ᠣᠳᠣᠬᠠᠨ ᠳᠤ ᠶᠠᠭ ᠰᠠᠶᠢᠬᠠᠨ ᠠᠵᠢᠯ ᠢᠶᠠᠨ ᠡᠬᠢᠯᠡᠬᠦᠯᠵᠤ ᠦᠢᠯᠡᠳᠪᠦᠷᠢᠯᠡᠯ ᠢᠶᠠᠨ ᠰᠡᠷᠭᠦᠭᠡᠬᠦ ᠵᠢᠴᠢ | ᠰᠤᠷᠭᠠᠭᠤᠯᠢ ᠡᠬᠢᠯᠡᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠵᠤ ᠪᠠᠶᠢᠨ᠎ᠠ᠃ ᠬᠠᠷᠢᠶ᠎ᠠ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ᠂ ᠡᠮᠬᠢ ᠳᠢᠭᠯᠢᠮ ᠲᠠᠢ᠂ ᠰᠠᠭᠠᠳ ᠦᠭᠡᠢ ᠨᠡᠪᠲᠡᠷᠡᠬᠦ ᠶᠢ | ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠶᠢᠨ ᠳᠣᠯᠣᠳᠤᠭᠠᠷ | ᠰᠠᠯᠪᠤᠷᠢ ᠠᠩᠭᠢ ᠵᠠᠮ ᠱᠤᠭᠤᠮ ᠤᠨ ᠣᠷᠴᠢᠨ ᠨᠦᠬᠦᠴᠡᠯ᠂ ᠠᠶᠤᠯᠬᠦᠢ ᠦᠢᠯᠡᠳᠪᠦᠷᠢᠯᠡᠯ᠂ ᠦᠢᠯᠡᠴᠢᠯᠡᠭᠡᠨ ᠤ | ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠣᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠪᠠᠬᠢᠵᠢᠭᠦᠯᠵᠦ᠂ ᠠᠷᠠᠳ ᠣᠯᠠᠨ ᠤ ᠠᠵᠢᠯ ᠤᠨ ᠪᠠᠶᠢᠷᠢ ᠳᠠᠭᠠᠨ | ᠪᠤᠴᠠᠵᠤ ᠰᠤᠷᠭᠠᠭᠤᠯᠢ ᠳᠠᠭᠠᠨ ᠪᠤᠴᠠᠬᠤ ᠶᠢ ᠪᠠᠲᠤᠯᠠᠵᠤ ᠪᠠᠶᠢᠨ᠎ᠠ᠃ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠪᠠᠨ | ᠦᠷᠭᠦᠯᠵᠢᠯᠡᠨ ᠴᠢᠩᠭᠠᠳᠬᠠᠵᠤ᠂ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠠᠶᠠᠨᠴᠢᠳ ᠤᠨ ᠲᠡᠷᠭᠡ | ᠠᠶᠤᠯᠳᠠᠢ ᠪᠤᠳᠠᠰ ᠲᠡᠭᠡᠭᠡᠪᠦᠷᠢᠯᠡᠭᠰᠡᠨ ᠲᠡᠷᠭᠡ ᠬᠦᠨᠳᠦ ᠠᠴᠢᠶᠠᠨ ᠤ ᠲᠡᠷᠭᠡ ᠵᠡᠷᠭᠡ ᠳᠤ ᠴᠢᠭᠯᠡᠭᠦᠯᠦᠨ ᠵᠢᠯᠣᠭᠤᠴᠢ ᠶᠢᠨ | ᠦᠨᠡᠮᠯᠡᠯ᠂ ᠡᠵᠡᠩᠨᠡᠯᠲᠡ ᠶᠢᠨ ᠬᠢᠷᠢ ᠬᠡᠮ᠂ ᠲᠡᠷᠭᠡ ᠬᠥᠰᠭᠡ ᠶᠢᠨ ᠠᠮᠤᠷ ᠲᠦᠪᠰᠢᠨ ᠤ ᠴᠢᠳᠠᠮᠵᠢ ᠪᠠ ᠲᠡᠷᠭᠡᠨ ᠳᠤ | ᠠᠴᠢᠶᠠᠯᠠᠭᠰᠠᠨ ᠡᠳ᠋ ᠪᠣᠳᠠᠰ ᠬᠠᠤᠯᠢ ᠲᠤᠭᠳᠠᠭᠠᠯ ᠠᠴᠠ ᠵᠥᠷᠢᠴᠡᠭᠰᠡᠨ ᠡᠰᠡᠬᠦ᠂ ᠳᠠᠭᠠᠭᠠᠴᠠ ᠠᠴᠠ ᠬᠡᠲᠦᠷᠡᠭᠰᠡᠨ | ᠡᠰᠡᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠵᠠᠮ ᠬᠠᠷᠢᠯᠴᠠᠭᠠᠨ ᠤ ᠠᠳᠡᠯ ᠤᠨ ᠳᠠᠯᠳᠠ ᠬᠡᠮ ᠢ ᠴᠠᠭ | ᠲᠤᠬᠠᠢ ᠳᠤᠨᠢ ᠠᠷᠢᠯᠭᠠᠵᠠᠢ᠃ ᠠᠶᠤᠯᠭᠦᠢ ᠦᠢᠯᠡᠳᠪᠦᠷᠢᠯᠡᠯ ᠢ ᠠᠬᠢᠭᠤᠯᠬᠤ ᠪᠣᠯᠣᠨ ᠴᠠᠭ ᠠᠭᠤᠷ ᠠᠴᠠ ᠪᠤᠯᠤᠭᠰᠠᠨ | ᠠᠶᠤᠯ ᠲᠦᠭᠰᠢᠭᠦᠷᠢ ᠶᠢᠨ ᠭᠡᠮ ᠰᠣᠭᠤᠭ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠦᠷᠭᠦᠯᠵᠢᠯᠡᠨ | ᠦᠷᠨᠢᠬᠦᠯᠵᠥ᠂ ᠬᠥᠭᠦᠷᠭᠡ ᠶᠢᠨ ᠭᠤᠯᠳᠤᠩ᠂ ᠨᠠᠯᠠᠤ ᠵᠠᠮ᠂ ᠮᠤᠷᠤᠢ ᠵᠠᠮ᠂ ᠠᠳᠡᠯ ᠠᠮᠠᠷᠬᠠᠨ ᠭᠠᠷᠬᠤ ᠭᠡᠰᠡᠭ᠂ ᠴᠠᠰᠤ | ᠬᠤᠷᠠᠵᠤ ᠮᠥᠰᠥ ᠬᠥᠯᠳᠡᠬᠦ ᠵᠠᠮ ᠤᠨ ᠬᠡᠰᠡᠭ᠂ ᠲᠦᠷᠭᠡᠨ ᠤ ᠵᠠᠮ ᠤᠨ ᠣᠷᠣᠵᠤ ᠭᠠᠷᠬᠤ ᠭᠠᠵᠠᠷ ᠵᠢᠴᠢ | ᠦᠢᠯᠡᠴᠢᠯᠡᠭᠡᠨ ᠤ ᠲᠣᠭᠤᠷᠢᠭ ᠵᠡᠷᠭᠡ ᠣᠷᠣᠨ ᠪᠠᠶᠢᠷᠢ ᠶᠢ ᠭᠤᠤᠯᠳᠠᠯᠭ᠎ᠠ ᠲᠠᠢ ᠪᠠᠶᠢᠴᠠᠭᠠᠵᠤ᠂ ᠭᠡᠮ ᠰᠣᠭᠤᠭ ᠪᠣᠯᠣᠨ | ᠠᠰᠠᠭᠤᠳᠠᠯ ᠢ ᠢᠯᠡᠷᠡᠭᠦᠯᠵᠦ ᠴᠠᠭ ᠲᠤᠬᠠᠢ ᠳᠤᠨᠢ ᠬᠠᠮᠢᠶ᠎ᠠ ᠪᠦᠬᠦᠢ ᠨᠢᠭᠡᠴᠢ ᠶᠢ ᠱᠠᠯᠠᠪᠳᠠᠭᠤᠯᠤᠨ ᠴᠡᠭᠴᠡᠯᠡᠨ | ᠰᠠᠶᠢᠵᠢᠷᠠᠭᠤᠯᠵᠠᠢ᠃ ᠦᠢᠯᠡᠴᠢᠯᠡᠭᠡᠨ ᠤ ᠲᠣᠭᠤᠷᠢᠭ ᠤᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠲᠦᠷᠭᠡᠨ ᠤ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠶᠢ ᠱᠠᠯᠠᠪᠳᠠᠭᠤᠯᠤᠨ ᠲᠡᠷᠭᠡ | ᠵᠣᠭᠰᠤᠭᠠᠬᠤ᠂ ᠲᠣᠰᠣ ᠨᠡᠮᠡᠬᠦ᠂ ᠴᠠᠬᠢᠯᠭᠠᠨ ᠴᠡᠨᠡᠭᠯᠡᠬᠦ ᠵᠡᠷᠭᠡ ᠠᠶᠠᠨᠴᠢᠳ ᠤᠨ ᠶᠠᠪᠤᠵᠤ ᠰᠠᠭᠤᠬᠤ ᠦᠢᠯᠡᠴᠢᠯᠡᠭᠡᠨ ᠤ | ᠪᠠᠲᠤᠯᠠᠭ᠎ᠠ ᠶᠢᠨ ᠠᠵᠢᠯ ᠢ ᠰᠠᠶᠢᠳᠤᠷ ᠬᠢᠵᠤ᠂ ᠦᠢᠯᠡᠴᠢᠯᠡᠭᠡᠨ ᠤ ᠲᠣᠭᠤᠷᠢᠭ ᠤᠨ ᠲᠣᠰᠣᠨ ᠤ ᠵᠦᠢᠯ᠂ ᠬᠠᠯᠠᠭᠤᠨ | ᠤᠰᠤ᠂ ᠢᠳᠡᠭᠡᠨ ᠵᠡᠷᠭᠡ ᠡᠳ᠋ ᠪᠠᠷᠠᠭ᠎ᠠ ᠭᠦᠢᠴᠡᠳ ᠪᠠᠶᠢᠬᠤ ᠶᠢ ᠪᠠᠲᠤᠯᠠᠵᠤ᠂ ᠲᠠᠸᠠᠷ ᠤᠨ ᠬᠠᠩᠭᠠᠯᠭ᠎ᠠ ᠭᠦᠢᠴᠡᠳ᠂ | ᠦᠨ᠎ᠡ ᠬᠠᠩᠰᠢ ᠲᠣᠭᠲᠠᠭᠤᠨ ᠪᠥᠭᠡᠳ ᠵᠦᠢ ᠵᠣᠬᠢᠰᠲᠠᠢ᠂ ᠦᠢᠯᠡᠴᠢᠯᠡᠭᠡᠨ ᠤ ᠲᠣᠭᠤᠷᠢᠭ ᠤᠨ ᠣᠷᠴᠢᠨ | ᠲᠣᠭᠤᠷᠢᠨ ᠤ ᠠᠷᠢᠭᠤᠨ ᠴᠡᠪᠡᠷ᠂ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠳᠤᠯᠠᠪᠠ᠃ ᠰᠠᠯᠠᠭ᠎ᠠ ᠮᠥᠴᠢᠷ ᠤᠨ | ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠴᠠᠰᠤ ᠣᠷᠣᠭᠰᠠᠨ ᠵᠠᠮ ᠤᠨ ᠪᠠᠶᠢᠳᠠᠯ ᠤᠨ ᠪᠣᠳᠠᠳᠤ ᠪᠠᠶᠢᠳᠠᠯ ᠳᠤ | ᠴᠢᠭᠯᠡᠭᠦᠯᠦᠨ᠂ ᠠᠷᠠᠴᠢᠯᠠᠨ ᠬᠠᠮᠠᠭᠠᠯᠠᠬᠤ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠬᠤᠷᠠᠭᠰᠠᠨ ᠴᠠᠰᠤ ᠶᠢ | ᠴᠡᠪᠡᠷᠯᠡᠵᠦ᠂ ᠵᠠᠮ ᠬᠠᠷᠢᠯᠴᠠᠭᠠᠨ ᠤ ᠠᠳᠡᠯ ᠡᠬᠦᠰᠬᠦ ᠶᠢ ᠪᠥᠬᠦ ᠲᠠᠯ᠎ᠠ ᠪᠠᠷ ᠰᠡᠷᠭᠡᠶᠢᠯᠡᠬᠦ ᠶᠢᠨ ᠬᠠᠮᠲᠤ ᠴᠠᠭ ᠠᠭᠤᠷ ᠤᠨ | ᠬᠤᠪᠢᠷᠠᠯᠲᠠ ᠶᠢ ᠨᠢᠭᠲᠠ ᠠᠩᠬᠠᠷᠴᠤ᠂ ᠵᠠᠮ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ | ᠵᠠᠮ ᠬᠠᠷᠢᠴᠠᠯᠭᠠ ᠲᠡᠭᠡᠭᠡᠪᠦᠷᠢ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ | ᠪᠠᠲᠤᠯᠠᠪᠠ᠃ |