ ᠳᠤ ᠪᠠᠨ ᠳᠦᠭᠦᠷᠡᠩ ᠠᠴᠢᠶᠠᠯᠠᠬᠤ ᠨᠤᠷᠮ᠎ᠠ ᠶᠢ ᠨᠢ | ᠳᠡᠭᠡᠭᠰᠢᠯᠡᠭᠦᠯᠦᠨ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠢᠷᠡᠵᠦ ᠶᠠᠪᠤᠭᠰᠠᠨ ᠴᠤᠪᠤᠭ᠎ᠠ ᠲᠡᠷᠭᠡᠨ ᠤ ᠲᠤᠭ᠎ᠠ ᠶᠢ | 500 ᠠᠴᠠ ᠳᠠᠪᠠᠭᠤᠯᠵᠤ᠂ ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 1.3 | ᠳ᠋ᠦᠩᠰᠢᠭᠤᠷ ᠲᠣᠨ ᠠᠴᠠ ᠳᠠᠪᠠᠭᠤᠯᠵᠤ᠂ ᠭᠠᠳᠠᠭᠠᠳᠤ ᠠᠷᠠᠯᠵᠢᠶᠠᠨ ᠤ ᠣᠷᠣᠭᠤᠯᠵᠤ ᠭᠠᠷᠭᠠᠬᠤ ᠶᠡᠷᠦᠩᠬᠡᠢ ᠥᠷᠲᠡᠭ ᠢ | 2200 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ ᠮᠠᠨ ᠤ ᠣᠷᠣᠨ ᠳᠤ | ᠭᠠᠳᠠᠭᠠᠳᠤ ᠨᠡᠭᠡᠭᠡᠯᠲᠡ ᠶᠢᠨ ᠬᠢᠯᠢ ᠶᠢᠨ ᠪᠣᠭᠤᠮᠲᠠ 20 ᠪᠠᠶᠢᠨ᠎ᠠ᠂ ᠬᠢᠯᠢ ᠶᠢᠨ ᠪᠣᠭᠤᠮᠲᠠ ᠶᠢᠨ ᠴᠢᠳᠠᠮᠵᠢ ᠶᠢ | ᠬᠦᠴᠦᠯᠡᠨ ᠳᠡᠭᠡᠭᠰᠢᠯᠡᠭᠦᠯᠵᠦ᠂ ᠳᠤᠮᠳᠠᠳᠤ ᠮᠣᠩᠭᠤᠯ ᠤᠨ ᠡᠷᠢᠶᠡᠨ ᠬᠤᠲᠠ – ᠵᠠᠮ ᠤᠨ ᠡᠭᠦᠳᠡ ᠶᠢᠨ ᠠᠵᠤ | ᠠᠬᠤᠢ ᠶᠢᠨ ᠬᠠᠮᠲᠤᠷᠠᠯᠴᠠᠭᠠᠨ ᠤ ᠣᠷᠣᠨ ᠢ ᠰᠠᠶᠢᠲᠤᠷ ᠪᠦᠲᠦᠭᠡᠨ ᠪᠠᠶᠢᠭᠤᠯᠵᠤ᠂ ᠮᠠᠨᠵᠤᠤᠷ ᠲᠡᠮᠦᠷ ᠵᠠᠮ ᠤᠨ | ᠬᠢᠯᠢ ᠶᠢᠨ ᠪᠣᠭᠤᠮᠲᠠ ᠶᠢᠨ ᠨᠡᠮᠡᠨ ᠪᠠᠶᠢᠭᠤᠯᠬᠤ ᠪᠠᠷᠢᠮᠵᠢᠶᠠᠲᠤ ᠵᠠᠶᠢᠲᠠᠢ ᠲᠡᠮᠦᠷ ᠵᠠᠮ ᠤᠨ ᠬᠤᠶᠠᠳᠤᠭᠠᠷ ᠱᠤᠭᠤᠮ᠂ | ᠡᠷᠢᠶᠡᠨ ᠬᠤᠲᠠ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠬᠤᠶᠠᠳᠤᠭᠠᠷ ᠨᠡᠪᠲᠡᠷᠡᠯ ᠵᠠᠮ᠂ ᠮᠠᠨᠳᠤᠯ ᠬᠢᠯᠢ ᠶᠢᠨ | ᠪᠣᠭᠤᠮᠲᠠ ᠶᠢᠨ ᠨᠡᠪᠲᠡᠷᠡᠯ ᠵᠠᠮ ᠢ ᠥᠷᠭᠡᠳᠬᠡᠨ ᠪᠠᠶᠢᠭᠤᠯᠬᠤ᠂ ᠭᠠᠭᠴᠠᠮᠣᠳᠤ ᠬᠢᠯᠢ ᠶᠢᠨ ᠪᠣᠭᠤᠮᠲᠠ ᠶᠢᠨ ᠬᠢᠯᠢ | ᠠᠯᠤᠰᠯᠠᠭᠰᠠᠨ ᠲᠡᠮᠦᠷ ᠵᠠᠮ ᠤᠨ ᠶᠡᠭᠡ ᠬᠥᠭᠦᠷᠭᠡ ᠵᠡᠷᠭᠡ ᠭᠤᠣᠯᠳᠠᠯᠭ᠎ᠠ ᠪᠣᠯᠬᠤ ᠲᠥᠷᠥᠯ ᠵᠦᠢᠯ ᠢ ᠰᠠᠶᠢᠲᠤᠷ | ᠬᠡᠷᠡᠭᠵᠢᠭᠦᠯᠦᠨ᠂ ᠮᠠᠨᠵᠤᠤᠷ᠂ ᠡᠷᠢᠶᠡᠨ ᠬᠤᠲᠠ ᠶᠢᠨ ᠣᠶᠤᠨᠲᠤ ᠬᠢᠯᠢ ᠶᠢᠨ ᠪᠣᠭᠤᠮᠲᠠ ᠶᠢᠨ ᠲᠤᠷᠰᠢᠯᠲᠠ ᠶᠢᠨ | ᠴᠡᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠬᠢᠯᠢ ᠶᠢᠨ ᠪᠣᠭᠤᠮᠲᠠ ᠪᠠ ᠳᠣᠲᠣᠷ᠎ᠠ ᠭᠠᠵᠠᠷ | ᠬᠤᠯᠪᠤᠭᠠᠯᠠᠨ ᠬᠥᠳᠡᠯᠦᠯᠴᠡᠬᠦ᠂ ᠪᠣᠳᠠᠲᠠᠶᠢᠵᠢᠭᠤᠯᠤᠨ ᠤᠯᠠᠷᠢᠭᠤᠯᠬᠤ ᠪᠠᠨ ᠴᠢᠩᠭᠠᠷᠠᠭᠤᠯᠵᠤ᠂ ᠭᠠᠳᠠᠭᠠᠳᠤ ᠳᠤ | ᠭᠠᠷᠭᠠᠬᠤ ᠲᠠᠸᠠᠷ ᠤᠨ ᠳᠡᠭᠡᠳᠦ ᠬᠡᠯᠬᠢᠶᠡᠨ ᠤ ᠢᠷᠡᠯᠲᠡ ᠪᠠ ᠭᠠᠳᠠᠭᠠᠳᠤ ᠠᠴᠠ ᠣᠷᠣᠭᠤᠯᠬᠤ ᠲᠠᠸᠠᠷ ᠤᠨ ᠳᠣᠣᠷᠠᠳᠤ | ᠬᠡᠯᠬᠢᠶᠡᠨ ᠤ ᠬᠠᠨᠳᠤᠰᠢ ᠶᠢ ᠭᠦᠨᠵᠡᠭᠡᠢ ᠰᠤᠳᠤᠯᠤᠨ᠂ ᠬᠡᠦᠷᠡᠰᠦᠨ ᠨᠡᠭᠦᠷᠡᠰᠦ᠂ ᠲᠡᠮᠦᠷ ᠤᠨ ᠬᠦᠳᠡᠷ᠂ ᠠᠮᠤ ᠲᠣᠰᠣ᠂ | ᠺᠠᠯᠢᠲᠤ ᠪᠣᠷᠳᠣᠭᠤᠷ᠂ ᠮᠣᠳᠣᠨ ᠮᠠᠲ᠋ᠧᠷᠢᠶᠠᠯ᠂ ᠬᠠᠶᠢᠯᠤᠭᠤᠷ ᠵᠤᠩᠰᠢ᠂ ᠢᠮᠠᠭᠠᠨ ᠨᠣᠣᠯᠣᠭᠤᠷ ᠵᠡᠷᠭᠡ ᠶᠢ | ᠪᠣᠳᠠᠲᠠᠶᠢᠵᠢᠭᠤᠯᠵᠤ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ︽ᠭᠠᠷ | ᠳᠠᠮᠵᠢᠪᠠᠴᠤ ᠠᠰᠢᠭ ᠬᠦᠷᠲᠡᠬᠦ ᠦᠭᠡᠢ︾ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ ᠡᠯ᠎ᠡ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠣᠷᠣᠨ ᠨᠢ ᠲᠤᠰ ᠪᠡᠶ᠎ᠡ ᠶᠢᠨ ᠢᠶᠠᠨ ᠳᠤᠲᠠᠭᠤᠳᠠᠯ ᠢ ᠣᠨᠣᠪᠴᠢᠲᠠᠢ ᠡᠷᠢᠵᠦ᠂ ᠬᠠᠨᠳᠤᠯᠭᠠᠲᠤ | ᠴᠢᠨᠠᠷᠲᠠᠢ ᠳᠡᠭᠡᠭᠰᠢᠯᠡᠭᠦᠯᠬᠦ ᠲᠥᠰᠥᠯ ᠢ ᠲᠣᠭᠲᠠᠭᠠᠨ᠂ ᠪᠠᠶᠢᠷᠢ ᠪᠠᠨ ᠳᠡᠭᠡᠭᠰᠢᠯᠡᠭᠦᠯᠦᠨ ᠳᠡᠰ ᠳᠡᠪᠰᠢᠬᠦ ᠪᠠᠨ | ᠲᠦᠷᠭᠡᠳᠬᠡᠨ᠎ᠡ᠃ | ᠳᠣᠲᠣᠭᠠᠳᠤ ᠳᠤ ᠪᠠᠨ ᠣᠷᠣᠨ ᠪᠦᠰᠡ ᠶᠢᠨ ᠬᠤᠭᠤᠷᠤᠨᠳᠤᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ | ᠪᠡᠭᠡᠵᠢᠩ ᠲᠢᠶᠠᠨᠵᠢᠨ ᠾᠧᠪᠧᠢ᠂ ᠬᠦᠬᠡᠮᠦᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ | ᠲᠣᠮᠣ ᠪᠣᠯᠣᠩ ᠤᠨ ᠣᠷᠣᠨ ᠪᠠ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ ᠭᠠᠵᠠᠷ ᠣᠷᠣᠨ ᠲᠠᠢ | ᠬᠠᠮᠲᠤᠷᠠᠯᠴᠠᠬᠤ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ | ᠳᠠᠭᠠᠭᠠᠨ ᠵᠠᠯᠭᠠᠭᠤᠯᠵᠤ᠂ ᠡᠨᠧᠷᠬᠢ᠂ ᠡᠬᠢ ᠪᠠᠶᠠᠯᠢᠭ᠂ ᠪᠣᠳᠣᠬᠤ ᠴᠢᠳᠠᠪᠤᠷᠢ ᠵᠡᠷᠭᠡ ᠲᠠᠯ᠎ᠠ ᠪᠠᠷ ᠠᠵᠤ ᠠᠬᠤᠢ ᠶᠢᠨ | ᠲᠣᠮᠣ ᠮᠤᠵᠢ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ ᠣᠨᠴᠠᠭᠠᠶᠢᠯᠠᠨ ᠬᠥᠭᠵᠢᠭᠰᠡᠨ ᠭᠠᠵᠠᠷ ᠣᠷᠣᠨ ᠤ | ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢᠶᠠᠨ ᠤᠯᠠᠷᠢᠭᠤᠯᠬᠤ ᠳᠤ ᠡᠯᠪᠡᠭ ᠳᠡᠯᠪᠡᠭ | ᠬᠡᠷᠡᠭᠯᠡᠯᠲᠡ ᠶᠢᠨ ᠠᠬᠤᠢ ᠪᠠᠶᠢᠳᠠᠯ ᠬᠠᠩᠭᠠᠨ᠎ᠠ᠃ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠶᠢ ᠪᠦᠬᠦ | ᠲᠠᠯ᠎ᠠ ᠪᠠᠷ ᠥᠷᠭᠡᠳᠬᠡᠨ᠎ᠡ᠂ ︽ᠵᠢᠷᠭᠤᠭ᠎ᠠ ᠶᠢ ᠲᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠪᠠ ︽ᠳᠦᠷᠪᠡᠨ | ᠵᠦᠢᠯ ᠤᠨ ᠠᠵᠢᠯᠯᠠᠭᠠᠨ︾ ᠢ ᠥᠷᠭᠦᠯᠵᠢᠯᠡᠨ ᠥᠷᠨᠢᠭᠦᠯᠵᠦ᠂ ᠰᠢᠨ᠎ᠡ ᠬᠡᠯᠪᠡᠷᠢ ᠶᠢᠨ ᠡᠨᠧᠷᠬᠢ ᠨᠥᠭᠡᠴᠡᠯᠡᠬᠦ᠂ | ᠪᠣᠬᠢᠷᠲᠤᠯ ᠦᠭᠡᠢ ᠤᠰᠤᠳᠦ᠋ᠷᠦᠭᠴᠢ ᠪᠣᠬᠢᠷᠲᠤᠯ ᠦᠭᠡᠢ ᠰᠢᠪᠲᠦᠷ᠂ ᠪᠣᠬᠢᠷᠲᠤᠯ ᠦᠭᠡᠢ ᠪᠣᠳᠣᠬᠤ ᠴᠢᠳᠠᠪᠤᠷᠢ᠂ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠵᠡᠷᠭᠡ | ᠲᠠᠯ᠎ᠠ ᠳᠤ ᠨᠢᠭᠡ ᠪᠦᠯᠦᠭ ᠰᠢᠨ᠎ᠡ ᠦᠷ᠎ᠡ ᠪᠦᠲᠦᠭᠡᠯ ᠭᠠᠷᠭᠠᠨ᠎ᠠ᠃ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠳᠤ ᠪᠠᠨ ᠵᠥᠷᠢᠶᠡᠴᠢᠯᠡᠭᠰᠡᠨ ᠵᠣᠬᠢᠴᠠᠩᠭᠤᠢ | ᠬᠥᠭᠵᠢᠯᠲᠡ ᠶᠢ ᠪᠠᠷᠢᠮᠲᠠᠯᠠᠨ᠎ᠠ᠃ ᠵᠡᠭᠦᠨ ᠬᠡᠰᠡᠭ ᠤᠨ ᠲᠠᠪᠤᠨ ᠠᠶᠢᠮᠠᠭ ᠬᠤᠲᠠ ︽ᠰᠦᠷ ᠵᠢᠪᠬᠤᠭ᠎ᠠ ᠪᠠᠨ ᠳᠠᠬᠢᠨ | ᠪᠠᠳᠠᠷᠠᠭᠤᠯᠬᠤ︾ ᠠᠤᠭ᠎ᠠ ᠵᠣᠷᠢᠭ ᠢ ᠬᠥᠪᠴᠢᠯᠡᠵᠦ᠂ ᠰᠢᠨ᠎ᠡ ᠬᠥᠭᠵᠢᠯᠲᠡ ᠶᠢᠨ ᠳᠠᠪᠠᠭᠤᠯᠢᠭ ᠢ ᠬᠤᠯᠪᠤᠭᠠᠯᠠᠨ | ᠴᠣᠭᠴᠠᠯᠠᠨ᠎ᠠ᠃ ᠤᠯᠠᠭᠠᠨᠬᠠᠳᠠ᠂ ᠲᠦᠩᠯᠢᠶᠣᠣ ᠬᠤᠰᠢᠭᠤᠷᠠᠨ ᠠᠵᠢᠯᠯᠠᠵᠤ ᠪᠠᠶᠢᠭᠠᠳ ᠬᠥᠭᠵᠢᠨ ᠮᠠᠨᠳᠤᠯᠲᠠ ᠳᠤ ᠪᠠᠨ | ᠬᠤᠷᠳᠤ ᠨᠡᠮᠡᠵᠦ ᠲᠦᠷᠦᠭᠦᠯᠡᠨ ᠤᠷᠤᠭᠰᠢᠯᠠᠨ᠎ᠠ᠃ ᠬᠦᠬᠡᠬᠤᠲᠠ ᠪᠤᠭᠤᠲᠤ ᠣᠷᠳᠣᠰ ᠤᠯᠠᠭᠠᠨᠴᠠᠪ ᠪᠦᠬᠦ ᠣᠷᠣᠨ ᠤ | ᠴᠢᠨᠠᠷ ᠰᠠᠶᠢᠲᠠᠢ ᠬᠥᠭᠵᠢᠯᠲᠡ ᠶᠢᠨ ᠭᠤᠣᠯ ᠡᠭᠦᠷᠭᠡ ᠶᠢ ᠡᠭᠦᠷᠭᠡᠯᠡᠵᠦ᠂ ᠬᠤᠪᠢ ᠨᠡᠮᠡᠷᠢ ᠦᠵᠡᠭᠦᠯᠭᠦ ᠮᠥᠷᠲᠡᠭᠡᠨ | ᠣᠯᠠᠨ ᠲᠦᠮᠡᠨ ᠤ ᠴᠢᠨᠠᠷ ᠴᠢᠨᠰᠠᠭ᠎ᠠ ᠲᠠᠢ ᠠᠮᠢᠳᠤᠷᠠᠯ ᠪᠠ ᠨᠡᠶᠢᠭᠡᠮ ᠤᠨ ᠥᠨᠳᠥᠷ ᠬᠢᠷᠢ ᠲᠦᠪᠰᠢᠨ ᠪᠦᠬᠦᠢ | ᠵᠠᠰᠠᠯᠲᠠ ᠶᠢᠨ ᠲᠠᠯ᠎ᠠ ᠪᠠᠷ ᠲᠦᠷᠦᠭᠦᠨ ᠳᠤ ᠨᠢ ᠬᠤᠰᠢᠭᠤᠷᠠᠵᠤ ᠦᠯᠢᠭᠡᠷ ᠳᠠᠭᠤᠷᠢᠶᠠᠯ ᠪᠣᠯᠵᠤ᠂ ᠬᠦᠬᠡᠬᠤᠲᠠ | ᠪᠤᠭᠤᠲᠤ ᠣᠷᠳᠣᠰ ᠤᠯᠠᠭᠠᠨᠴᠠᠪ ᠢ ᠨᠢᠭᠡ ᠬᠤᠲᠠᠵᠢᠭᠤᠯᠬᠤ ᠪᠠᠷ ᠳᠠᠮᠵᠢᠭᠤᠯᠤᠨ ᠪᠦᠬᠦ ᠣᠷᠣᠨ ᠤ ᠬᠥᠭᠵᠢᠯᠲᠡ ᠶᠢ | ᠬᠥᠲᠥᠯᠥᠨ ᠳᠠᠶᠢᠴᠢᠯᠠᠬᠤ ᠭᠤᠣᠯ ᠬᠥᠳᠡᠯᠭᠡᠭᠦᠷ ᠢ ᠬᠦᠴᠦᠨ ᠬᠠᠮᠲᠤᠳᠬᠠᠨ ᠴᠣᠭᠴᠠᠯᠠᠨ᠎ᠠ᠃ ᠪᠠᠷᠠᠭᠤᠨ ᠬᠡᠰᠡᠭ ᠤᠨ | ᠭᠤᠷᠪᠠᠨ ᠠᠶᠢᠮᠠᠭ ᠬᠤᠲᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠪᠠᠨ ᠴᠢᠩᠭᠠᠳᠬᠠᠵᠤ᠂ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠰᠢᠨᠡᠳᠬᠡᠵᠦ ᠳᠡᠭᠡᠭᠰᠢᠯᠡᠭᠦᠯᠬᠦ ᠪᠠᠨ ᠲᠦᠷᠭᠡᠳᠬᠡᠵᠦ᠂ ᠵᠠᠯᠭᠠᠨ ᠠᠪᠴᠤ | ᠣᠷᠣᠯᠠᠭᠤᠯᠵᠤ ᠪᠣᠯᠬᠤ ᠠᠵᠤ ᠦᠢᠯᠡᠰ ᠢ ᠬᠠᠮᠲᠤ ᠪᠠᠷ ᠪᠤᠶᠢᠵᠢᠭᠤᠯᠤᠨ᠎ᠠ᠃ ᠦᠬᠠᠢ ᠵᠢᠴᠢ ᠡᠷᠭᠢᠨ ᠲᠣᠭᠤᠷᠢᠨ ᠤ | ᠭᠠᠵᠠᠷ ᠣᠷᠣᠨ ᠠᠭᠠᠷ ᠮᠠᠨᠳᠠᠯ ᠤᠨ ᠪᠣᠬᠢᠷᠲᠤᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ | ᠬᠤᠯᠪᠤᠭᠠᠯᠠᠨ ᠵᠠᠰᠠᠬᠤ ᠪᠠᠨ ᠴᠢᠩᠭᠠᠷᠠᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠲᠣᠭᠲᠠᠴᠠ ᠪᠠᠨ ᠲᠡᠭᠦᠯᠳᠡᠷᠵᠢᠭᠦᠯᠦᠨ᠂ ᠬᠥᠭᠵᠢᠯᠲᠡ ᠶᠢᠨ ᠪᠦᠬᠦᠯᠢ ᠴᠣᠭᠴᠠ ᠶᠢᠨ ᠬᠦᠴᠦᠨ | ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠪᠠᠶᠠᠨᠨᠠᠭᠤᠷ ᠨᠢ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠲᠠᠪᠴᠠᠩ ᠢ ᠰᠠᠶᠢᠲᠤᠷ ᠠᠰᠢᠭᠯᠠᠵᠤ᠂ ᠪᠣᠷᠣᠳᠣᠬᠤᠢ ᠶᠢᠨ | ᠤᠰᠤᠯᠠᠯᠲᠠ ᠶᠢᠨ ᠣᠷᠣᠨ ᠢ ᠨᠡᠷ᠎ᠡ ᠨᠢᠳᠡᠷ ᠲᠤ ᠪᠠᠨ ᠲᠡᠩᠴᠡᠭᠰᠡᠨ ︽ᠪᠣᠭᠤᠮᠲᠠ ᠶᠢᠨ ᠭᠠᠳᠠᠨᠠᠬᠢ ᠠᠮᠤ ᠶᠢᠨ ᠰᠠᠩ︾ | ᠪᠣᠯᠭᠠᠨ ᠪᠠᠶᠢᠭᠤᠯᠵᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠥᠨᠳᠦᠷᠯᠢᠭ ᠢ | ᠴᠣᠭᠴᠠᠯᠠᠨ᠎ᠠ᠃ | ︵ᠶᠢᠰᠦ︶ ᠡᠯᠡᠰᠦ ᠶᠢ ᠵᠠᠰᠠᠬᠤ ᠪᠠ ᠤᠰᠤ ᠠᠷᠪᠢᠯᠠᠬᠤ ᠪᠠᠷ ᠬᠥᠲᠥᠯᠥᠮᠵᠢ ᠪᠣᠯᠭᠠᠨ᠂ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ | ᠪᠣᠯ ᠪᠢᠳᠡᠨ ᠤ ᠪᠠᠲᠤ ᠴᠡᠭᠡᠵᠢᠯᠡᠭᠦᠰᠢᠲᠡᠢ ︽ᠤᠯᠤᠰ ᠤᠨ ᠶᠡᠭᠡ ᠶᠠᠪᠤᠳᠠᠯ︾ ᠪᠣᠯᠣᠨ᠎ᠠ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠨ᠂ ᠪᠦᠬᠦ ᠬᠦᠴᠦᠨ ᠵᠦᠢᠯ ᠪᠦᠬᠦ | ᠲᠠᠯ᠎ᠠ ᠶᠢᠨ ᠵᠠᠰᠠᠯᠲᠠ ᠶᠢᠨ ᠪᠠᠶᠢᠷᠢᠰᠢᠯ ᠢ ᠴᠣᠭᠴᠠᠯᠠᠵᠤ᠂ ᠥᠨᠳᠥᠷ ᠬᠢᠷᠢ ᠲᠦᠪᠰᠢᠨ ᠪᠦᠬᠦᠢ ᠬᠠᠮᠠᠭᠠᠯᠠᠯᠲᠠ ᠪᠠᠷ | ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠨ᠎ᠠ᠃ | ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠥᠷᠭᠦᠯᠵᠢᠯᠡᠨ ᠰᠠᠶᠢᠲᠤᠷ ᠬᠢᠨ᠎ᠡ᠃ ᠬᠠᠲᠤᠨ ᠭᠤᠣᠯ ᠤᠨ ︽ᠶᠡᠭᠡ ᠲᠣᠬᠤᠢ︾ ᠶᠢᠨ ᠡᠷᠭᠢ ᠳᠠᠭᠠᠤ ᠶᠢᠨ | ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠴᠢᠳᠦᠷᠯᠡᠬᠦ ᠤᠢ ᠶᠢᠨ ᠪᠦᠰᠡ ᠶᠢ ᠪᠦᠬᠦ ᠱᠤᠭᠤᠮ ᠢᠶᠠᠷ ᠨᠡᠪᠲᠡᠷᠡᠭᠦᠯᠬᠦ ᠶᠢ | ᠠᠬᠢᠭᠤᠯᠤᠨ᠂ ᠪᠠᠳᠠᠢ ᠶᠢᠨ ᠵᠢᠷᠠᠨ᠂ ᠲᠡᠭᠷᠢ ᠡᠯᠡᠰᠦ ᠶᠢᠨ ᠵᠠᠬ᠎ᠠ ᠶᠢ ᠴᠢᠳᠦᠷᠯᠡᠬᠦ ᠣᠢ ᠶᠢᠨ ᠪᠦᠰᠡ ᠶᠢᠨ ︽ᠠᠮᠠ | ᠰᠡᠭᠡᠷ ᠵᠣᠯᠭᠠᠬᠤ︾ ᠶᠢ ᠪᠡᠶᠡᠯᠡᠭᠦᠯᠵᠦ᠂ 2000 ᠭᠠᠷᠤᠢ ᠲᠦᠮᠡᠨ ᠮᠦ ᠡᠯᠡᠰᠦ ᠶᠢ ᠵᠠᠰᠠᠵᠤ᠂ ᠡᠯᠡᠰᠦᠨ ᠴᠦᠯ ᠢ | ᠰᠤᠨᠳᠠᠯᠠᠭᠰᠠᠨ ᠵᠠᠰᠠᠮᠠᠯ ᠵᠠᠮ ᠢ 2500 ᠺᠢᠯᠣᠮᠧᠳ᠋ᠷ ᠪᠦᠲᠦᠭᠡᠨ ᠪᠠᠶᠢᠭᠤᠯᠤᠨ᠎ᠠ᠃ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠭᠰᠠᠨ | ᠢᠨᠵᠧᠨᠧᠷᠢᠩ ᠢ ᠥᠷᠭᠦᠯᠵᠢᠯᠡᠨ ᠠᠬᠢᠭᠤᠯᠵᠤ᠂ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠶᠢ 1500 ᠲᠦᠮᠡᠨ | ᠺᠢᠯᠣᠸᠠᠲ ᠰᠢᠨ᠎ᠡ ᠪᠠᠷ ᠪᠠᠶᠢᠭᠤᠯᠤᠨ᠂ 140 ᠲᠦᠮᠡᠨ ᠮᠦ ᠡᠯᠡᠰᠦ ᠶᠢ ᠵᠠᠰᠠᠵᠤ᠂ ︽ᠭᠡᠷᠡᠯᠴᠢ ᠴᠡᠨᠡᠭ ᠤᠨ ᠤᠷᠲᠤ | ᠴᠠᠭᠠᠨ ᠬᠡᠷᠡᠮ︾ ᠤᠨ ᠪᠦᠲᠦᠭᠡᠨ ᠪᠠᠶᠢᠭᠤᠯᠤᠯᠲᠠ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠬᠤ ᠶᠢ | ᠠᠬᠢᠭᠤᠯᠤᠨ᠎ᠠ᠃ | ᠤᠰᠤ ᠠᠷᠪᠢᠯᠠᠬᠤ ᠠᠵᠢᠯᠯᠠᠭᠠᠨ ᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ᠃ ᠮᠠᠨ ᠤ ᠣᠷᠣᠨ ᠨᠢᠭᠡ | ᠲᠠᠯ᠎ᠠ ᠪᠠᠷ ᠤᠰᠤ ᠲᠤᠲᠠᠭᠳᠠᠵᠤ᠂ ᠨᠦᠬᠦᠬᠡ ᠲᠠᠯ᠎ᠠ ᠪᠠᠷ ᠤᠰᠤ ᠬᠡᠷᠡᠭᠯᠡᠬᠦ ᠠᠷᠭ᠎ᠠ ᠮᠠᠶ᠋ᠢᠭ ᠪᠦᠳᠦᠭᠦᠯᠢᠭ | ᠪᠠᠶᠢᠳᠠᠭ ᠠᠴᠠ ᠤᠰᠤ ᠠᠷᠪᠢᠯᠠᠬᠤ ᠶᠢ ᠰᠠᠶᠢᠲᠤᠷ ᠠᠳᠬᠤᠬᠤ ᠠᠵᠢᠯ ᠢ ᠣᠨᠨᠲᠤ ᠠᠯᠭᠤᠷᠯᠠᠵᠤ ᠪᠣᠯᠬᠤ ᠦᠭᠡᠢ᠃ | ᠲᠠᠷᠢᠶᠠᠯᠠᠩ ᠤᠨ ᠬᠦᠷᠢᠶ᠎ᠡ ᠴᠠᠷᠠᠭᠠᠨ ᠳᠠᠬᠢ ᠵᠠᠩᠭᠢᠯᠠᠭ᠎ᠠ ᠪᠣᠯ ᠥᠨᠳᠥᠷ ᠪᠦᠲᠦᠮᠵᠢᠲᠡᠢ ᠤᠰᠤ ᠠᠷᠪᠢᠯᠠᠬᠤ | ᠤᠰᠤᠯᠠᠯᠲᠠ ᠶᠢ ᠰᠠᠶᠢᠲᠤᠷ ᠠᠳᠬᠤᠬᠤ ᠶᠠᠪᠤᠳᠠᠯ ᠪᠣᠯᠣᠨ᠎ᠠ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠥᠨᠳᠥᠷ ᠪᠦᠲᠦᠮᠵᠢᠲᠡᠢ ᠤᠰᠤ ᠠᠷᠪᠢᠯᠠᠬᠤ | ᠤᠰᠤᠯᠠᠯᠲᠠ ᠶᠢᠨ ᠲᠠᠯᠠᠪᠠᠢ ᠶᠢ 200 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠤᠰᠤ ᠠᠷᠪᠢᠯᠠᠵᠤ ᠠᠮᠤ | ᠪᠤᠳᠠᠭᠠᠨ ᠤ ᠤᠨᠠᠯᠲᠠ ᠪᠠᠨ ᠨᠡᠮᠡᠭᠳᠡᠭᠦᠯᠬᠦ ᠶᠢ ᠠᠬᠢᠭᠤᠯᠬᠤ ᠰᠢᠶᠠᠨ ᠢ 20 ᠡᠭᠦᠳᠦᠨ ᠪᠠᠶᠢᠭᠤᠯᠵᠤ᠂ ᠤᠰᠤ ᠠᠷᠪᠢᠯᠠᠬᠤ | ᠬᠡᠮᠵᠢᠶ᠎ᠡ ᠶᠢ 2.7 ᠳ᠋ᠦᠩᠰᠢᠭᠤᠷ ᠺᠦᠪ ᠮᠧᠳ᠋ᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠬᠦᠴᠦᠯᠡᠨ | ᠴᠢᠷᠮᠠᠶᠢᠨ᠎ᠠ᠃ ᠠᠵᠤ ᠦᠢᠯᠡᠳᠪᠦᠷᠢ ᠶᠢᠨ ᠬᠦᠷᠢᠶ᠎ᠡ ᠴᠠᠷᠠᠭᠠᠨ ᠳᠤ ᠤᠰᠤ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ ᠶᠢ ᠳᠣᠪᠦ᠋ᠢᠯᠭᠠᠨᠠ᠂ ᠨᠡᠭᠡᠭᠡᠯᠲᠡ ᠶᠢᠨ ᠲᠣᠭᠤᠷᠢᠭ ᠪᠦᠬᠦᠨ ᠳᠤ ᠲᠡᠷᠢᠭᠦᠨ ᠤ ᠤᠰᠤ ᠠᠷᠪᠢᠯᠠᠬᠤ | ᠮᠡᠷᠭᠡᠵᠢᠯ ᠢ ᠶᠡᠭᠡ ᠪᠠᠷ ᠳᠡᠯᠭᠡᠷᠡᠭᠦᠯᠦᠨ᠂ ᠰᠢᠨ᠎ᠡ ᠪᠠᠷ ᠲᠣᠬᠢᠷᠠᠭᠤᠯᠤᠭᠰᠠᠨ ᠲᠥᠷᠥᠯ ᠵᠦᠢᠯ ᠤᠨ ᠣᠰᠣᠨ ᠤ | ᠠᠰᠢᠭᠯᠠᠮᠵᠢ ᠶᠢ ᠤᠯᠤᠰ ᠤᠨ ᠠᠵᠢᠯ ᠲᠥᠷᠥᠯ ᠤᠨ ᠤᠰᠤ ᠬᠡᠷᠡᠭᠯᠡᠬᠦ ᠲᠡᠷᠢᠭᠦᠨ ᠤ ᠬᠡᠮᠵᠢᠭᠳᠡᠯ ᠠᠴᠠ ᠳᠣᠣᠷ᠎ᠠ ᠦᠭᠡᠢ | ᠪᠠᠶᠢᠯᠭᠠᠵᠤ᠂ ᠲᠦᠮᠡᠨ ᠲᠥᠭᠦᠷᠢᠭ ᠤᠨ GDP ᠲᠤ ᠬᠡᠷᠡᠭᠯᠡᠬᠦ ᠣᠰᠣᠨ ᠤ ᠬᠡᠮᠵᠢᠶ᠎ᠡ᠂ ᠲᠦᠮᠡᠨ ᠲᠥᠭᠦᠷᠢᠭ ᠤᠨ | ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠲᠤ ᠬᠡᠷᠡᠭᠯᠡᠬᠦ ᠤᠰᠤᠨ ᠤ ᠬᠡᠮᠵᠢᠶᠡᠨ ᠤ ᠲᠠᠯ᠎ᠠ ᠪᠠᠷ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠠᠬᠢ ᠬᠢᠵᠠᠭᠠᠷᠯᠠᠬᠤ ᠬᠠᠷᠠᠯᠲᠠ ᠪᠠᠨ ᠪᠡᠶᠡᠯᠡᠭᠦᠯᠬᠦ ᠶᠢ ᠦᠨᠡᠨ | ᠬᠦ ᠪᠠᠲᠤᠯᠠᠨ᠎ᠠ᠃ ᠠᠮᠢᠳᠤᠷᠠᠯ ᠳᠤ ᠬᠡᠷᠡᠭᠯᠡᠬᠦ ᠤᠰᠤ ᠶᠢ ᠠᠷᠪᠢᠯᠠᠬᠤ ᠳᠤ ᠨᠠᠷᠢᠨ ᠨᠢᠮᠪᠠᠢ ᠪᠣᠳᠣᠵᠦ ᠲᠥᠯᠥᠪᠯᠡᠨ᠎ᠡ᠂ | ᠬᠤᠲᠠ ᠶᠢᠨ ᠤᠰᠤ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠢ ᠥᠷᠨᠢᠭᠦᠯᠵᠦ᠂ ᠨᠢᠭᠡ ᠪᠦᠯᠦᠭ ᠤᠰᠤ | ᠠᠷᠪᠢᠯᠠᠬᠤ ᠪᠡᠯᠡᠳᠬᠡᠮᠵᠢ ᠶᠢ ᠥᠭᠡᠷᠡᠴᠢᠯᠡᠨ ᠰᠢᠨᠡᠳᠬᠡᠵᠦ ᠪᠠᠶᠢᠭᠤᠯᠤᠨ᠂ ᠤᠰᠤ ᠠᠷᠪᠢᠯᠠᠬᠤ ᠬᠠᠮᠢᠶᠠᠷᠤᠯᠲᠠ ᠶᠢᠨ | ᠣᠶᠤᠨᠴᠢ ᠲᠠᠪᠴᠠᠩ ᠢ ᠴᠣᠭᠴᠠᠯᠠᠵᠤ᠂ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ | ᠭᠤᠤᠷᠰᠤ ᠶᠢᠨ ᠲᠣᠣᠷ ᠤᠨ ᠯᠡᠪᠡᠷᠡᠵᠦ ᠡᠪᠳᠡᠷᠡᠬᠦ ᠨᠤᠷᠮ᠎ᠠ ᠶᠢ ᠲᠦᠷᠭᠡᠬᠡᠨ ᠳᠣᠷᠣᠭᠰᠢᠯᠠᠭᠤᠯᠵᠤ᠂ ᠲᠠᠷᠢᠶᠠᠯᠠᠬᠤ | ᠮᠠᠯᠵᠢᠬᠤ ᠣᠷᠣᠨ ᠤ ᠤᠰᠤ ᠬᠠᠩᠭᠠᠬᠤ ᠢᠨᠵᠧᠨᠧᠷᠢᠩ ᠤᠨ ᠬᠡᠮᠵᠢᠶᠡᠯᠡᠨ ᠪᠣᠳᠣᠬᠤ ᠨᠤᠷᠮ᠎ᠠ ᠶᠢ ᠲᠦᠷᠭᠡᠬᠡᠨ | ᠳᠡᠭᠡᠭᠰᠢᠯᠡᠭᠦᠯᠦᠨ᠎ᠡ᠃ ᠪᠠᠶᠢᠩᠭᠤ ᠶᠢᠨ ᠪᠤᠰᠤ ᠤᠰᠤ ᠶᠢ ᠰᠠᠶᠢᠲᠤᠷ ᠠᠰᠢᠭᠯᠠᠬᠤ ᠨᠢ ᠴᠦ ᠤᠰᠤ ᠠᠷᠪᠢᠯᠠᠵᠤ ᠪᠠᠶᠢᠭ᠎ᠠ | ᠶᠠᠪᠤᠳᠠᠯ ᠪᠣᠯᠣᠨ᠎ᠠ᠂ ᠳᠠᠬᠢᠯᠲᠠ ᠤᠰᠤ ᠶᠢ ᠠᠰᠢᠭᠯᠠᠬᠤ ᠠᠵᠢᠯᠯᠠᠭᠠᠨ ᠢ ᠬᠡᠷᠡᠭᠵᠢᠭᠦᠯᠵᠦ᠂ ᠬᠠᠲᠤᠨ ᠭᠤᠣᠯ ᠤᠨ ᠰᠠᠪᠠ | ᠭᠠᠵᠠᠷ ᠤᠨ ᠳᠠᠬᠢᠯᠲᠠ ᠤᠰᠤᠨ ᠤ ᠠᠰᠢᠭᠯᠠᠮᠵᠢ ᠶᠢ 60% ᠠᠴᠠ ᠳᠡᠭᠡᠭᠰᠢ ᠳᠤ ᠬᠦᠷᠦᠭᠦᠯᠵᠦ᠂ ᠠᠭᠤᠷᠬᠠᠢ ᠶᠢᠨ | ᠬᠤᠳᠳᠤᠭ ᠤᠨ ᠰᠢᠪᠬᠠᠷᠤᠤ ᠶᠢᠨ ᠠᠰᠢᠭᠯᠠᠮᠵᠢ ᠶᠢ 70% ᠠᠴᠠ ᠳᠡᠭᠡᠭᠰᠢ ᠳᠤ ᠬᠦᠷᠦᠭᠦᠯᠬᠦ ᠪᠠᠷ ᠬᠦᠴᠦᠯᠡᠨ | ᠴᠢᠷᠮᠠᠶᠢᠨ᠎ᠠ᠃ | ᠴᠡᠯᠮᠡᠭ ᠲᠡᠭᠷᠢ ᠲᠤᠩᠭᠠᠯᠠᠭ ᠤᠰᠤ ᠴᠡᠪᠡᠷ ᠬᠥᠷᠥᠰᠥᠨ ᠤ ᠬᠠᠮᠠᠭᠠᠯᠠᠯᠲᠠ ᠶᠢᠨ ᠳᠠᠶᠢᠯᠠᠯᠳᠤᠭᠠᠨ ᠢ | ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ᠥᠪᠡᠷᠲᠡᠭᠡᠨ ᠵᠠᠰᠠᠬᠤ ᠣᠷᠣᠨ ᠤ | ᠬᠠᠲᠤᠨ ᠭᠤᠣᠯ ᠤᠨ ᠰᠠᠪᠠ ᠭᠠᠵᠠᠷ ᠤᠨ ᠲᠤᠰᠬᠠᠢ ᠰᠢᠮᠳᠠᠭᠤᠯᠤᠨ ᠪᠠᠶᠢᠴᠠᠭᠠᠯᠲᠠ ᠶᠢ ᠰᠤᠯᠠᠷᠠᠭᠤᠯᠤᠯ ᠦᠭᠡᠢ ᠴᠢᠩᠭ᠎ᠠ | ᠠᠩᠬᠠᠷᠴᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠥᠷᠭᠦᠯᠵᠢᠯᠡᠨ ᠬᠦᠴᠦᠯᠡᠨ ᠠᠳᠬᠤᠵᠤ᠂ ᠠᠳᠠᠯᠢ | ᠲᠥᠷᠥᠯ ᠤᠨ ᠠᠰᠠᠭᠤᠳᠠᠯ ᠳᠠᠪᠲᠠᠨ ᠢᠯᠡᠷᠡᠬᠦ ᠶᠢ ᠡᠷᠡᠰ ᠬᠤᠷᠢᠭᠯᠠᠨ᠎ᠠ᠃ ᠬᠦᠬᠡᠬᠤᠲᠠ ᠪᠤᠭᠤᠲᠤ ᠣᠷᠳᠣᠰ᠂ ᠦᠬᠠᠢ | ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠶᠠᠨ | ᠭᠦᠨᠵᠡᠭᠡᠶᠢᠷᠡᠭᠦᠯᠵᠦ᠂ ᠬᠦᠨᠳᠦ ᠪᠣᠬᠢᠷᠲᠤᠭᠰᠠᠨ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠵᠤ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠤᠨ᠂ ᠭᠤᠣᠯᠳᠠᠯᠭ᠎ᠠ ᠪᠣᠯᠬᠤ ᠠᠵᠢᠯ ᠲᠥᠷᠥᠯ ᠤᠨ ᠪᠣᠬᠢᠷᠲᠤᠯ ᠤᠨ | ᠭᠦᠨᠵᠡᠭᠡᠢ ᠵᠠᠰᠠᠯᠲᠠ ᠶᠢ ᠠᠬᠢᠭᠤᠯᠤᠨ᠎ᠠ᠃ ᠭᠤᠣᠯ ᠮᠥᠷᠡᠨ ᠨᠠᠭᠤᠷ ᠪᠦᠷᠢᠳᠦ ᠤᠰᠤᠨ ᠴᠦᠬᠦᠷᠦᠮ ᠤᠨ ︽ᠳᠤᠷ᠎ᠠ ᠪᠠᠷ | ᠦᠢᠯᠡᠳᠬᠦ ᠳᠥᠷᠪᠡ ᠶᠢ ᠴᠡᠪᠡᠷᠯᠡᠬᠦ︾ ᠦᠷ᠎ᠡ ᠪᠦᠲᠦᠭᠡᠯ ᠢ ᠪᠠᠬᠢᠵᠢᠭᠦᠯᠦᠨ᠂ ︽ᠬᠥᠯᠥᠨ ᠨᠠᠭᠤᠷ ᠲᠠᠭ᠎ᠠ ᠶᠢᠨ ᠨᠠᠭᠤᠷ | ᠤᠯᠠᠭᠠᠨᠰᠤᠬᠠᠢ ᠨᠠᠭᠤᠷ︾ ᠵᠢᠴᠢ ᠴᠠᠭᠠᠨᠨᠠᠭᠤᠷ ᠤᠨ ᠬᠠᠮᠠᠭᠠᠯᠠᠯᠲᠠ ᠵᠠᠰᠠᠯᠲᠠ ᠪᠠᠨ ᠴᠢᠩᠭᠠᠳᠬᠠᠵᠤ᠂ ᠬᠠᠲᠤᠨ | ᠭᠤᠣᠯ ᠤᠨ ᠥᠪᠥᠷ ᠮᠣᠩᠭᠤᠯ ᠤᠨ ᠬᠡᠰᠡᠭ ᠲᠠᠬᠢ ᠭᠤᠣᠯ ᠤᠨ ᠵᠠᠮ ᠤᠨ ᠵᠠᠰᠠᠯᠲᠠ ᠶᠢᠨ ᠢᠨᠵᠧᠨᠧᠷᠢᠩ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠵᠤ᠂ ᠦᠬᠠᠢ ᠨᠠᠭᠤᠷ ᠤᠨ ᠴᠦᠬᠦᠷᠦᠮ ᠤᠨ ᠣᠷᠣᠨ ᠤ ᠨᠥᠯᠥᠮᠡᠯ ᠰᠢᠪᠠᠷ ᠢ | ᠠᠷᠢᠯᠭᠠᠨ ᠴᠡᠪᠡᠷᠯᠡᠬᠦ ᠵᠢᠴᠢ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠬᠦ ᠶᠢ ᠨᠢᠭᠡ ᠴᠣᠭᠴᠠᠵᠢᠭᠤᠯᠤᠨ | ᠵᠠᠰᠠᠬᠤ ᠠᠵᠢᠯ ᠢ ᠲᠤᠷᠰᠢᠨ ᠠᠬᠢᠭᠤᠯᠵᠤ᠂ ᠪᠠᠷᠠᠭᠤᠨ ᠯᠢᠶᠣᠣ ᠾᠧ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠰᠡᠷᠭᠦᠯᠲᠡ ᠶᠢ ᠠᠬᠢᠭᠤᠯᠤᠨ᠎ᠠ᠃ ᠪᠣᠬᠢᠷᠲᠤᠯ ᠪᠣᠳᠠᠰ ᠭᠠᠳᠠᠭᠰᠢᠯᠠᠭᠤᠯᠬᠤ ᠭᠤᠣᠯᠳᠠᠯᠭᠠᠲᠤ ᠨᠢᠭᠡᠴᠢ ᠶᠢᠨ | ᠬᠥᠷᠥᠰᠥ ᠰᠢᠷᠣᠢ ᠶᠢᠨ ᠪᠣᠬᠢᠷᠲᠤᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ | ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ︾ ᠠᠵᠢᠯᠯᠠᠭᠠᠨ ᠢ ᠥᠷᠭᠦᠯᠵᠢᠯᠡᠨ ᠥᠷᠨᠢᠭᠦᠯᠵᠦ᠂ ᠬᠤᠵᠢᠷᠯᠢᠭ | ᠭᠠᠵᠠᠷ ᠢ ᠰᠠᠶᠢᠵᠢᠷᠠᠭᠤᠯᠤᠨ ᠠᠰᠢᠭᠯᠠᠬᠤ ᠪᠠᠨ ᠴᠢᠩᠭᠠᠳᠬᠠᠨ᠎ᠠ᠃ | ᠡᠨᠧᠷᠬᠢ ᠠᠷᠪᠢᠯᠠᠨ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠤᠨ ᠪᠣᠬᠢᠷᠳᠤᠯ | ᠦᠭᠡᠢ ᠬᠥᠭᠵᠢᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶ᠎ᠡ ᠴᠠᠷᠠᠭᠠᠨ ᠳᠠᠬᠢ ᠡᠨᠧᠷᠬᠢ ᠠᠷᠪᠢᠯᠠᠬᠤ | ᠮᠡᠷᠭᠡᠵᠢᠯ ᠢ ᠳᠡᠯᠭᠡᠷᠡᠭᠦᠯᠵᠦ ᠬᠡᠷᠡᠭᠯᠡᠬᠦ ᠪᠠᠨ ᠲᠦᠷᠭᠡᠳᠬᠡᠵᠦ᠂ ᠪᠦᠬᠦ ᠤᠯᠤᠰ ᠤᠨ ᠨᠡᠭᠦᠷᠡᠰᠦᠳᠦ᠋ᠷᠦᠭᠴᠢ ᠶᠢᠨ ᠵᠠᠬ᠎ᠠ | ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠨᠡᠭᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠲᠠ ᠶᠢᠨ ︽ᠬᠤᠶᠠᠷ ᠢ ᠬᠢᠵᠠᠭᠠᠷᠯᠠᠬᠤ︾ ᠳᠤ ᠵᠣᠬᠢᠴᠠᠭᠰᠠᠨ ᠲᠦᠷᠦ ᠶᠢᠨ ᠪᠣᠳᠣᠯᠭ᠎ᠠ ᠶᠢᠨ | ᠲᠣᠭᠲᠠᠯᠴᠠᠭ᠎ᠠ ᠶᠢ ᠪᠠᠶᠢᠭᠤᠯᠤᠨ᠂ 2.0 ᠪᠠᠷᠯᠠᠯ ᠤᠨ ᠳᠡᠭ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠣᠢ ᠰᠢᠭᠤᠢ ᠨᠤᠲᠤᠭ ᠪᠡᠯᠴᠢᠭᠡᠷ ᠤᠨ ᠨᠡᠭᠦᠷᠡᠰᠦᠳᠦ᠋ᠷᠦᠭᠴᠢ ᠶᠢᠨ | ᠬᠤᠷᠠᠮᠠᠯ ᠢ ᠨᠡᠭᠡᠭᠡᠨ ᠬᠥᠭᠵᠢᠭᠦᠯᠵᠦ ᠠᠷᠠᠯᠵᠢᠶᠠᠯᠠᠬᠤ ᠬᠡᠪᠴᠢᠶᠡᠵᠢᠯ ᠢ ᠥᠷᠭᠡᠳᠬᠡᠨ᠎ᠡ᠃ ᠡᠬᠢ ᠪᠠᠶᠠᠯᠢᠭ ᠢ | ᠣᠷᠴᠢᠯᠳᠤᠭᠤᠯᠤᠨ ᠠᠰᠢᠭᠯᠠᠬᠤ ᠪᠠᠨ ᠴᠢᠩᠭᠠᠳᠬᠠᠨ᠎ᠠ᠂ ᠮᠠᠨ ᠤ ᠣᠷᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯᠴᠢ | ᠴᠡᠨᠡᠭ ᠤᠨ ᠲᠥᠬᠦᠭᠡᠷᠦᠮᠵᠢ ᠤᠳᠠᠯ ᠦᠭᠡᠢ ︽ᠬᠡᠷᠡᠭᠴᠡᠭᠡᠨ ᠠᠴᠠ ᠭᠠᠷᠬᠤ ᠥᠷᠨᠢᠯ︾ ᠢ ᠤᠭᠲᠤᠬᠤ ᠪᠣᠯᠣᠨ᠎ᠠ᠂ | ᠡᠭᠡᠭᠦᠯᠦᠨ ᠬᠤᠷᠢᠶᠠᠵᠤ ᠠᠰᠢᠭᠯᠠᠬᠤ ᠠᠵᠢᠯ ᠢ ᠥᠨᠳᠥᠷ ᠪᠦᠲᠦᠮᠵᠢᠲᠡᠢ ᠰᠠᠶᠢᠲᠤᠷ ᠬᠢᠵᠦ᠂ ᠪᠤᠭᠤᠲᠤ ᠶᠢᠨ ᠰᠠᠯᠬᠢᠨ | ᠬᠦᠴᠦᠨ ᠤ ᠴᠠᠬᠢᠯᠭᠠᠨ ᠤ ᠬᠡᠷᠡᠭᠴᠡᠭᠡᠨ ᠠᠴᠠ ᠭᠠᠷᠤᠭᠰᠠᠨ ᠲᠣᠨᠤᠭ ᠲᠥᠬᠦᠭᠡᠷᠦᠮᠵᠢ ᠶᠢ ᠡᠬᠢ ᠪᠠᠶᠠᠯᠢᠭᠵᠢᠭᠤᠯᠤᠨ | ᠳᠠᠬᠢᠨᠲᠠ ᠠᠰᠢᠭᠯᠠᠬᠤ ᠵᠢᠱᠢᠶ᠎ᠡ ᠦᠵᠡᠭᠦᠯᠬᠦ ᠲᠣᠭᠤᠷᠢᠭ᠂ ᠣᠷᠳᠣᠰ ᠤᠨ ᠳᠡᠭᠡᠳᠦ ᠬᠥᠩᠭᠡᠨᠴᠠᠭᠠᠨᠲᠤ ᠨᠤᠨᠳᠠᠭ | ᠨᠡᠭᠦᠷᠡᠰᠦᠨ ᠤ ᠦᠨᠡᠰᠦ ᠪᠠ ᠳᠠᠬᠢᠯᠲᠠ ᠬᠥᠩᠭᠡᠨᠴᠠᠭᠠᠨ ᠤ ᠡᠬᠢ ᠪᠠᠶᠠᠯᠢᠭ ᠢ ᠠᠰᠢᠭᠯᠠᠬᠤ ᠰᠠᠭᠤᠷᠢᠨ ᠭᠠᠵᠠᠷ᠂ | ᠰᠢᠯᠢ ᠶᠢᠨ ᠭᠤᠣᠯ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠢ ᠶᠡᠷᠦᠩᠬᠡᠶᠢᠯᠡᠨ ᠠᠰᠢᠭᠯᠠᠬᠤ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠦ᠂ ᠣᠯᠠᠨ ᠬᠦᠷᠢᠶ᠎ᠡ ᠴᠠᠷᠠᠭᠠᠨ ᠳᠤ ︽ᠬᠠᠶᠠᠭᠳᠠᠮᠠᠯ ᠢ | ᠬᠤᠪᠣᠷ ᠡᠷᠳᠡᠨᠢ ᠪᠤᠯᠭᠠᠬᠤ︾ ᠶᠢ ᠪᠡᠶᠡᠯᠡᠭᠦᠯᠦᠨ᠎ᠡ᠃ | ︵ᠠᠷᠪᠠ︶ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠢ ᠬᠡᠷᠡᠭᠵᠢᠭᠦᠯᠬᠦ ᠪᠠᠷ ᠭᠤᠣᠯᠳᠠᠯᠭ᠎ᠠ | ᠪᠣᠯᠭᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠨ᠎ᠡ᠃ ᠨᠢᠳᠤᠨᠤᠨ ᠮᠠᠨ ᠤ ᠣᠷᠣᠨ ᠤ | ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠴᠥᠮ ᠪᠦᠬᠦ ᠤᠯᠤᠰ ᠤᠨ ᠳᠤᠮᠳᠠᠴᠢ ᠬᠢᠷᠢ | ᠲᠦᠪᠰᠢᠨ ᠳᠤ ᠬᠦᠷᠦᠭᠰᠡᠨ ᠪᠤᠶᠤ ᠲᠡᠭᠦᠨ ᠠᠴᠠ ᠳᠠᠪᠠᠵᠤ᠂ ᠡᠨᠡ ᠵᠢᠯ ᠬᠡᠳᠦᠢ ᠬᠦᠴᠢᠷ ᠪᠠᠶᠢᠭᠰᠠᠨ ᠴᠦ | ᠪᠠᠷᠢᠮᠵᠢᠶᠠᠨ ᠠᠴᠠ ᠥᠯᠥ ᠪᠠᠭᠤᠷᠠᠭᠤᠯᠤᠨ᠂ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠪᠠᠨ ᠦᠨᠡᠨ ᠬᠦ ᠪᠠᠲᠤᠯᠠᠵᠤ᠂ | ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠰᠠᠭᠤᠷᠢ ᠱᠤᠭᠤᠮ ᠢ ᠪᠠᠲᠤ ᠰᠠᠬᠢᠵᠤ᠂ | ᠠᠵᠢᠯ ᠣᠯᠭᠤᠯᠲᠠ᠂ ᠰᠤᠷᠭᠠᠨ ᠬᠥᠮᠦᠵᠢᠯ᠂ ᠡᠮᠴᠢᠯᠡᠭᠡ ᠵᠡᠷᠭᠡ ᠤᠯᠠᠨ ᠨᠡᠶᠢᠲᠠ ᠶᠢᠨ ᠦᠢᠯᠡᠴᠢᠯᠡᠭᠡᠨ ᠤ | ᠬᠠᠩᠭᠠᠯᠭ᠎ᠠ ᠶᠢ ᠰᠢᠯᠢᠳᠡᠭᠵᠢᠭᠦᠯᠦᠨ᠎ᠡ᠃ | ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠪᠣᠯᠣᠨ᠎ᠠ᠂ ᠣᠯᠠᠨ ᠠᠷᠭ᠎ᠠ | ᠬᠡᠮᠵᠢᠶ᠎ᠡ ᠶᠢ ᠵᠡᠷᠭᠡ ᠳᠤ ᠨᠢ ᠬᠡᠷᠡᠭᠯᠡᠨ ᠠᠵᠤ ᠦᠢᠯᠡᠰ ᠪᠠ ᠠᠵᠢᠯ ᠣᠯᠭᠤᠯᠲᠠ ᠶᠢᠨ ᠬᠠᠷᠢᠯᠴᠠᠨ ᠠᠬᠢᠭᠤᠯᠵᠤ | ᠬᠠᠮᠲᠤ ᠪᠠᠷ ᠳᠠᠪᠰᠢᠬᠤ ᠶᠢ ᠠᠬᠢᠭᠤᠯᠤᠨ᠎ᠠ᠃ ᠮᠠᠨ ᠤ ᠣᠷᠣᠨ ᠤ ᠲᠦᠮᠡᠨ ᠳ᠋ᠦᠩᠰᠢᠭᠤᠷ ᠲᠥᠭᠦᠷᠢᠭ ᠰᠢᠬᠠᠮ ᠤᠨ | ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠤᠯᠲᠠ ᠳᠤ ᠠᠵᠤ ᠦᠢᠯᠡᠰ ᠤᠨ ᠪᠡᠯᠡ ᠣᠷᠣᠭᠤᠯᠤᠯᠲᠠ ᠪᠠᠷᠤᠭ | ᠠᠷᠪᠠᠨ ᠤ ᠳᠣᠯᠣᠭᠠᠨ ᠬᠤᠪᠢ ᠶᠢ ᠡᠵᠡᠯᠡᠭᠰᠡᠨ ᠪᠣᠯᠪᠠᠴᠤ ᠲᠤᠰ ᠭᠠᠵᠠᠷ ᠤᠨ ᠢᠶᠠᠨ ᠠᠵᠢᠯ ᠣᠯᠭᠤᠯᠲᠠ ᠶᠢ | ᠳᠠᠶᠢᠴᠢᠯᠠᠭᠰᠠᠨ ᠢᠶᠠᠷ ᠪᠠᠷᠤᠭᠲᠠᠢ ᠪᠠᠶᠢᠵᠤ᠂ ︽ᠬᠥᠮᠥᠨ ᠪᠠᠶᠢᠭᠠᠳ ᠬᠢᠬᠦ ᠠᠵᠢᠯ ᠦᠭᠡᠢ︾ ᠮᠥᠷᠲᠡᠭᠡᠨ ︽ᠠᠵᠢᠯ | ᠪᠠᠶᠢᠭᠠᠳ ᠬᠢᠬᠦ ᠬᠥᠮᠥᠨ ᠦᠭᠡᠢ︾ ᠪᠠᠶᠢᠳᠠᠯ ᠣᠷᠣᠰᠢᠵᠤ ᠪᠠᠶᠢᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠠᠵᠢᠯ | ᠣᠯᠭᠤᠯᠲᠠ ᠶᠢ ᠠᠬᠢᠭᠤᠯᠬᠤ ᠠᠵᠢᠯᠯᠠᠭᠠᠨ ᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠶᠢ ᠠᠳᠬᠤᠬᠤ᠂ ᠠᠵᠤ ᠦᠢᠯᠡᠰ ᠢ ᠪᠣᠳᠠᠲᠠᠶᠢᠵᠢᠭᠤᠯᠬᠤ ᠶᠢ ᠠᠳᠬᠤᠬᠤ ᠳᠤ ᠪᠠᠨ ᠲᠤᠰ | ᠭᠠᠵᠠᠷ ᠤᠨ ᠢᠶᠠᠨ ᠠᠵᠢᠯ ᠣᠯᠭᠤᠯᠲᠠ ᠶᠢ ᠬᠡᠷᠬᠢᠨ ᠨᠡᠩ ᠣᠯᠠᠨ ᠳᠠᠶᠢᠴᠢᠯᠠᠬᠤ ᠶᠢ ᠵᠡᠷᠭᠡ ᠳᠤ ᠨᠢ ᠪᠣᠳᠣᠯᠬᠢᠯᠠᠨ᠂ | ᠠᠵᠤ ᠠᠬᠤᠶᠢᠯᠠᠯ ᠤᠨ ᠭᠠᠵᠠᠷ ᠬᠡᠷᠡᠭᠯᠡᠬᠦ᠂ ᠡᠨᠧᠷᠭᠢ ᠬᠡᠷᠡᠭᠯᠡᠬᠦ ᠵᠡᠷᠭᠡ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ | ᠰᠤᠳᠤᠯᠬᠤ ᠳᠤ ᠪᠠᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠵᠡᠷᠭᠡ ᠳᠤ ᠨᠢ ᠰᠤᠳᠤᠯᠤᠨ᠂ ᠤᠷ᠎ᠠ | ᠮᠡᠷᠭᠡᠰᠢᠯ ᠤᠨ ᠪᠣᠯᠪᠠᠰᠤᠷᠠᠯ᠂ ᠠᠵᠢᠯ ᠣᠯᠭᠤᠬᠤ ᠵᠢᠯᠣᠭᠤᠳᠤᠯᠭ᠎ᠠ ᠶᠢ ᠤᠷᠢᠳᠴᠢᠯᠠᠨ ᠰᠠᠶᠢᠲᠤᠷ ᠬᠢᠵᠦ᠂ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠪᠠ ᠠᠵᠤ ᠠᠬᠤᠶᠢᠯᠠᠯ ᠳᠤ ᠴᠢᠳᠠᠪᠤᠷᠢᠲᠠᠨ ᠬᠠᠩᠭᠠᠬᠤ ᠶᠢ ᠵᠡᠷᠭᠡ ᠳᠤ ᠨᠢ | ᠠᠬᠢᠭᠤᠯᠤᠨ᠂ ᠵᠠᠪᠰᠠᠷ ᠦᠭᠡᠢ ᠵᠣᠯᠭᠠᠭᠤᠯᠬᠤ ᠬᠡᠷᠡᠭᠲᠡᠢ᠃ ᠡᠯ᠎ᠡ ᠶᠡᠭᠡ ᠳᠡᠭᠡᠳᠦ ᠰᠤᠷᠭᠠᠭᠤᠯᠢ ᠨᠢ ᠠᠵᠢᠯ | ᠣᠯᠭᠤᠯᠲᠠ ᠪᠠᠷ ᠤᠳᠤᠷᠢᠳᠤᠮᠵᠢ ᠪᠣᠯᠭᠠᠬᠤ ᠶᠢ ᠲᠣᠪᠤᠶᠢᠯᠭᠠᠨ᠂ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠪᠠᠨ | ᠨᠠᠷᠢᠯᠢᠭ ᠣᠨᠣᠪᠴᠢᠲᠠᠢ ᠲᠣᠬᠢᠷᠠᠭᠤᠯᠤᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠲᠤ ᠶᠠᠮᠠᠷ ᠴᠢᠳᠠᠪᠤᠷᠢᠲᠠᠨ | ᠴᠢᠬᠤᠯᠠᠲᠠᠢ ᠪᠣᠯ ᠲᠡᠶᠢᠨ ᠬᠦ ᠴᠢᠳᠠᠪᠤᠷᠢᠲᠠᠨ ᠢ ᠬᠥᠮᠥᠵᠢᠭᠦᠯᠵᠦ ᠬᠠᠩᠭᠠᠨ᠎ᠠ᠃ ᠣᠨᠴᠠᠭᠠᠢ ᠬᠥᠮᠥᠰ ᠲᠤ ᠠᠵᠢᠯ | ᠣᠯᠭᠤᠬᠤ ᠶᠢ ᠣᠨᠴᠠᠭᠠᠶᠢᠯᠠᠨ ᠠᠩᠬᠠᠷᠴᠤ᠂ ᠭᠤᠣᠯᠳᠠᠯᠭ᠎ᠠ ᠲᠠᠢ ᠪᠠᠲᠤᠯᠠᠵᠤ᠂ ᠨᠠᠰᠤ ᠠᠬᠢᠭᠰᠠᠨ᠂ ᠵᠡᠮᠳᠡᠭ ᠵᠡᠷᠡᠮᠳᠡᠭ᠂ | ᠠᠵᠢᠯ ᠠᠯᠳᠠᠭᠠᠳ ᠨᠡᠯᠢᠶᠡᠳ ᠤᠷᠲᠤ ᠬᠤᠭᠤᠴᠠᠭ᠎ᠠ ᠪᠣᠯᠤᠭᠰᠠᠨ ᠵᠡᠷᠭᠡ ᠠᠵᠢᠯ ᠣᠯᠬᠤ ᠳᠤ ᠬᠦᠴᠢᠷᠳᠡᠯᠲᠡᠢ | ᠬᠥᠮᠥᠰ ᠢ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ᠂ | ᠡᠮᠡᠭᠲᠡᠶᠢᠴᠦᠳ ᠵᠡᠷᠭᠡ ᠬᠥᠮᠥᠰ ᠲᠤ ᠠᠵᠢᠯ ᠣᠯᠭᠤᠬᠤ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ︽ᠨᠢᠭᠡ | ᠬᠥᠮᠥᠨ ᠨᠢ ᠴᠦ ᠠᠵᠢᠯ ᠣᠯᠣᠭᠰᠠᠨ ᠦᠭᠡᠢ ᠭᠡᠷ ᠪᠦᠯᠢ︾ ᠶᠢ ᠬᠥᠳᠡᠯᠦᠩᠭᠦᠢ ᠪᠠᠷ ᠠᠷᠢᠯᠭᠠᠬᠤ ᠶᠢ ᠦᠨᠡᠨ ᠬᠦ | ᠪᠠᠲᠤᠯᠠᠨ᠎ᠠ᠃ | ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠬᠠᠮᠤᠭ ᠤᠨ ᠦᠨᠳᠦᠰᠦᠨ ᠬᠡᠷᠡᠭᠴᠡᠭᠡ ᠱᠠᠭᠠᠷᠳᠠᠯᠭ᠎ᠠ | ᠪᠣᠯᠣᠨ᠎ᠠ᠂ ᠰᠠᠶᠢᠨ ᠰᠤᠷᠭᠠᠨ ᠬᠥᠮᠦᠵᠢᠯ ᠪᠠᠶᠢᠬᠤ ᠦᠭᠡᠢ ᠪᠣᠯ ᠴᠢᠳᠠᠪᠤᠷᠢᠲᠠᠳ ᠢ ᠦᠯᠡᠳᠡᠭᠡᠵᠦ ᠴᠢᠳᠠᠬᠤ ᠦᠭᠡᠢ | ᠮᠥᠷᠲᠡᠭᠡᠨ ᠬᠥᠮᠥᠨ ᠠᠮᠠ ᠶᠢ ᠴᠦ ᠬᠤᠴᠣᠷᠭᠠᠨ ᠠᠪᠴᠤ ᠴᠢᠳᠠᠬᠤ ᠦᠭᠡᠢ᠃ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠳᠤ ᠲᠦᠭᠡᠮᠡᠯ ᠬᠦᠷᠲᠡᠭᠡᠵᠦ ᠲᠦᠭᠡᠮᠡᠯ ᠬᠠᠷᠠᠭᠠᠯᠵᠠᠬᠤ ᠶᠢ ᠭᠤᠣᠯᠳᠠᠯᠭ᠎ᠠ ᠲᠠᠢ ᠠᠳᠬᠤᠨ᠂ | ᠨᠠᠶᠢᠳᠠᠵᠤ ᠰᠠᠭᠠᠲᠠᠭᠤᠯᠬᠤ ᠦᠢᠯᠡᠴᠢᠯᠡᠭᠡ ᠶᠢ ᠴᠦ ᠰᠠᠶᠢᠲᠤᠷ ᠬᠢᠵᠦ᠂ ᠵᠠᠯᠠᠭᠤᠴᠤᠳ ᠤᠨ ᠰᠠᠨᠠᠭᠠᠰᠢᠷᠠᠨ ᠵᠣᠪᠠᠨᠢᠵᠤ | ᠪᠠᠶᠢᠭ᠎ᠠ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠵᠦ ᠥᠭᠭᠦᠨ᠎ᠡ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠵᠠᠩᠭᠢᠯᠠᠭ᠎ᠠ ᠨᠢ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠦᠨ᠂ ᠲᠡᠩᠴᠡᠭᠦᠷᠢ ᠦᠭᠡᠢ | ᠠᠰᠠᠭᠤᠳᠠᠯ ᠢ ᠰᠢᠢᠳᠪᠦᠷᠢᠯᠡᠬᠦ ᠳᠤ ᠪᠠᠶᠢᠨ᠎ᠠ᠂ ᠴᠢᠨᠠᠷᠵᠢᠭᠤᠨ ᠰᠤᠷᠭᠠᠭᠤᠯᠢ ᠨᠢ ᠠᠨᠠᠶᠢᠬᠠᠨ ᠰᠤᠷᠭᠠᠭᠤᠯᠢ ᠪᠠᠨ | ᠳᠠᠭᠠᠭᠤᠯᠬᠤ᠂ ᠬᠤᠲᠠ ᠬᠥᠳᠡᠭᠡ ᠰᠢᠰᠲ᠋ᠧᠮ ᠢᠶᠠᠷ ᠢᠶᠠᠨ ᠲᠤᠰᠠᠯᠠᠬᠤ᠂ ᠪᠦᠯᠦᠭᠯᠡᠯᠵᠢᠭᠦᠯᠦᠨ ᠰᠤᠷᠭᠠᠭᠤᠯᠢ ᠡᠷᠬᠢᠯᠡᠬᠦ | ᠵᠡᠷᠭᠡ ᠲᠣᠭᠲᠠᠴᠠ ᠪᠠᠷ ᠳᠠᠮᠵᠢᠭᠤᠯᠤᠨ᠂ ᠬᠤᠲᠠ ᠬᠥᠳᠡᠭᠡ᠂ ᠣᠷᠣᠨ ᠪᠦᠰᠡ᠂ ᠰᠤᠷᠭᠠᠭᠤᠯᠢ ᠶᠢᠨ ᠬᠤᠭᠤᠷᠣᠨᠳᠤ᠂ | ᠪᠦᠯᠬᠦᠮ ᠨᠡᠶᠢᠲᠡ ᠶᠢᠨ ᠰᠤᠷᠭᠠᠨ ᠬᠥᠮᠦᠵᠢᠯ ᠤᠨ ᠬᠤᠭᠤᠷᠤᠨᠳᠤᠬᠢ ᠵᠥᠷᠢᠶ᠎ᠡ ᠶᠢ ᠠᠯᠬᠤᠮ ᠠᠯᠬᠤᠮ ᠢᠶᠠᠷ | ᠪᠠᠭᠠᠰᠬᠠᠨ᠎ᠠ᠃ ᠢᠯᠠᠩᠭᠤᠶ᠎ᠠ ᠤᠤᠯ ᠨᠢ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ | ᠰᠤᠷᠭᠠᠭᠤᠯᠢ ᠨᠤᠭᠤᠳ ᠢ ᠴᠢᠨᠠᠷᠯᠢᠭ ᠡᠩ ᠤᠨ ᠰᠤᠷᠭᠠᠭᠤᠯᠢ ᠨᠤᠭᠤᠳ ᠯᠤᠭ᠎ᠠ ᠬᠤᠣᠰᠯᠠᠯ ᠪᠣᠯᠭᠠᠵᠤ ᠬᠠᠮᠲᠤ ᠪᠠᠷ | ᠪᠦᠲᠦᠭᠡᠨ ᠪᠠᠶᠢᠭᠤᠯᠬᠤ ᠪᠠᠨ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠬᠢᠷᠢ ᠲᠦᠪᠰᠢᠨ ᠢ ᠳᠠᠶᠢᠴᠢᠯᠠᠨ | ᠲᠡᠬᠡᠭᠰᠢᠯᠡᠬᠦᠯᠦᠨ᠎ᠡ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠨᠢ | ᠣᠨᠴᠠᠯᠢᠬᠵᠢᠭᠤᠯᠤᠨ ᠣᠯᠠᠨ ᠶᠠᠩᠵᠤᠴᠢᠯᠠᠨ ᠰᠤᠷᠭᠠᠭᠤᠯᠢ ᠡᠷᠬᠢᠯᠡᠬᠦ ᠶᠢ ᠳᠣᠪᠦ᠋ᠢᠯᠭᠠᠵᠤ᠂ ᠥᠪᠡᠷᠲᠡᠭᠡᠨ ᠵᠠᠰᠠᠬᠤ | ᠣᠷᠣᠨ ᠤ ᠨᠢᠭᠡ ᠪᠦᠯᠦᠭ ᠵᠢᠱᠢᠶ᠎ᠡ ᠦᠵᠡᠭᠦᠯᠬᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠰᠢᠶᠠᠨ ᠤ | ᠬᠡᠪᠴᠢᠶᠡᠨ ᠤ ᠨᠢᠭᠡ ᠪᠦᠯᠦᠭ ᠴᠢᠨᠠᠷᠯᠢᠭ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠨᠢᠭᠡ ᠪᠦᠯᠦᠭ | ᠣᠨᠴᠠᠯᠢᠭᠲᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠲᠦᠷᠦᠯ ᠬᠤᠪᠢᠶᠠᠨ ᠪᠦᠲᠦᠭᠡᠨ ᠪᠠᠶᠢᠭᠤᠯᠵᠤ᠂ | ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠰᠠᠭᠠᠳ ᠦᠭᠡᠢ ᠨᠡᠪᠲᠡᠷᠡᠬᠦ ᠵᠠᠮ ᠵᠡᠷᠭᠡ | ᠲᠥᠷᠥ ᠶᠢᠨ ᠪᠣᠳᠣᠯᠭ᠎ᠠ ᠶᠢ ᠬᠡᠷᠡᠭᠯᠡᠵᠦ᠂ ᠨᠡᠩ ᠣᠯᠠᠨ ᠰᠠᠶᠢᠨ ᠪᠠᠭᠰᠢ᠂ ᠰᠠᠶᠢᠨ ᠵᠠᠬᠢᠷᠤᠯ ᠢ ᠣᠷᠣᠭᠤᠯᠤᠨ | ᠠᠪᠴᠢᠷᠠᠬᠤ ᠪᠠ ᠬᠥᠮᠥᠵᠢᠭᠦᠯᠵᠦ᠂ ᠣᠨᠴᠠᠭᠠᠶᠢᠯᠠᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠢ | ᠰᠠᠶᠢᠲᠤᠷ ᠠᠰᠢᠭᠯᠠᠵᠤ ᠪᠠᠶᠢᠭᠠᠳ ᠨᠡᠩ ᠣᠯᠠᠨ ᠪᠡᠭᠡᠵᠢᠩ ᠤᠨ ᠪᠠᠭᠰᠢ ᠨᠠᠷ ᠢ ᠲᠠᠲᠠᠵᠤ ᠥᠪᠥᠷ ᠮᠣᠩᠭᠤᠯ ᠳᠤ ᠢᠷᠡᠵᠦ | ᠠᠵᠢᠯᠯᠠᠭᠤᠯᠤᠨ᠎ᠠ᠃ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠰᠠᠶᠢᠲᠤᠷ ᠬᠢᠵᠦ᠂ ᠵᠠᠯᠠᠭᠤᠴᠤᠳ | ᠪᠠᠭᠠᠴᠤᠳ ᠤᠨ ᠶᠣᠰᠣ ᠮᠣᠷᠠᠯ ᠣᠶᠤᠨ ᠮᠡᠳᠡᠯᠭᠡ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠶᠢᠨ ᠪᠦᠬᠦ | ᠲᠠᠯ᠎ᠠ ᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠣᠯᠠᠨ ᠲᠦᠮᠡᠨ ᠢ ᠭᠡᠷ ᠤᠨ ᠢᠶᠠᠨ ᠣᠶᠢᠷ᠎ᠠ ᠬᠠᠪᠢ ᠳᠤ ᠡᠪᠡᠳᠴᠢᠨ ᠡᠮᠭᠡᠭ ᠢᠶᠠᠨ ᠰᠠᠶᠢᠲᠤᠷ ᠡᠮᠨᠡᠭᠦᠯᠵᠦ | ᠳᠡᠶᠢᠯᠬᠦ ᠪᠣᠯᠭᠠᠨ᠎ᠠ᠃ ᠴᠢᠨᠠᠷᠯᠢᠭ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠨᠢ ᠥᠷᠭᠡᠵᠢᠭᠦᠯᠦᠨ | ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ | ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠰᠢᠤᠸᠠᠨ ᠦ᠋ | ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠬᠢᠲᠠᠳ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠳᠠᠬᠢ ᠡᠮᠨᠡᠯᠬᠡ ᠶᠢᠨ | ᠬᠤᠷᠢᠶ᠎ᠠ ᠵᠡᠷᠭᠡ ᠤᠯᠤᠰ ᠤᠨ ᠣᠷᠣᠨ ᠪᠦᠰᠡ ᠶᠢᠨ 4 ᠡᠮᠴᠢᠯᠡᠭᠡᠨ ᠤ ᠲᠥᠪ ᠢ ᠰᠠᠶᠢᠲᠤᠷ ᠪᠦᠲᠦᠭᠡᠨ ᠪᠠᠶᠢᠭᠤᠯᠤᠨ | ᠰᠠᠶᠢᠲᠤᠷ ᠡᠵᠡᠩᠨᠡᠨ ᠠᠵᠢᠯᠯᠠᠭᠤᠯᠵᠤ᠂ ᠨᠢᠭᠲᠠ ᠬᠡᠯᠪᠡᠷᠢ ᠪᠦᠬᠦᠢ ᠬᠤᠲᠠ ᠶᠢᠨ ᠡᠮᠴᠢᠯᠡᠭᠡᠨ ᠤ ᠪᠦᠯᠦᠭᠯᠡᠯ ᠪᠠ | ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠨᠢᠭᠡ | ᠪᠦᠯᠦᠭ ᠣᠨᠴᠠᠯᠢᠭ ᠲᠠᠢ ᠭᠤᠣᠯᠳᠠᠯᠭ᠎ᠠ ᠪᠣᠯᠬᠤ ᠲᠤᠰᠬᠠᠢ ᠰᠠᠯᠠᠭ᠎ᠠ ᠶᠢ ᠴᠣᠭᠴᠠᠯᠠᠨ᠎ᠠ᠃ ᠡᠮᠴᠢᠯᠡᠭᠡ᠂ ᠡᠮᠴᠢᠯᠡᠭᠡᠨ ᠤ | ᠳᠠᠭᠠᠳᠬᠠᠯ᠂ ᠡᠮ ᠡᠮᠨᠡᠯᠭᠡ ᠶᠢᠨ ᠵᠣᠬᠢᠴᠠᠯᠳᠤᠭᠰᠠᠨ ᠬᠥᠭᠵᠢᠯᠲᠡ ᠪᠠ ᠵᠠᠰᠠᠯᠲᠠ ᠶᠢ ᠠᠬᠢᠭᠤᠯᠵᠤ᠂ ᠦᠨᠳᠦᠰᠦᠨ | ᠡᠮᠴᠢᠯᠡᠭᠡᠨ ᠤ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠲᠥᠯᠥᠪᠯᠡᠬᠦ ᠶᠢ ᠯᠠᠪᠳᠠᠭᠤᠨ | ᠠᠬᠢᠭᠤᠯᠤᠨ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠳᠤ ᠪᠠᠶᠢᠩᠭᠤᠰᠢᠭᠰᠠᠨ ᠬᠢᠨᠠᠯᠲᠠ | ᠬᠠᠮᠢᠶᠠᠷᠤᠯᠲᠠ ᠬᠢᠬᠦ ᠪᠠᠨ ᠴᠢᠩᠭᠠᠷᠠᠭᠤᠯᠵᠤ᠂ ᠠᠷᠠᠳ ᠲᠦᠮᠡᠨ ᠤ ᠡᠮᠨᠡᠭᠦᠯᠵᠦ ᠵᠠᠰᠠᠭᠤᠯᠬᠤ ᠵᠣᠭᠤᠰ ᠢ ᠨᠢ ᠰᠠᠶᠢᠲᠤᠷ | ᠬᠠᠮᠠᠭᠠᠯᠠᠨ᠎ᠠ᠃ ᠬᠢᠲᠠᠳ ᠮᠣᠩᠭᠤᠯ ᠡᠮ ᠡᠮᠨᠡᠯᠭᠡ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠠᠷᠠᠳ ᠲᠤ | ᠳᠦᠭᠦᠮ ᠦᠵᠡᠭᠦᠯᠬᠦ ᠨᠡᠩ ᠣᠯᠠᠨ ᠬᠢᠲᠠᠳ ᠡᠮᠨᠡᠯᠭᠡ ᠶᠢᠨ ᠣᠷᠳᠣᠨ᠂ ᠮᠣᠩᠭᠤᠯ ᠡᠮᠨᠡᠯᠭᠡ ᠶᠢᠨ ᠣᠷᠳᠣᠨ ᠢ | ᠪᠠᠶᠢᠭᠤᠯᠤᠨ᠂ ᠣᠯᠠᠨ ᠲᠦᠮᠡᠨ ᠤ ᠡᠮᠨᠡᠭᠦᠯᠵᠦ ᠰᠤᠪᠢᠯᠠᠭᠤᠯᠬᠤ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠨ᠎ᠠ᠃ | ︵ᠠᠷᠪᠠᠨ ᠨᠢᠭᠡ︶ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ | ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠡᠷᠡᠰ ᠪᠠᠬᠢᠵᠢᠭᠦᠯᠦᠨ᠎ᠡ᠃ ᠡᠬᠡ | ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠪᠣᠯ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠣᠨ᠎ᠠ᠂ ᠪᠢᠳᠡ | ᠡᠭᠦᠷᠭᠡ ᠬᠠᠷᠢᠭᠤᠴᠠᠯᠭ᠎ᠠ ᠳᠤ ᠪᠠᠨ ᠣᠰᠣᠯᠳᠠᠬᠤ ᠦᠭᠡᠢ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ | ᠬᠡᠷᠡᠭᠲᠡᠢ᠃ | ᠠᠶᠤᠯ ᠦᠭᠡᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ᠃ ᠰᠡᠷᠭᠡᠶᠢᠯᠡᠯᠲᠡ ᠶᠢ | ᠴᠢᠬᠤᠯᠠᠴᠢᠯᠠᠬᠤ᠂ ᠰᠠᠭᠤᠷᠢ ᠶᠢ ᠪᠠᠬᠢᠵᠢᠭᠦᠯᠬᠦ᠂ ᠬᠢᠨᠠᠯᠲᠠ ᠬᠠᠮᠢᠶᠠᠷᠤᠯᠲᠠ ᠶᠢ ᠴᠢᠩᠳᠠᠯᠠᠬᠤ᠂ ᠴᠢᠳᠠᠪᠤᠷᠢ ᠶᠢ | ᠳᠡᠭᠡᠭᠰᠢᠯᠡᠭᠦᠯᠬᠦ ᠳᠦᠷᠪᠡᠨ ᠵᠠᠩᠭᠢᠯᠠᠭ᠎ᠠ ᠶᠢ ᠰᠤᠯᠠᠷᠠᠭᠤᠯᠤᠯ ᠦᠭᠡᠢ ᠴᠢᠩᠭ᠎ᠠ ᠠᠳᠬᠤᠨ᠂ ᠠᠶᠤᠯ ᠦᠭᠡᠢ | ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯᠯᠠᠭᠠᠨ ᠢ ᠭᠦᠨᠵᠡᠭᠡᠶᠢᠷᠡᠭᠦᠯᠵᠦ᠂ | ᠠᠶᠤᠯ ᠦᠭᠡᠢ ᠦᠢᠯᠡᠳᠪᠦᠷᠢᠯᠡᠯ ᠪᠠ ᠪᠠᠶᠢᠭᠠᠯᠢ ᠶᠢᠨ ᠭᠠᠢ ᠭᠠᠮᠰᠢᠭ ᠤᠨ ᠲᠦᠭᠰᠢᠭᠦᠷᠢ ᠶᠢᠨ ᠭᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ | ᠬᠤᠲᠠ ᠪᠠᠯᠭᠠᠰᠤᠨ ᠤ ᠰᠢᠲᠠᠮᠠᠬᠠᠢ ᠬᠡᠢ᠂ ᠴᠠᠬᠢᠯᠭᠠᠨ ᠬᠦᠳᠡᠯᠭᠡᠭᠦᠷᠲᠦ ᠳᠤᠭᠤᠢ ᠲᠡᠷᠭᠡ ᠵᠡᠷᠭᠡ ᠭᠤᠣᠯᠳᠠᠯᠭ᠎ᠠ ᠪᠣᠯᠬᠤ | ᠬᠦᠷᠢᠶ᠎ᠡ ᠴᠠᠷᠠᠭᠠᠨ ᠳᠠᠬᠢ ᠠᠰᠠᠭᠤᠳᠠᠯ ᠤᠳ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠬᠦᠨᠳᠦ ᠶᠡᠭᠡ | ᠠᠳᠡᠯ ᠤᠨ ᠭᠡᠮ ᠰᠣᠭᠤᠭ ᠢ ᠬᠥᠳᠡᠯᠦᠩᠭᠦᠢ ᠪᠠᠷ ᠠᠷᠢᠯᠭᠠᠵᠤ᠂ ᠠᠮᠤᠷ ᠲᠦᠪᠰᠢᠨ ᠤ ᠬᠦᠨᠳᠦ ᠶᠡᠭᠡ ᠠᠳᠡᠯ ᠡᠭᠦᠰᠬᠦ ᠶᠢ | ᠬᠠᠮᠤᠭ ᠤᠨ ᠶᠡᠭᠡ ᠪᠠᠷ ᠴᠢᠷᠮᠠᠶᠢᠵᠤ ᠰᠡᠷᠭᠡᠶᠢᠯᠡᠨ᠎ᠡ᠃ ᠶᠡᠭᠡ ᠬᠢᠩᠭᠠᠨ ᠳᠠᠪᠠᠭᠠᠨ ᠤ ᠣᠢ ᠰᠢᠭᠤᠢ ᠨᠤᠲᠤᠭ | ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠱᠢᠶ᠎ᠡ ᠦᠵᠡᠭᠦᠯᠬᠦ ᠲᠣᠭᠤᠷᠢᠭ ᠢ ᠪᠦᠲᠦᠭᠡᠨ | ᠪᠠᠶᠢᠭᠤᠯᠤᠨ᠎ᠠ᠃ ᠢᠳᠡᠭᠡᠨ ᠪᠠ ᠡᠮ ᠤᠨ ᠵᠦᠢᠯ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠰᠠᠶᠢᠲᠤᠷ ᠪᠠᠲᠤᠯᠠᠨ᠎ᠠ᠃ | ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠠᠬᠢ ᠲᠦᠭᠰᠢᠭᠦᠷᠢ ᠶᠢᠨ ᠬᠤᠷᠢᠭ᠎ᠠ ᠱᠤᠭᠤᠮ ᠢ ᠰᠠᠶᠢᠲᠤᠷ | ᠰᠠᠬᠢᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠮᠥᠨ ᠯᠡ ᠬᠦᠨᠳᠦ ᠨᠦᠰᠡᠷ | ᠪᠠᠶᠢᠵᠤ᠂ ᠡᠨᠡ ᠵᠢᠯ ᠤᠨ ᠬᠠᠷᠠᠯᠲᠠ ᠪᠠᠨ ᠡᠷᠡᠰ ᠭᠤᠶᠢᠪᠢᠰᠢ ᠦᠭᠡᠢ ᠪᠡᠶᠡᠯᠡᠭᠦᠯᠦᠨ᠂ ᠳᠠᠯᠳᠠ ᠥᠷᠢ ᠥᠭᠴᠡᠭᠡ ᠶᠢ | ᠰᠢᠨ᠎ᠡ ᠪᠠᠷ ᠨᠡᠮᠡᠭᠳᠡᠭᠦᠯᠵᠦ ᠣᠭᠲᠤ ᠪᠣᠯᠬᠤ ᠦᠭᠡᠢ᠃ ᠵᠢᠭᠡᠯᠡᠯᠭᠡ ᠶᠢᠨ ᠲᠡᠮᠳᠡᠭᠲᠦ ᠰᠣᠯᠢᠬᠤ ᠲᠦᠷᠦ ᠶᠢᠨ | ᠪᠣᠳᠣᠯᠭ᠎ᠠ ᠶᠢ ᠰᠠᠶᠢᠲᠤᠷ ᠬᠡᠷᠡᠭᠯᠡᠵᠦ᠂ ︽ᠳᠦᠷᠪᠡᠨ ᠨᠢᠭᠡ ᠪᠦᠯᠦᠭ︾ ᠠᠷᠭ᠎ᠠ ᠪᠠᠷᠢᠯ ᠢᠶᠠᠨ ᠦᠷᠭᠦᠯᠵᠢᠯᠡᠨ | ᠰᠢᠯᠢᠳᠡᠭᠵᠢᠭᠦᠯᠵᠦ ᠦᠨᠳᠦᠰᠦᠨ ᠱᠠᠲᠤᠨ ᠤ ᠥᠷᠢ ᠥᠭᠴᠡᠭᠡ ᠶᠢ ᠠᠷᠢᠯᠭᠠᠬᠤ ᠳᠤ ᠳᠡᠮᠵᠢᠯᠭᠡ ᠦᠵᠡᠭᠦᠯᠵᠦ᠂ ᠣᠷᠣᠨ | ᠨᠤᠲᠤᠭ ᠤᠨ ᠵᠠᠰᠠᠭ ᠤᠨ ᠣᠷᠳᠣᠨ ᠤ ᠪᠡᠯᠡ ᠲᠣᠬᠢᠷᠠᠭᠤᠯᠬᠤ ᠲᠠᠪᠴᠠᠩ ᠤᠨ ᠲᠤᠭ᠎ᠠ ᠬᠡᠮᠵᠢᠶ᠎ᠡ ᠶᠢ ᠬᠠᠰᠤᠵᠤ | ᠪᠠᠭᠤᠷᠠᠭᠤᠯᠤᠨ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠦᠨᠳᠦᠰᠦᠨ ᠱᠠᠲᠤᠨ ᠤ ᠡᠳ᠋ ᠤᠨ ᠵᠠᠰᠠᠭ ᠤᠨ ᠲᠣᠭᠲᠠᠭᠤᠨ ᠠᠵᠢᠯᠯᠠᠭᠠᠨ ᠢ ᠪᠠᠲᠤᠯᠠᠨ᠎ᠠ᠃ ᠮᠥᠩᠭᠦᠨ ᠭᠦᠢᠯᠭᠡᠭᠡᠨ ᠤ | ᠲᠦᠭᠰᠢᠭᠦᠷᠢ ᠶᠢ ᠯᠠᠪᠳᠠᠭᠤᠨ ᠰᠢᠢᠳᠪᠦᠷᠢᠯᠡᠵᠦ᠂ ᠣᠷᠣᠨ ᠨᠤᠲᠤᠭ ᠤᠨ ᠲᠦᠭᠰᠢᠭᠦᠷᠢ ᠶᠡᠬᠡᠲᠡᠢ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠡᠬᠡᠲᠡᠢ ᠵᠡᠷᠭᠡ ᠲᠡᠰ ᠠᠴᠠ ᠪᠤᠴᠠᠵᠤ ᠭᠠᠷᠬᠤ ᠶᠢ ᠨᠢ ᠠᠬᠢᠭᠤᠯᠤᠨ᠂ | ︽ᠳᠡᠯᠪᠡᠷᠡᠭᠡᠨ ᠬᠡᠷᠡᠭ︾ ᠡᠭᠦᠰᠬᠦ ᠠᠴᠠ ᠡᠷᠡᠰ ᠰᠡᠷᠭᠡᠶᠢᠯᠡᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠪᠠᠭᠤᠷᠠᠯᠲᠠ ᠶᠢ ᠵᠣᠭᠰᠣᠭᠠᠨ ᠲᠣᠭᠲᠠᠭᠤᠨ ᠪᠣᠯᠭᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠵᠤ᠂ | ᠴᠠᠭ ᠲᠤ ᠪᠠᠨ ᠪᠠᠲᠤᠯᠠᠨ ᠲᠤᠰᠢᠶᠠᠬᠤ ᠠᠰᠠᠷ᠂ ᠴᠠᠭ ᠲᠤ ᠪᠠᠨ ᠪᠠᠲᠤᠯᠠᠨ ᠲᠤᠰᠢᠶᠠᠬᠤ ᠭᠡᠷ ᠪᠠᠶᠢᠰᠢᠩ ᠤᠨ | ᠡᠭᠦᠷᠭᠡ ᠪᠠᠨ ᠰᠠᠶᠢᠲᠤᠷ ᠪᠡᠶᠡᠯᠡᠭᠦᠯᠦᠨ᠎ᠡ᠃ | ᠨᠡᠶᠢᠭᠡᠮ ᠤᠨ ᠲᠣᠭᠲᠠᠭᠤᠨ ᠤ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ᠃ ᠰᠢᠨ᠎ᠡ ᠴᠠᠭ ᠦᠶ᠎ᠡ ᠶᠢᠨ ︽ | ᠹᠧᠩ ᠴᠢᠶᠤᠣ ᠶᠢᠨ ᠲᠤᠷᠰᠢᠯᠭ᠎ᠠ︾ ᠶᠢ ᠪᠠᠷᠢᠮᠲᠠᠯᠠᠬᠤ ᠪᠠ ᠬᠥᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ | ᠬᠠᠤᠯᠢ ᠪᠠᠷ ᠵᠠᠰᠠᠵᠢᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠥᠷᠨᠢᠭᠦᠯᠵᠦ᠂ | ᠲᠠᠪᠤᠨ ᠱᠠᠲᠤ ᠶᠢ ᠨᠡᠪᠲᠡᠷᠡᠭᠦᠯᠦᠭᠰᠡᠨ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠲᠣᠭᠲᠠᠯᠴᠠᠭ᠎ᠠ ᠶᠢ | ᠪᠦᠷᠢᠨᠰᠢᠭᠦᠯᠦᠨ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠠᠯᠠᠮᠰᠢᠯ ᠤᠲᠠᠰᠤ 12345 ᠪᠠᠷ ᠶᠠᠷᠰᠢᠭ | ᠲᠦᠪᠡᠭᠲᠡᠢ ᠠᠵᠢᠯ ᠤᠨ ᠲᠣᠳᠣᠷᠬᠠᠢ ᠬᠠᠭᠤᠳᠠᠰᠤ ᠶᠢᠨ ᠰᠢᠮᠳᠠᠭᠤᠯᠤᠨ ᠭᠦᠢᠴᠡᠳᠬᠡᠯᠭᠡᠬᠦ ᠪᠠ ᠪᠤᠴᠠᠵᠤ ᠪᠠᠶᠢᠴᠠᠭᠠᠬᠤ | ᠲᠣᠭᠲᠠᠴᠠ ᠶᠢ ᠪᠦᠬᠦ ᠲᠠᠯ᠎ᠠ ᠪᠠᠷ ᠳᠡᠯᠭᠡᠷᠡᠭᠦᠯᠦᠨ᠎ᠡ᠃ ᠵᠥᠷᠢᠴᠡᠯ ᠲᠦᠭᠰᠢᠭᠦᠷᠢ ᠶᠢ ᠠᠷᠢᠯᠭᠠᠵᠤ ᠨᠡᠶᠢᠭᠡᠮ ᠤᠨ | ᠲᠣᠭᠲᠠᠭᠤᠨ ᠢ ᠬᠠᠮᠠᠭᠠᠯᠠᠬᠤ ᠲᠤᠰᠬᠠᠢ ᠠᠵᠢᠯᠯᠠᠭᠠᠨ ᠢ ᠥᠷᠨᠢᠭᠦᠯᠦᠨ᠂ ᠣᠯᠠᠨ ᠲᠦᠮᠡᠨ ᠤ ᠭᠤᠮᠣᠳᠠᠯ | ᠲᠣᠭᠠᠴᠢᠯᠲᠠ ᠶᠢ ᠴᠠᠭ ᠲᠤᠬᠠᠢ ᠳᠤ ᠨᠢ ᠰᠢᠢᠳᠪᠦᠷᠢᠯᠡᠵᠦ᠂ ᠡᠯ᠎ᠡ ᠵᠦᠢᠯ ᠤᠨ ᠲᠣᠭᠲᠠᠩᠭᠤᠢ ᠪᠤᠰᠤ ᠬᠦᠴᠦᠨ ᠵᠦᠢᠯ ᠢ | ᠡᠬᠢ ᠡᠭᠦᠰᠦᠯ ᠳᠤ ᠨᠢ ᠠᠷᠢᠯᠭᠠᠵᠤ᠂ ᠬᠤᠪᠢ ᠬᠥᠮᠥᠨ ᠤ ᠬᠡᠲᠦᠷᠡᠮᠡᠬᠡᠢ ᠬᠡᠷᠡᠭ᠂ ᠪᠦᠯᠦᠭᠴᠢ ᠬᠡᠷᠡᠭ ᠡᠭᠦᠰᠬᠦ ᠠᠴᠠ | ᠴᠢᠩᠭ᠎ᠠ ᠰᠡᠷᠭᠡᠶᠢᠯᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠶᠢᠨ ᠴᠢᠨᠠᠷᠲᠠᠢ | ᠠᠬᠢᠭᠤᠯᠵᠤ᠂ ᠬᠠᠤᠯᠢ ᠠᠴᠠ ᠵᠥᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠨᠡᠶᠢᠭᠡᠮ ᠤᠨ ᠶᠡᠭᠡ ᠪᠠᠶᠢᠳᠠᠯ ᠤᠨ ᠡᠶ᠎ᠡ ᠵᠣᠬᠢᠴᠠᠯ ᠠᠮᠤᠷ ᠲᠣᠭᠲᠠᠭᠤᠨ ᠢ ᠦᠨᠡᠨ ᠬᠦ ᠬᠠᠮᠠᠭᠠᠯᠠᠨ᠎ᠠ᠃ | ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠣᠯ ᠶᠡᠷᠦ ᠠᠴᠠ ᠪᠠᠨ ᠨᠠᠮ ᠤᠨ ᠲᠥᠪ | ᠬᠤᠷᠢᠶᠠᠨ ᠤ ᠬᠠᠯᠠᠮᠵᠢᠯᠠᠨ ᠰᠠᠨᠠᠭᠠᠰᠢᠷᠠᠭᠰᠠᠭᠠᠷ ᠢᠷᠡᠭᠰᠡᠨ ᠭᠠᠵᠠᠷ ᠶᠤᠮ᠂ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠢ | ᠬᠥᠭᠵᠢᠭᠦᠯᠦᠨ ᠬᠢᠯᠢ ᠶᠢᠨ ᠠᠷᠠᠳ ᠢ ᠪᠠᠶᠠᠵᠢᠭᠤᠯᠬᠤ ᠠᠵᠢᠯᠯᠠᠭᠠᠨ ᠢ ᠭᠦᠨᠵᠡᠭᠡᠢ ᠠᠬᠢᠭᠤᠯᠤᠨ᠂ ᠬᠢᠯᠢ ᠬᠢᠵᠠᠭᠠᠷ ᠤᠨ | ᠲᠥᠪ ᠪᠠᠯᠭᠠᠰᠤ ᠶᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠤᠰᠤ ᠴᠠᠬᠢᠯᠭᠠᠨ | ᠬᠡᠷᠡᠭᠯᠡᠬᠦ᠂ ᠴᠡᠪᠡᠷ ᠡᠨᠧᠷᠭᠢ ᠠᠰᠢᠭᠯᠠᠬᠤ᠂ ᠲᠤᠰᠬᠤᠨ ᠤ ᠳᠦᠷᠢ ᠲᠥᠷᠬᠦ ᠶᠢ ᠰᠠᠶᠢᠵᠢᠷᠠᠭᠤᠯᠬᠤ ᠵᠡᠷᠭᠡ ᠬᠦᠷᠢᠶ᠎ᠡ | ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠦᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ | ᠲᠦᠷᠭᠡᠳᠬᠡᠨ ᠨᠥᠬᠦᠪᠦᠷᠢᠯᠡᠵᠦ᠂ ᠬᠢᠯᠢ ᠶᠢᠨ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠨᠢ ᠤᠯᠠᠮ | ᠨᠢᠭᠡ ᠠᠯᠬᠤᠮ ᠰᠠᠶᠢᠵᠢᠷᠠᠭᠤᠯᠵᠤ᠂ ᠬᠢᠯᠢ ᠬᠢᠵᠠᠭᠠᠷ ᠤᠨ ᠠᠷᠠᠳ ᠲᠦᠮᠡᠨ ᠢ ᠠᠮᠤᠷ ᠠᠮᠤᠭᠤᠯᠠᠩ ᠠᠵᠤ | ᠲᠦᠷᠦᠭᠦᠯᠵᠥ᠂ ᠬᠢᠯᠢ ᠬᠢᠵᠠᠭᠠᠷ ᠢᠶᠠᠨ ᠰᠡᠳᠬᠢᠯ ᠲᠣᠭᠲᠠᠭᠤᠨ ᠰᠠᠬᠢᠨ ᠬᠠᠮᠠᠭᠠᠯᠠᠭᠤᠯᠤᠨ᠎ᠠ᠃ ᠰᠢᠨ᠎ᠡ ᠴᠠᠭ ᠦᠶ᠎ᠡ ᠶᠢᠨ | ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ᠂ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠨᠡᠩ ᠰᠠᠶᠢᠲᠤᠷ ᠦᠢᠯᠡᠴᠢᠯᠡᠵᠦ᠂ | ᠤᠯᠤᠰ ᠢᠶᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ ᠪᠦᠬᠦᠯᠢ ᠴᠣᠭᠴᠠ ᠶᠢᠨ ᠴᠢᠳᠠᠪᠤᠷᠢ ᠪᠠᠨ | ᠲᠡᠬᠡᠭᠰᠢᠯᠡᠬᠦᠯᠦᠨ᠎ᠡ᠃ | ᠲᠥᠯᠥᠭᠡᠯᠡᠭᠴᠢᠳ ᠠ᠋︕ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠵᠠᠰᠠᠭ ᠤᠨ ᠣᠷᠳᠣᠨ ᠤ | ᠠᠵᠢᠯ ᠳᠤ ᠰᠢᠨ᠎ᠡ ᠠᠬᠢᠯᠲᠠ ᠲᠠᠪᠰᠢᠯᠲᠠ ᠲᠠᠢ ᠪᠣᠯᠭᠠᠵᠤ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ | ᠲᠡᠷᠢᠭᠦᠨ ᠴᠢᠬᠤᠯᠠ ᠨᠢ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠠᠪᠤᠳᠠᠯ ᠪᠣᠯᠣᠨ᠎ᠠ᠂ | ᠢᠮᠠᠭᠲᠠ ᠨᠠᠮ ᠳᠤ ᠪᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠵᠤ᠂ ︽ᠬᠤᠶᠠᠷ ᠢ ᠲᠣᠭᠲᠠᠭᠠᠭᠰᠠᠨ︾ ᠢ | ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠂ ᠨᠠᠮ ᠤᠨ ᠲᠥᠪ ᠬᠤᠷᠢᠶᠠᠨ ᠤ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭᠠᠲᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠨᠢᠭᠡ ᠰᠡᠳᠬᠢᠯ ᠨᠢᠭᠡ | ᠵᠣᠷᠢᠭ ᠢᠶᠠᠷ ᠬᠥᠭᠵᠢᠯᠲᠡ ᠶᠢ ᠡᠷᠢᠯᠬᠢᠯᠡᠨ᠎ᠡ᠂ ᠰᠢᠨ᠎ᠡ ᠵᠠᠮ ᠢ ᠨᠡᠭᠡᠭᠡᠨ ᠳᠤᠮᠳᠠ ᠲᠦᠪᠰᠢᠨ ᠳᠤ ᠳᠠᠪᠰᠢᠬᠤ | ᠬᠠᠷᠠᠯᠲᠠ ᠪᠠᠨ ᠣᠨᠢᠯᠠᠵᠤ᠂ ᠡᠷᠴᠢ ᠵᠣᠷᠢᠭ ᠢᠶᠠᠨ ᠬᠥᠪᠴᠢᠯᠡᠨ ᠲᠡᠷᠢᠭᠦᠨ ᠤ ᠬᠢ ᠪᠣᠯᠬᠤ ᠪᠠᠷ ᠡᠷᠡᠯᠬᠡᠭᠯᠡᠨ ᠲᠡᠮᠡᠴᠡᠵᠦ᠂ | ᠮᠠᠨ ᠤ ᠣᠷᠣᠨ ᠤ ᠬᠢᠯᠪᠠᠷ ᠪᠤᠰᠤ ᠪᠠᠷ ᠴᠢᠷᠮᠠᠶᠢᠨ ᠣᠯᠣᠭᠰᠠᠨ ᠰᠠᠶᠢᠨ ᠪᠠᠶᠢᠳᠠᠯ ᠬᠠᠨᠳᠤᠰᠢ ᠪᠠᠨ ᠪᠠᠲᠤᠯᠠᠨ᠎ᠠ᠃ ᠴᠢᠩ | ᠦᠨᠡᠨ ᠰᠡᠳᠬᠢᠯ ᠠᠴᠠ ᠪᠠᠨ ᠬᠦᠴᠢᠷ ᠠᠰᠠᠭᠤᠳᠠᠯ ᠢ ᠰᠢᠢᠳᠪᠦᠷᠢᠯᠡᠨ᠎ᠡ᠂ ᠦᠨᠳᠦᠰᠦᠨ ᠱᠠᠲᠤᠨ ᠤ ᠨᠢᠭᠡᠳᠦᠭᠡᠷ | ᠹᠷᠣᠨᠲ ᠲᠤ ᠭᠦᠨᠵᠡᠭᠡᠶᠢᠷᠡᠵᠦ ᠪᠠᠶᠢᠳᠠᠯ ᠢ ᠪᠣᠳᠠᠲᠠᠢ ᠣᠶᠢᠯᠠᠭᠠᠨ᠂ ᠠᠰᠠᠭᠤᠳᠠᠯ ᠢ ᠲᠣᠳᠣᠷᠬᠠᠢ ᠣᠶᠢᠯᠠᠭᠠᠵᠤ᠂ | ᠪᠣᠳᠠᠲᠠᠢ ᠪᠥᠭᠡᠳ ᠴᠢᠩᠭ᠎ᠠ ᠠᠷᠭ᠎ᠠ ᠬᠡᠮᠵᠢᠶ᠎ᠡ ᠠᠪᠴᠤ ᠪᠠᠶᠢᠭᠠᠳ ᠣᠯᠠᠨ ᠲᠦᠮᠡᠨ ᠤ ᠵᠣᠪᠠᠨᠢᠵᠤ ᠪᠠᠶᠢᠭ᠎ᠠ ᠶᠠᠪᠤᠳᠠᠯ᠂ | ᠠᠵᠤ ᠠᠬᠤᠶᠢᠯᠠᠯ ᠤᠨ ᠬᠦᠰᠡᠵᠦ ᠪᠠᠶᠢᠭ᠎ᠠ ᠶᠠᠪᠤᠳᠠᠯ᠂ ᠦᠨᠳᠦᠰᠦᠨ ᠱᠠᠲᠤᠨ ᠤ ᠬᠦᠴᠢᠷᠳᠡᠵᠦ ᠪᠠᠶᠢᠭ᠎ᠠ ᠶᠠᠪᠤᠳᠠᠯ ᠢ | ᠰᠠᠶᠢᠲᠤᠷ ᠰᠢᠢᠳᠪᠦᠷᠢᠯᠡᠨ᠎ᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠪᠠᠷ ᠪᠠᠷᠠᠬᠤ ᠦᠭᠡᠢ ᠪᠠᠰᠠ ᠴᠢᠩᠭ᠎ᠠ | ᠠᠳᠬᠤᠨ ᠲᠦᠷᠭᠡᠨ ᠭᠦᠢᠴᠡᠳᠬᠡᠨ᠎ᠡ᠂ ᠬᠠᠤᠯᠢ ᠲᠣᠭᠲᠠᠭᠠᠯ ᠳᠤ ᠴᠠᠭᠠᠵᠠᠯᠠᠭᠰᠠᠨ ᠢ ᠣᠭᠲᠤ ᠬᠢᠬᠦ ᠦᠭᠡᠢ᠂ ᠬᠠᠤᠯᠢ | ᠲᠣᠭᠲᠠᠭᠠᠯ ᠳᠤ ᠨᠡᠶᠢᠴᠡᠭᠰᠡᠨ ᠤᠷᠢᠳᠠᠯ ᠳᠣᠣᠷ᠎ᠠ ᠵᠠᠰᠠᠭ ᠶᠠᠪᠤᠭᠤᠯᠬᠤ ᠴᠤᠪᠤᠷᠠᠯ ᠢᠶᠠᠨ ᠰᠢᠯᠢᠳᠡᠭᠵᠢᠭᠦᠯᠵᠦ᠂ ᠠᠵᠢᠯ | ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠥᠷᠯᠥᠭᠡ ᠦᠳᠡᠰᠢ ᠦᠭᠡᠢ ᠴᠢᠷᠮᠠᠶᠢᠵᠤ ᠡᠯ᠎ᠡ | ᠵᠦᠢᠯ ᠤᠨ ᠠᠵᠢᠯ ᠢᠶᠠᠨ ᠰᠠᠶᠢᠲᠤᠷ ᠬᠢᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠥᠷᠥ ᠶᠢᠨ ᠵᠥᠪᠯᠡᠯᠭᠡᠨ ᠵᠡᠷᠭᠡ ᠡᠯ᠎ᠡ ᠲᠠᠯ᠎ᠠ ᠶᠢᠨ ᠬᠢᠨ ᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠲᠥᠪ ᠤᠨ ᠲᠣᠭᠤᠷᠢᠨ ᠪᠠᠶᠢᠴᠠᠭᠠᠯᠲᠠ᠂ ᠬᠠᠷᠢᠭᠤᠴᠠᠯᠭ᠎ᠠ ᠶᠢᠨ ᠬᠢᠨᠠᠨ ᠪᠣᠳᠣᠯᠲᠠ ᠵᠢᠴᠢ ᠡᠯ᠎ᠡ | ᠲᠦᠷᠦᠯ ᠤᠨ ᠬᠢᠨᠠᠯᠲᠠ ᠪᠠᠶᠢᠴᠠᠭᠠᠯᠲᠠ ᠪᠠᠷ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠲᠡᠷᠡ ᠶᠣᠰᠣᠭᠠᠷ ᠨᠢ ᠰᠠᠶᠢᠲᠤᠷ ᠠᠳᠬᠤᠨ᠎ᠠ᠃ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠪᠣᠯ ᠵᠠᠰᠠᠭ ᠤᠨ | ᠣᠷᠳᠣᠨ ᠤ ᠠᠵᠢᠯᠲᠠᠨ ᠨᠢᠭᠡᠪᠦᠷᠢ ᠶᠢᠨ ᠡᠷᠬᠡᠪᠰᠢ ᠪᠠᠲᠤ ᠰᠠᠬᠢᠬᠤ ᠬᠤᠷᠢᠭ᠎ᠠ ᠱᠤᠭᠤᠮ ᠪᠣᠯᠣᠨ᠎ᠠ᠂ ᠨᠠᠮ ᠤᠨ ᠡᠯ᠎ᠡ | ᠵᠦᠢᠯ ᠤᠨ ᠰᠠᠬᠢᠯᠭ᠎ᠠ ᠪᠠᠲᠤ ᠲᠣᠭᠲᠠᠭᠠᠯ ᠳᠦᠷᠢᠮ ᠢ ᠴᠢᠩᠭ᠎ᠠ ᠰᠠᠬᠢᠨ᠂ ᠵᠥᠪ ᠣᠨᠣᠪᠴᠢᠲᠠᠢ ᠡᠷᠬᠡ ᠶᠢᠨ ᠦᠵᠡᠯᠲᠡ᠂ | ᠵᠠᠰᠠᠭ ᠤᠨ ᠪᠦᠳᠣᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠪᠠᠨ ᠪᠠᠲᠤ ᠪᠣᠯᠭᠠᠵᠤ᠂ ᠳᠦᠷᠢᠮ | ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢᠨ ᠳᠠᠭᠠᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠣᠯᠠᠨ ᠲᠦᠮᠡᠨ ᠤ ᠢᠲᠡᠭᠡᠯ ᠢ ᠶᠠᠭᠠᠬᠢᠭᠰᠠᠨ ᠴᠦ | ᠬᠥᠰᠡᠷᠳᠡᠭᠦᠯᠬᠦ ᠦᠭᠡᠢ᠂ ᠵᠣᠬᠢᠶᠠᠨ ᠪᠠᠶᠢᠭᠤᠯᠤᠯᠲᠠ ᠶᠢᠨ ᠬᠥᠮᠦᠵᠢᠯ ᠪᠠ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠦ | ᠬᠥᠰᠡᠷᠳᠡᠭᠦᠯᠵᠦ ᠪᠤᠯᠬᠤ ᠦᠭᠡᠢ᠃ | ᠲᠥᠯᠥᠭᠡᠯᠡᠭᠴᠢᠳ ᠠ᠋︕ ᠥᠪᠥᠷ ᠮᠣᠩᠭᠤᠯ ᠪᠣᠯ ᠡᠷᠲᠡᠨ ᠠᠴᠠ ᠪᠠᠨ ᠠᠪᠤᠭᠠᠳ ᠣᠯᠠᠨ ᠦᠨᠳᠦᠰᠦᠲᠡᠨ | ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠣᠯᠣᠨ᠎ᠠ᠂ ᠠᠳᠡ ᠠᠮᠢᠳᠤᠷᠠᠵᠤ ᠪᠠᠶᠢᠭ᠎ᠠ ᠬᠥᠮᠥᠰ ᠴᠡᠴᠡᠭᠡᠢ ᠪᠠᠨ | ᠬᠠᠶᠢᠷᠠᠯᠠᠬᠤ ᠰᠢᠭ᠋ ᠢᠶᠠᠷ ᠦᠨᠳᠦᠰᠦᠲᠡᠨ ᠤ ᠪᠦᠯᠬᠦᠮᠳᠡᠯ ᠢ ᠬᠠᠶᠢᠷᠠᠯᠠᠵᠤ᠂ ᠠᠮᠢ ᠨᠠᠰᠤ ᠪᠠᠨ ᠨᠠᠨᠳᠢᠩᠨᠠᠬᠤ ᠰᠢᠭ᠋ ᠢᠶᠠᠷ | ᠦᠨᠳᠦᠰᠦᠲᠡᠨ ᠤ ᠪᠦᠯᠬᠦᠮᠳᠡᠯ ᠢ ᠨᠠᠨᠳᠢᠩᠨᠠᠳᠠᠭ ᠶᠤᠮ᠃ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ | ᠳᠣᠯᠣᠭᠠᠨ ᠲᠠᠯ᠎ᠠ ᠪᠠᠷ ᠵᠢᠱᠢᠶᠡᠴᠢ ᠪᠣᠯᠬᠤ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ | ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ | ᠲᠦᠮᠡᠨᠴᠢ ᠬᠥᠮᠦᠵᠢᠯ ᠢ ᠪᠠᠶᠢᠩᠭᠤᠰᠢᠭᠤᠯᠤᠨ ᠥᠷᠨᠢᠭᠦᠯᠵᠦ᠂ ︽ᠵᠢᠷᠭᠤᠭᠠᠨ ᠥᠭᠦᠯᠡᠪᠦᠷᠢ ᠦᠭᠡᠨ ᠤ ᠪᠣᠳᠠᠲᠤ | ᠶᠠᠪᠤᠳᠠᠯ ᠪᠠ ᠶᠣᠰᠣ ᠤᠴᠢᠷ︾ ᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠬᠤ ᠬᠡᠷᠡᠭᠲᠡᠢ᠃ ᠪᠢᠳᠡ | ᠶᠡᠷᠦᠩᠬᠡᠢ ᠱᠦᠵᠢ ᠰᠢ ᠶᠢᠨ ᠫᠢᠩ ᠤᠨ ᠵᠢᠭᠠᠨ ᠵᠢᠯᠣᠭᠤᠳᠤᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠦᠨᠡᠨ | ᠪᠣᠳᠠᠲᠠᠢ ᠰᠢᠷᠭᠠᠭᠤ ᠠᠵᠢᠯᠯᠠᠳᠠᠭ ᠯᠠ ᠶᠤᠮ ᠪᠣᠯ᠂ ᠦᠨᠳᠦᠰᠦᠲᠡᠨ ᠨᠦᠭᠦᠳ ᠤᠨ ᠠᠷᠠᠳ ᠲᠦᠮᠡᠨ ᠠᠨᠠᠷ ᠤᠨ ᠦᠷ᠎ᠡ | ᠰᠢᠭ ᠨᠢᠭᠲᠠᠷᠠᠨ ᠪᠦᠯᠬᠦᠮᠳᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠳᠡᠭ ᠯᠠ | ᠶᠤᠮ ᠪᠣᠯ᠂ ᠯᠠᠪᠲᠠᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠡᠨᠡ ᠬᠦ ᠲᠤᠭ ᠤᠨ ᠥᠩᠭᠡ ᠭᠢᠯᠪᠠᠭ᠎ᠠ ᠶᠢ | ᠤᠯᠠᠮ ᠭᠢᠯᠠᠯᠵᠠᠭᠤᠯᠤᠨ ᠰᠠᠴᠤᠷᠠᠭᠤᠯᠤᠨ᠎ᠠ ᠭᠡᠳᠡᠭ ᠲᠤ ᠪᠠᠲᠤ ᠢᠲᠡᠭᠡᠯ ᠲᠠᠢ ᠪᠠᠶᠢᠨ᠎ᠠ︕ | ᠲᠥᠯᠥᠭᠡᠯᠡᠭᠴᠢᠳ ᠠ᠋︕ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠣᠯ ᠡᠷᠡᠮᠡᠬᠡᠶᠢᠯᠡᠨ ᠲᠡᠮᠡᠦᠯᠵᠦ | ᠪᠠᠶᠢᠭᠠᠳ ᠡᠷᠴᠢᠯᠡᠳᠡᠭ ᠶᠤᠮ᠂ ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ ᠶᠢ ᠪᠣᠯ ᠭᠠᠪᠰᠢᠭᠠᠶᠢᠯᠠᠨ ᠲᠡᠮᠡᠴᠡᠵᠦ | ᠪᠠᠶᠢᠭᠠᠳ ᠬᠥᠪᠴᠢᠯᠡᠳᠡᠭ ᠶᠤᠮ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠣᠯ ᠰᠢᠭᠤᠷᠬᠠᠶᠢᠯᠠᠨ ᠠᠵᠢᠯᠯᠠᠵᠤ | ᠪᠠᠶᠢᠭᠠᠳ ᠪᠠᠶᠢᠭᠤᠯᠳᠠᠭ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠶᠡᠭᠡ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠳᠠᠭᠠᠭᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠨ᠂ ᠦᠨᠡᠨ ᠬᠦ ᠴᠢᠷᠮᠠᠶᠢᠨ ᠪᠣᠳᠠᠲᠠᠢ | ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕ |