ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠷ᠂ 5 ᠰᠠᠷ᠎ᠠ ᠶᠢᠨ 21 ᠠᠴᠠ | 22 ᠤᠨ ᠡᠳᠦᠷ ᠪᠤᠯᠲᠠᠯ᠎ᠠ᠂ ᠸᠠᠩ ᠯᠢ ᠰᠢᠶᠠ ᠤᠯᠠᠭᠠᠨᠬᠠᠳᠠ ᠬᠤᠳᠠ ᠳᠤ ᠬᠦᠷᠴᠦ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠪᠣᠯᠣᠨ ᠪᠦᠭᠦ ᠣᠷᠣᠨ ᠤ ᠠᠵᠤ ᠠᠬᠤᠢ ᠶᠢᠨ | ᠠᠵᠢᠯ ᠤᠨ ᠵᠠᠳᠠᠯᠤᠯᠲᠠ ᠶᠢᠨ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ | ᠰᠤᠳᠤᠯᠵᠤ ᠵᠢᠭᠠᠨ ᠵᠢᠯᠣᠭᠤᠳᠪᠠ᠃ | | ᠸᠠᠩ ᠯᠢ ᠰᠢᠶᠠ ᠤᠯᠠᠭᠠᠨᠬᠠᠳᠠ ᠬᠤᠲᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠰᠠᠨᠠᠯ | ᠰᠠᠨᠠᠭᠤᠯᠭ᠎ᠠ ᠬᠤᠷᠢᠶᠠᠪᠠ᠂ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ᠂ ᠶᠦᠨᠨᠠᠨ᠂ ᠾᠧᠨᠠᠨ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠵᠤ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠳᠠᠷᠤᠢ ᠳᠤᠨᠢ ᠬᠡᠷᠡᠭᠵᠢᠭᠦᠯᠵᠦ | ᠳᠠᠷᠤᠢ ᠳᠤᠨᠢ ᠥᠭᠡᠷᠡᠴᠢᠯᠡᠬᠦ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠣᠰ | ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠭᠦᠢᠴᠡᠳᠬᠡᠵᠦ᠂ ᠠᠰᠠᠭᠤᠳᠠᠯ ᠤᠨ ᠨᠠᠷᠢᠨ ᠲᠠᠩᠰᠠ ᠲᠠᠢ ᠬᠠᠷᠭᠤᠭᠤᠯᠤᠨ | ᠲᠤᠰᠬᠠᠢ ᠴᠡᠭᠴᠡᠯᠡᠨ ᠵᠠᠰᠠᠯᠲᠠ ᠶᠢ ᠰᠠᠶᠢᠲᠤᠷ ᠠᠳᠬᠤᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠡᠷᠡᠰ | ᠬᠤᠷᠢᠭᠯᠠᠵᠤ᠂ ᠬᠥᠯᠥᠰᠦᠨ ᠲᠠᠷᠢᠶᠠᠴᠢᠨ ᠤ ᠴᠠᠯᠢᠩ ᠢ ᠥᠷᠢᠲᠦᠬᠦ᠂ ᠦᠨᠡᠮᠯᠡᠯ ᠭᠦᠢᠴᠡᠳᠬᠡᠬᠦ ᠳᠤ ᠬᠦᠴᠢᠷᠲᠡᠢ ᠪᠠᠶᠢᠬᠤ ᠵᠡᠷᠭᠡ | ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ ᠭᠡᠵᠦ ᠬᠡᠯᠡᠪᠡ᠃ | | ᠸᠠᠩ ᠯᠢ ᠰᠢᠶᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠢᠯ ᠢᠶᠠᠷ ᠬᠠᠯᠠᠮᠵᠢᠯᠠᠵᠤ᠂ ᠤᠷᠢᠳ ᠬᠤᠵᠢᠳ | ᠮᠧᠩ ᠳ᠋ᠦᠩ ᠤᠳᠤ ᠦᠶ᠎ᠡ ᠶᠢᠨ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠪᠣᠯᠣᠨ ᠳ᠋ᠦᠩ ᠱᠠᠨ | ᠬᠥᠩᠭᠡᠨᠴᠠᠭᠠᠨ ᠤ ᠦᠢᠯᠡᠰ᠂ ᠶᠢᠨ ᠲᠦᠩ ᠵᠡᠰ ᠤᠨ ᠦᠢᠯᠡᠰ᠂ ᠶᠤᠸᠠᠨ ᠵᠢᠩ ᠨᠡᠭᠦᠷᠡᠰᠦᠲᠥ᠋ᠷᠥᠭᠴᠢ ᠦᠭᠡᠢ | ᠤᠰᠤᠲᠥ᠋ᠷᠥᠭᠴᠢᠲᠤ ᠰᠢᠪᠲᠦᠷ᠂ ᠳ᠋ᠠ ᠳ᠋ᠢ ᠶᠤᠸᠠᠨ ᠲᠦᠩ ᠨᠡᠭᠦᠷᠡᠰᠦ ᠹᠣᠰᠹᠣᠷ ᠯᠢᠲ᠋ᠢ ᠶᠢ ᠨᠢᠭᠡ ᠴᠣᠭᠴᠠᠵᠢᠭᠤᠯᠬᠤ ᠵᠡᠷᠭᠡ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠶᠢ ︽ᠡᠴᠦᠰ ᠤᠨ ᠨᠢᠭᠡ ᠮᠧᠳ᠋ᠷ︾ ᠲᠤ ᠭᠦᠷᠳᠡᠯ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠲᠠᠢ ᠬᠠᠮᠲᠤ ᠪᠠᠷ | ᠠᠵᠢᠯᠯᠠᠵᠤ᠂ ᠬᠠᠮᠲᠤ ᠪᠠᠷ ᠲᠡᠮᠡᠴᠡᠬᠦ ᠬᠡᠷᠡᠭᠲᠡᠢ᠃ ᠳᠡᠭᠡᠳᠦ ᠲᠡᠰᠵᠢᠭᠦᠯᠭᠦ᠂ ᠣᠶᠤᠨᠴᠢᠯᠠᠬᠤ᠂ ᠪᠣᠬᠢᠷᠳᠤᠯ ᠦᠭᠡᠶᠢᠵᠢᠭᠦᠯᠭᠦ ᠳᠤ | ᠠᠩᠬᠠᠷᠤᠯ ᠢᠶᠠᠨ ᠲᠥᠪᠯᠡᠷᠡᠭᠦᠯᠦᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠰᠢᠨ᠎ᠡ ᠮᠠᠲ᠋ᠧᠷᠢᠶᠠᠯ ᠤᠨ ᠠᠵᠤ | ᠦᠢᠯᠡᠰ ᠢ ᠶᠡᠭᠡ ᠪᠠᠷ ᠬᠥᠭᠵᠢᠭᠦᠯᠦᠨ᠂ ᠦᠢᠯᠡᠴᠢᠯᠡᠭᠡᠨ ᠤ ᠦᠢᠯᠡᠰ ᠢ ᠵᠡᠷᠭᠡ ᠪᠠᠷ ᠠᠬᠢᠭᠤᠯᠵᠤ᠂ ᠠᠵᠤ ᠦᠢᠯᠡᠰ ᠤᠨ ᠪᠦᠭᠦ | ᠲᠠᠯ᠎ᠠ ᠪᠠᠷ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | | ᠰᠢᠶᠠ ᠵᠢᠶᠠ ᠳ᠋ᠢᠶᠠᠨ ᠰᠢᠶᠠᠩ ᠪᠣᠯ ᠤᠯᠤᠰ ᠤᠨ ᠭᠠᠵᠠᠷ ᠰᠢᠷᠣᠢ ᠶᠢᠨ ᠬᠤᠶᠠᠳᠤᠭᠠᠷ ᠡᠭᠡᠯᠵᠢ ᠶᠢᠨ ᠤᠷᠲᠤᠳᠬᠠᠨ | ᠳᠠᠭᠠᠭᠠᠴᠢᠯᠠᠭᠤᠯᠬᠤ ᠪᠦᠭᠦ᠋ᠢᠯᠡ ᠰᠢᠶᠠᠩ ᠪᠠᠯᠭᠠᠰᠤ ᠶᠢᠨ ᠲᠤᠷᠰᠢᠯᠲᠠ ᠶᠢᠨ ᠴᠡᠭ ᠤᠨ ᠭᠠᠵᠠᠷ ᠣᠷᠣᠨ ᠪᠣᠯᠣᠨ᠎ᠠ᠂ ᠸᠠᠩ ᠯᠢ | ᠰᠢᠶᠠ ᠲᠤᠬᠠᠢ ᠶᠢᠨ ᠭᠠᠵᠠᠷ ᠤᠨ ᠺᠠᠳ᠋ᠷ ᠲᠠᠢ ᠬᠠᠮᠲᠤ ᠪᠠᠷ ᠪᠠᠭ᠎ᠠ ᠶᠢ ᠰᠢᠨᠵᠢᠵᠦ ᠬᠡᠰᠡᠭ ᠲᠠᠯ᠎ᠠ ᠶᠢ ᠵᠠᠳᠠᠯᠵᠤ᠂ | ᠲᠤᠷᠰᠢᠯᠲᠠ ᠶᠢᠨ ᠴᠡᠭ ᠤᠨ ᠠᠵᠠ ᠲᠣᠭᠢᠶᠠᠯ ᠢ ᠠᠮᠵᠢᠵᠤ᠂ ᠲᠤᠷᠰᠢᠯᠭ᠎ᠠ ᠪᠠᠨ ᠳ᠋ᠦᠩᠨᠡᠨ᠂ ᠠᠰᠠᠭᠤᠳᠠᠯ ᠢ ᠢᠯᠡᠷᠡᠭᠦᠯᠵᠦ᠂ | ᠭᠠᠵᠠᠷ ᠰᠢᠷᠣᠢ ᠶᠢᠨ ᠬᠤᠶᠠᠳᠤᠭᠠᠷ ᠡᠭᠡᠯᠵᠢ ᠶᠢᠨ ᠤᠷᠲᠤᠳᠬᠠᠨ ᠳᠠᠭᠠᠭᠠᠴᠢᠯᠠᠭᠤᠯᠬᠤ ᠪᠠ ︽ᠨᠢᠭᠡ ᠭᠠᠵᠠᠷ ᠲᠤ ᠤᠯᠠᠨ | ᠦᠨᠡᠮᠯᠡᠯ ᠲᠠᠢ ᠪᠠᠶᠢᠬᠤ︾ ᠶᠢ ᠰᠢᠢᠳᠪᠦᠷᠢᠯᠡᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ ᠣᠩᠨᠢᠭᠤᠳ ᠬᠤᠰᠢᠭᠤᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠤᠬᠠᠢ ᠶᠢᠨ | ᠲᠠᠯᠠᠪᠠᠢ ᠳᠤ᠂ ᠲᠡᠷᠡ ᠺᠠᠳ᠋ᠷ ᠤᠯᠠᠨ ᠲᠦᠮᠡᠨ ᠲᠠᠢ ᠬᠠᠮᠲᠤ ᠥᠪᠡᠷ ᠤᠨ ᠦᠷᠳᠡᠭ ᠤᠨ ᠲᠠᠩᠰᠠ᠂ ᠣᠷᠣᠯᠭ᠎ᠠ ᠶᠢᠨ ᠲᠠᠩᠰᠠ ᠶᠢ | ᠪᠤᠳᠤᠵᠥ᠂ ᠦᠨᠡᠨ ᠠᠴᠠ ᠵᠥᠪ ᠢ ᠡᠷᠢᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠰᠤ ᠠᠷᠪᠢᠯᠠᠬᠤ᠂ | ᠵᠣᠭᠤᠰ ᠠᠷᠪᠢᠯᠠᠬᠤ ᠴᠢᠬᠢ ᠮᠣᠳᠣ ᠶᠢ ᠰᠣᠩᠭᠤᠨ ᠬᠡᠷᠡᠭᠯᠡᠵᠦ᠂ ᠬᠡᠯᠪᠡᠷᠢᠴᠢ ᠦᠵᠡᠯ ᠢ ᠤᠬᠳᠤ ᠶᠠᠪᠤᠭᠤᠯᠵᠤ ᠪᠤᠯᠬᠤ ᠦᠭᠡᠢ | ᠭᠡᠵᠦ ᠱᠠᠭᠠᠷᠳᠠᠪᠠ᠃ | | 22 ᠤᠨ ᠦᠳᠡ ᠶᠢᠨ ᠬᠤᠶᠢᠨ᠎ᠠ᠂ ᠸᠠᠩ ᠯᠢ ᠰᠢᠶᠠ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ | ᠣᠳᠣᠬᠠᠨ ᠤ ᠠᠵᠤ ᠠᠬᠤᠢ ᠶᠢᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ | ᠰᠢᠢᠳᠪᠦᠷᠢᠯᠡᠪᠡ᠃ ᠲᠡᠷᠡ᠂ ᠤᠯᠠᠭᠠᠨᠬᠠᠳᠠ ᠬᠤᠲᠠ ᠶᠢᠨ ᠬᠥᠭᠵᠢᠯᠲᠡ ᠶᠢ ᠲᠦᠷᠭᠡᠳᠬᠡᠬᠦ ᠳᠤ ᠭᠤᠣᠯᠳᠠᠯᠭ᠎ᠠ ᠨᠢ ᠲᠥᠷᠥᠯ | ᠵᠦᠢᠯ ᠢᠶᠠᠷ ᠳᠠᠶᠢᠴᠢᠯᠠᠬᠤ ᠶᠠᠪᠤᠳᠠᠯ ᠪᠠᠶᠢᠵᠤ᠂ ᠵᠠᠩᠭᠢᠯᠠᠭ᠎ᠠ ᠨᠢ ᠠᠵᠤ ᠦᠢᠯᠡᠳᠪᠦᠷᠢ ᠳᠤ ᠪᠠᠶᠢᠵᠤ᠂ ᠳᠠᠯᠳᠠ ᠬᠦᠴᠦᠨ ᠨᠢ | ᠭᠤᠷᠪᠠᠳᠤᠭᠠᠷ ᠠᠵᠤ ᠦᠢᠯᠡᠰ ᠲᠤ ᠪᠤᠢ᠂ ᠠᠵᠤ ᠠᠬᠤᠢ ᠶᠢ ᠬᠥᠭᠵᠢᠭᠦᠯᠬᠦ ᠲᠤᠯᠭᠠᠮ ᠰᠡᠳᠬᠢᠯᠭᠡ ᠬᠠᠷᠢᠭᠤᠴᠠᠯᠭᠠᠲᠤ | ᠰᠡᠳᠬᠢᠯᠭᠡ ᠪᠠᠨ ᠴᠢᠩᠭᠠᠳᠬᠠᠵᠤ᠂ ᠠᠷᠭ᠎ᠠ ᠪᠦᠭᠦᠨ ᠢ ᠰᠦᠪᠡᠭᠴᠢᠯᠡᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠵᠤ᠂ | ᠤᠯᠠᠭᠠᠨᠬᠠᠳᠠ ᠶᠢᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠬᠦ ᠬᠡᠷᠡᠭᠲᠡᠢ ᠭᠡᠵᠦ ᠬᠡᠯᠡᠪᠡ᠃ ᠲᠡᠷᠡ᠂ ᠬᠦᠴᠢᠷ | ᠪᠡᠷᠬᠡᠰᠢᠶᠡᠯ ᠲᠠᠢ ᠪᠤᠯᠬᠤ ᠲᠤᠳᠤᠮ ᠠᠮᠢ ᠠᠬᠤᠢ ᠶᠢᠨ ᠬᠠᠮᠠᠭᠠᠯᠠᠯᠲᠠ ᠶᠢ ᠨᠡᠩ ᠢᠯᠡᠭᠦᠦ ᠲᠡᠷᠢᠭᠦᠨ ᠳᠤ ᠲᠠᠯᠪᠢᠵᠤ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠣᠪᠤᠶᠢᠮ᠎ᠠ ᠠᠰᠠᠭᠤᠳᠠᠯ ᠢ ᠯᠠᠪᠳᠠᠭᠤᠨ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ᠂ | ᠬᠤᠷᠴᠢᠨ — ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠢ ᠰᠠᠶᠢᠲᠤᠷ | ᠬᠢᠬᠦ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠴᠠᠯᠢᠩ ᠥᠷᠢᠲᠦᠬᠦ | ᠠᠰᠠᠭᠤᠳᠠᠯ ᠢ ᠠᠷᠭ᠎ᠠ ᠪᠦᠭᠦᠨ ᠢ ᠰᠦᠪᠡᠭᠴᠢᠯᠡᠨ ᠰᠢᠢᠳᠪᠦᠷᠢᠯᠡᠵᠦ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠪᠠ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ ᠭᠡᠵᠦ ᠣᠨᠴᠠᠭᠠᠶᠢᠯᠠᠨ | ᠵᠢᠭᠠᠵᠤ ᠭᠠᠷᠭᠠᠪᠠ᠃ | | ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠸᠠᠩ ᠯᠢ ᠰᠢᠶᠠ ᠪᠠᠰᠠ ᠤᠢ ᠰᠢᠭᠤᠢ ᠨᠤᠲᠤᠭ ᠪᠡᠯᠴᠢᠭᠡᠷ ᠢ ᠡᠪᠳᠡᠭᠰᠡᠨ | ᠬᠠᠤᠯᠢ ᠪᠤᠰᠤ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠪᠠᠶᠢᠳᠠᠯ ᠢ ᠳᠠᠯᠳᠠᠭᠤᠷ ᠪᠠᠶᠢᠴᠠᠭᠠᠪᠠ᠃ | |