ᠨᠣᠮᠢᠨ ᠤᠯᠠᠭᠠᠶ ᠤᠰᠤᠨ ᠴᠥᠭᠦᠷᠥᠮ ᠪᠠ ᠤᠰᠤᠨ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠲᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2025/6/3
     5 ᠰᠠᠷ᠎ᠠ ᠶᠢᠨ 24 ᠤ ᠡᠳᠣᠷ ᠣᠯᠠᠭᠠᠢ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠲᠡᠳ᠋ ᠱᠦᠵᠢ᠂ ᠬᠠᠮᠢᠶᠠᠷᠣᠯᠳᠠ ᠶᠢᠨ ᠵᠦᠪᠯᠡᠯ ᠤᠨ ᠡᠷᠬᠢᠯᠡᠭᠴᠢ ᠨᠣᠮᠢᠨ ᠣᠯᠠᠭᠠᠢ ᠣᠰᠣᠨ ᠴᠦᠬᠦᠷᠦᠮ ᠳᠤ ᠬᠦᠷᠴᠦ ᠭᠤᠣᠯ ᠴᠠᠭᠳᠠᠵᠦ ᠰᠢᠯᠢ ᠶᠢᠨ ᠭᠤᠣᠯ ᠠᠶᠢᠮᠠᠭ ᠤᠨ ᠣᠯᠠᠭᠠᠢ ᠣᠰᠣᠨ ᠴᠦᠬᠦᠷᠦᠮ ᠤᠨ ᠬᠠᠮᠢᠶᠠᠷᠣᠨ ᠬᠠᠮᠠᠭᠠᠯᠠᠬᠤ ᠲᠦᠪ ᠲᠤ ᠪᠠᠶᠢᠴᠠᠭᠠᠨ ᠰᠣᠳᠣᠯᠣᠯᠳᠠ ᠬᠢᠪᠡ᠃      ᠨᠣᠮᠢᠨ ᠤᠯᠠᠭᠠᠶ ᠤᠰᠤᠨ ᠴᠥᠭᠦᠷᠥᠮ᠂ ᠤᠰᠤᠨ ᠴᠥᠭᠦᠷᠥᠮ ᠤᠨ ᠶᠡᠭᠡ ᠬᠠᠰᠢᠯᠭ᠎ᠠ᠂ ᠤᠰᠤᠨ ᠲᠦᠪᠰᠢᠨ ᠢ ᠬᠢᠨᠠᠨ ᠬᠡᠮᠵᠢᠬᠦ ᠲᠥᠬᠦᠭᠡᠷᠦᠮᠵᠢ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠤᠰᠤᠨ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠤᠨ ᠤᠰᠤᠨ ᠴᠥᠭᠦᠷᠥᠮ ᠤᠨ ᠬᠠᠮᠢᠶᠠᠷᠤᠯᠲᠠ᠂ ᠴᠥᠭᠦᠷᠥᠮ ᠤᠨ ᠤᠰᠤᠨ ᠲᠦᠪᠰᠢᠨ ᠤ ᠲᠣᠬᠢᠷᠠᠭᠤᠯᠤᠯ ᠡᠵᠡᠮᠳᠡᠯ᠂ ᠤᠰᠤᠨ ᠴᠥᠭᠦᠷᠥᠮ ᠤᠨ ᠤᠰᠤ ᠬᠠᠳᠠᠭᠠᠯᠠᠵᠤ ᠦᠶᠡᠷ ᠵᠠᠯᠠᠬᠤ᠂ ᠵᠢᠵᠢᠭᠦᠷᠯᠡᠨ ᠰᠠᠬᠢᠬᠤ ᠪᠠ ᠦᠶᠡᠷ ᠤᠨ ᠬᠤᠭᠤᠴᠠᠭᠠᠨ ᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠨᠠᠷᠢᠨ ᠬᠢᠨᠠᠮᠠᠭᠠᠶ ᠰᠣᠨᠣᠰᠪᠠ᠃ ᠨᠣᠮᠢᠨ ᠠᠴᠠ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠨ ᠦᠶᠡᠷ ᠢ ᠪᠡᠯᠡᠳᠬᠡᠵᠦ᠂ ᠤᠰᠤᠨ ᠴᠥᠭᠦᠷᠥᠮ ᠤᠨ ᠤᠰᠤᠨ ᠲᠦᠪᠰᠢᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠲᠣᠭᠤᠷᠢᠨ ᠪᠠᠶᠢᠴᠠᠭᠠᠵᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠤᠰᠤᠨ ᠴᠥᠭᠦᠷᠥᠮ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠬᠠᠮᠲᠤ ᠪᠠᠰᠠ ᠤᠯᠠᠭᠠᠶ ᠤᠰᠤᠨ ᠤ ᠡᠬᠢ ᠪᠠᠶᠠᠯᠢᠭ ᠤᠨ ᠠᠮᠢ ᠠᠬᠤᠶ ᠶᠢᠨ ᠦᠨ᠎ᠡ ᠥᠷᠲᠡᠭ ᠪᠣᠯᠤᠨ ᠠᠵᠤ ᠠᠬᠤᠶ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠨᠣᠮᠢᠨ ᠪᠠᠰᠠ ᠡᠯᠤᠨ ᠪᠦᠯᠦᠭᠯᠡᠯ ᠤᠨ ᠵᠦᠩ ᠺᠧ ᠬᠢᠶᠠᠭ ᠤᠨ ᠦᠷ᠎ᠡ ᠶᠢᠨ ᠰᠠᠭᠤᠷᠢᠨ ᠭᠠᠵᠠᠷ ᠢ ᠰᠢᠨᠵᠢᠯᠡᠨ ᠪᠠᠶᠢᠴᠠᠭᠠᠪᠠ᠃ ᠬᠠᠮᠢᠶᠠᠷᠤᠯᠲᠠ ᠶᠢᠨ ᠣᠷᠣᠨ ᠤ ᠨᠠᠮ ᠵᠠᠰᠠᠭ ᠤᠨ ᠠᠯᠪᠠᠨ ᠬᠡᠷ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠤᠯᠠᠭᠠᠢ ᠬᠠᠮᠢᠶᠠᠷᠤᠯᠳᠠ ᠶᠢᠨ ᠤᠷᠤᠨ ᠤ ᠠᠯᠪᠠᠨ ᠶᠠᠪᠤᠳᠠᠯ ᠤᠨ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号