| ᠤᠯᠠᠭᠠᠶ ᠬᠠᠮᠢᠶᠠᠷᠤᠯᠲᠠ ᠶᠢᠨ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡ | ᠢᠳᠡᠪᠬᠢᠲᠡᠶ ᠬᠥᠳᠡᠯᠦᠯᠴᠡᠵᠦ᠂ ᠥᠨᠳᠥᠷ ᠪᠦᠲᠦᠮᠵᠢᠲᠡᠶ ᠠᠵᠢᠯᠯᠠᠵᠤ᠂ 5 ᠰᠠᠷ᠎ᠠ ᠶᠢᠨ 20 ᠤ ᠡᠳᠦᠷ ᠪᠣᠯᠲᠠᠯ᠎ᠠ᠂ | 20 ᠲᠦᠮᠡᠨ ᠮᠥ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ ᠡᠭᠦᠷᠭᠡ ᠪᠠᠨ ᠲᠡᠭᠦᠰ | ᠠᠮᠵᠢᠯᠲᠠ ᠲᠠᠢ ᠪᠡᠶᠡᠯᠡᠭᠦᠯᠪᠡ᠃ ᠡᠭᠦᠨ ᠳᠤ ᠭᠠᠵᠠᠷ ᠳᠡᠭᠡᠷᠡᠬᠢ ᠬᠤᠯᠤᠭᠠᠨ᠎ᠠ ︵ᠥᠯ ᠤᠨ ᠴᠠᠭᠠᠨ ᠤᠳᠤᠭᠤᠨᠠ︶ | ᠪᠣᠯᠣᠨ ᠭᠠᠵᠠᠷ ᠲᠤᠤᠷᠠᠬᠢ ᠬᠤᠯᠤᠭᠠᠨ᠎ᠠ ︵ᠲᠠᠯ᠎ᠠ ᠨᠤᠲᠤᠭ ᠤᠨ ᠨᠣᠮᠣᠨ ᠰᠤᠬᠤᠷ︶ ᠶᠢ ᠰᠡᠷᠭᠡᠶᠢᠯᠡᠨ ᠵᠠᠰᠠᠭᠰᠠᠨ | ᠲᠠᠯᠠᠪᠠᠢ ᠲᠣᠰ ᠪᠦᠷᠢ 10 ᠲᠦᠮᠡᠨ ᠮᠦ ᠳᠤ ᠬᠦᠷᠪᠡ᠃ | 5 ᠰᠠᠷ᠎ᠠ ᠶᠢᠨ 24 ᠤ ᠡᠳᠦᠷ᠂ ᠠᠶᠢᠮᠠᠭ ᠤᠨ ᠲᠠᠯ᠎ᠠ ᠨᠤᠳᠤᠭ ᠤᠨ ᠠᠵᠢᠯ ᠤᠨ ᠦᠷᠳᠡᠭᠡᠨ ᠤ ᠰᠡᠷᠭᠡᠶᠢᠯᠡᠨ | ᠵᠠᠰᠠᠬᠤ ᠬᠢᠵᠢᠭ ᠪᠠᠶᠢᠴᠠᠭᠠᠬᠤ ᠰᠠᠯᠠᠭᠠᠨ ᠤ ᠹᠦ᠋ ᠮᠢᠩ ᠯᠢ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠲᠠᠯ᠎ᠠ ᠨᠤᠳᠤᠭ ᠪᠤᠯᠤᠨ ᠡᠬᠢ ᠪᠠᠶᠠᠯᠢᠭ ᠤᠷᠴᠢᠨ ᠲᠤᠭᠤᠷᠢᠨ ᠤ ᠲᠡᠭᠡᠳᠦ ᠰᠤᠷᠭᠠᠭᠤᠯᠢ ᠶᠢᠨ ᠪᠥ᠋ | ᠹᠠᠨ ᠪᠠᠭᠰᠢ ᠪᠤᠯᠤᠨ ᠬᠦᠪᠡᠭᠡᠲᠦ ᠰᠢᠷ᠎ᠠ ᠬᠤᠰᠢᠭᠤᠨ ᠤ ᠲᠠᠯ᠎ᠠ ᠨᠤᠳᠤᠭ ᠤᠨ ᠠᠵᠢᠯᠯᠠᠬᠤ ᠦᠷᠳᠡᠭᠡᠨ ᠤ ᠢᠨᠵᠧᠨᠧᠷ | ᠰᠦᠨ ᡁᠢ ᠫᠧᠩ ᠵᠡᠷᠭᠡ ᠬᠦᠮᠦᠰ ᠲᠦᠷᠦᠯ ᠵᠦᠢᠯ ᠤᠨ ᠪᠠᠶᠢᠴᠠᠭᠠᠯᠳᠠ ᠶᠢᠨ ᠲᠤᠭᠤᠶᠢᠯᠠᠩ ᠠᠴᠠ ᠤᠯᠠᠭᠠᠢ ᠶᠢᠨ ᠲᠠᠯ᠎ᠠ | ᠨᠤᠳᠤᠭ ᠤᠨ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠨᠠᠷᠢᠯᠢᠭ ᠰᠢᠯᠭᠠᠨ ᠠᠪᠤᠭᠰᠠᠨ ᠪᠠᠶᠢᠨ᠎ᠠ᠃ | ᠪᠠᠶᠢᠴᠠᠭᠠᠬᠤ ᠳᠤᠭᠤᠶᠢᠯᠠᠩ ᠨᠢ ᠴᠢᠩᠭ᠎ᠠ ᠨᠢᠮᠪᠠᠶ ᠬᠠᠷᠢᠭᠤᠴᠠᠬᠤ ᠣᠪᠣᠷ ᠢ ᠪᠠᠷᠢᠮᠲᠠᠯᠠᠨ᠂ ᠰᠡᠷᠭᠡᠶᠢᠯᠡᠨ ᠵᠠᠰᠠᠬᠤ ᠣᠷᠣᠨ | ᠪᠦᠰᠡ ᠳᠤ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠬᠤ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠵᠡᠷᠭᠡ | ᠠᠯᠢ ᠣᠯᠠᠨ ᠠᠵᠢᠯ ᠢ ᠬᠢᠵᠦ᠂ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠶᠢ ᠣᠨᠣᠪᠴᠢᠲᠠᠶ ᠦᠨᠡᠯᠡᠨ ᠵᠢᠱᠢᠬᠦ ᠪᠠᠷ | ᠴᠢᠷᠮᠠᠶᠢᠵᠠᠢ᠃ | ᠲᠣᠰ ᠤᠳᠠᠭᠠᠨ ᠤ ᠲᠠᠯ᠎ᠠ ᠨᠤᠲᠤᠭ ᠤᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ ᠲᠥᠷᠥᠯ | ᠵᠦᠢᠯ ᠢ ᠤᠷᠤᠭᠰᠢᠲᠠᠶ ᠰᠢᠯᠭᠠᠨ ᠠᠪᠤᠭᠰᠠᠨ ᠨᠢ ᠤᠯᠠᠭᠠᠶ ᠬᠠᠮᠢᠶᠠᠷᠤᠯᠲᠠ ᠶᠢᠨ ᠣᠷᠣᠨ ᠤ ᠨᠤᠲᠤᠭ ᠪᠡᠯᠴᠢᠭᠡᠷ ᠤᠨ | ᠠᠮᠢ ᠠᠬᠤᠶ ᠶᠢᠨ ᠬᠠᠮᠠᠭᠠᠯᠠᠯᠲᠠ ᠶᠢᠨ ᠲᠠᠯ᠎ᠠ ᠪᠠᠷ ᠬᠢ ᠡᠷᠡᠰ ᠵᠣᠷᠢᠭ ᠪᠠ ᠦᠷ᠎ᠡ ᠪᠦᠲᠦᠮᠵᠢ ᠶᠢ ᠬᠠᠷᠠᠭᠤᠯᠤᠭᠰᠠᠨ ᠢᠶᠠᠷ | ᠪᠠᠷᠠᠬᠤ ᠥᠬᠡᠶ᠂ ᠲᠠᠷᠠᠭᠠᠴᠢ ᠶᠢᠨ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠠᠮᠢ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ |