ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ 2025 ᠣᠨ ᠤ 12 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠵᠤ ᠤᠯᠠᠨ ᠲᠤᠬᠠᠢ ᠤ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/6/9
      5 ᠰᠠᠷ᠎ᠠ ᠶᠢᠨ 27 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠶ ᠬᠠᠮᠢᠶᠠᠷᠤᠯᠲᠠ ᠶᠢᠨ ᠣᠷᠣᠨ ᠤ ᠠᠵᠢᠯ ᠤᠨ ᠵᠥᠪᠯᠡᠯ 2025 ᠣᠨ ᠤ 12 ᠳ᠋ᠤᠭᠠᠷ ᠤᠳᠠᠭᠠᠨ ᠤ ᠬᠤᠷᠠᠯ ᠵᠢᠴᠢ ᠤᠯᠠᠭᠠᠶ ᠲᠠᠯ᠎ᠠ ᠨᠤᠲᠤᠭ ᠤᠨ  ᠤᠯᠠᠨ ᠲᠤᠬᠠᠢ ᠦᠵᠡᠮᠵᠢ ᠶᠢᠨ ᠣᠷᠣᠨ ᠤ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠨᠠᠮ ᠤᠨ ᠠᠵᠢᠯ ᠤᠨ ᠬᠤᠷᠢᠶᠠᠨ ᠤ ᠲᠡᠳ᠋ ᠱᠦᠵᠢ᠂ ᠬᠠᠮᠢᠶᠠᠷᠣᠯᠳᠠ ᠶᠢᠨ ᠵᠦᠪᠯᠡᠯ ᠤᠨ ᠡᠷᠬᠢᠯᠡᠭᠴᠢ ᠨᠣᠮᠢᠨ ᠬᠤᠷᠠᠯ ᠢ ᠡᠷᠬᠢᠯᠡᠨ ᠶᠠᠷᠢᠶ᠎ᠠ ᠲᠠᠯᠪᠢᠵᠦ᠂ ᠬᠠᠮᠢᠶᠠᠷᠣᠯᠳᠠ ᠶᠢᠨ ᠣᠷᠣᠨ ᠤ ᠨᠠᠮ ᠵᠠᠰᠠᠭ ᠤᠨ ᠣᠳᠣᠷᠢᠳᠣᠯᠭ᠎ᠠ ᠬᠤᠷᠠᠯ ᠳᠤ ᠣᠷᠣᠯᠴᠠᠪᠠ᠃      ᠬᠤᠷᠠᠯ ᠠᠴᠠ ᠡᠭᠦᠳᠦᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ︽ᠤᠯᠠᠭᠠᠶ ᠲᠠᠯ᠎ᠠ ᠨᠤᠲᠤᠭ ᠤᠨ ᠤᠯᠠᠨ ᠲᠤᠬᠠᠢ ᠦᠵᠡᠮᠵᠢ ᠶᠢᠨ ᠣᠷᠣᠨ ᠢ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠬᠡᠷᠡᠭᠵᠢᠭᠦᠯᠬᠦ ᠲᠥᠰᠦᠯ︾ ᠢ ᠰᠤᠳᠤᠯᠤᠨ ᠰᠢᠯᠢᠳᠡᠭᠵᠢᠭᠦᠯᠬᠦ ᠶᠢᠨ ᠬᠠᠮᠲᠤ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠨᠠᠷᠢᠯᠢᠬᠵᠢᠭᠤᠯᠤᠨ ᠵᠠᠳᠠᠯᠵᠤ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠤᠯᠠᠨ ᠲᠤᠬᠠᠢ ᠤᠯᠤᠰ ᠤᠨ 5A ᠲᠡᠰ ᠤᠨ ᠵᠤᠭᠠᠴᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠪᠣᠯ ᠬᠠᠮᠢᠶᠠᠷᠤᠯᠲᠠ ᠶᠢᠨ ᠣᠷᠣᠨ ᠤ ᠰᠣᠶᠣᠯ ᠵᠤᠭᠠᠴᠠᠯ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠂ ᠭᠠᠵᠠᠷ ᠣᠷᠣᠨ ᠤ ᠵᠤᠭᠠᠴᠠᠯ ᠤᠨ ᠲᠦᠷᠢ ᠲᠥᠷᠬᠦ ᠶᠢ ᠳᠡᠭᠡᠭᠰᠢᠯᠡᠭᠦᠯᠬᠦ᠂ ᠤᠮᠠᠷᠠᠲᠤ ᠶᠢᠨ ᠰᠣᠶᠣᠯ ᠢ ᠳᠡᠭᠡᠭᠰᠢᠯᠡᠭᠦᠯᠬᠦ ᠪᠠ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠲᠠᠢ ᠬᠤᠯᠪᠣᠭᠳᠠᠨ᠎ᠠ᠃ ᠬᠠᠮᠢᠶᠠᠷᠣᠯᠳᠠ ᠶᠢᠨ ᠣᠷᠣᠨ ᠠᠴᠠ ᠬᠠᠷᠠᠯᠳᠠ ᠪᠠᠨ ᠲᠣᠭᠳᠠᠭᠠᠵᠣ᠂ ᠢᠳᠡᠬᠡᠯ ᠵᠣᠷᠢᠭ ᠢᠶᠠᠨ ᠪᠠᠳᠣᠳᠬᠠᠵᠣ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠳᠠᠶᠢᠵᠢᠭᠤᠯᠵᠣ᠂ ᠠᠵᠢᠯ ᠤᠨ ᠣᠯᠣᠰ ᠳᠦᠷᠦ ᠶᠢᠨ ᠬᠠᠷᠢᠭᠤᠴᠠᠯᠭᠠᠳᠣ ᠰᠡᠳᠬᠢᠯᠭᠡ᠂ ᠠᠵᠢᠯ ᠤᠨ ᠡᠬᠦᠷᠬᠡᠯᠡᠯ᠂ ᠴᠠᠭ ᠪᠠᠴᠢᠮ ᠲᠣᠯᠭᠠᠮ᠎ᠠ ᠤᠬᠠᠮᠰᠠᠷ ᠲᠠᠢ ᠪᠠᠶᠢᠵᠤ᠂ ᠢᠳᠡᠭᠡᠯ ᠢᠶᠠᠨ ᠲᠡᠭᠦᠯᠳᠠᠷᠵᠢᠭᠦᠯᠵᠤ᠂ ᠪᠦᠬᠦ ᠬᠦᠴᠦᠨ ᠢᠶᠠᠷ  ᠴᠢᠩᠭᠠᠯᠠᠵᠤ᠂ ᠬᠦᠴᠢᠷ ᠪᠡᠷᠭᠡ ᠶᠢ ᠢᠯᠠᠨ ᠲᠠᠪᠠᠵᠣ᠂ ᠡᠬᠦᠳᠦᠨ ᠪᠠᠶᠢᠭᠤᠯᠬᠤ ᠡᠯ᠎ᠡ ᠳᠦᠷᠦᠯ ᠤᠨ ᠠᠵᠢᠯ ᠢ ᠡᠷᠴᠢᠮᠳᠠᠢ ᠡᠮᠬᠢ ᠵᠢᠷᠣᠮ ᠲᠠᠢ ᠠᠬᠢᠭᠤᠯᠬᠤ ᠶᠢ ᠪᠠᠳᠣᠯᠠᠵᠣ᠂ ᠬᠠᠮᠢᠶᠠᠷᠣᠯᠳᠠ ᠶᠢᠨ ᠣᠷᠣᠨ ᠤ ᠰᠣᠶᠣᠯ ᠵᠢᠭᠤᠯᠴᠢᠯᠠᠯ ᠤᠨ ᠠᠵᠣ ᠦᠢᠯᠡᠰ ᠤᠨ  ᠥᠰᠤᠷᠤᠯᠳᠠ ᠶᠢᠨ ᠴᠢᠨᠠᠷᠳᠠᠢ ᠬᠦᠭᠵᠢᠯᠳᠡ ᠶᠢ ᠯᠠᠪᠳᠠᠭᠤᠨ ᠪᠠᠳᠣᠳᠠᠢ ᠠᠬᠢᠭᠤᠯᠣᠨ᠎ᠠ᠃ ᠭᠤᠤᠯᠳᠠᠯᠭ᠎ᠠ ᠶᠢ ᠳᠣᠪᠤᠶᠢᠯᠭᠠᠨ᠂ ᠳᠤᠲᠠᠭᠤᠳᠠᠯ ᠢᠶᠠᠨ ᠭᠦᠢᠴᠡᠳ ᠨᠥᠬᠦᠪᠥᠷᠢᠯᠡᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠵᠣᠯᠭᠠᠭᠤᠯᠤᠨ ᠨᠡᠪᠲᠡᠷᠡᠯᠴᠡᠬᠦ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠢᠳᠡᠪᠬᠢᠲᠡᠶ ᠲᠡᠮᠡᠴᠡᠨ ᠣᠯᠵᠤ᠂ ᠰᠢᠨ᠎ᠡ ᠴᠠᠭ ᠦᠶ᠎ᠡ ᠶᠢᠨ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠣᠨᠴᠠᠯᠢᠭ᠂ ᠰᠢᠨ᠎ᠡ ᠬᠠᠨᠳᠤᠰᠢ ᠶᠢ ᠣᠨᠣᠪᠴᠢᠲᠠᠶ ᠡᠵᠡᠮᠳᠡᠵᠦ᠂ ᠪᠠᠷᠢᠮᠵᠢᠶ᠎ᠠ ᠶᠢ ᠴᠢᠩᠭ᠎ᠠ ᠬᠠᠷᠭᠤᠭᠤᠯᠵᠤ᠂ ᠡᠯ᠎ᠡ ᠵᠦᠢᠯ ᠤᠨ ᠠᠵᠢᠯ ᠢ ᠵᠡᠷᠭᠡ ᠪᠠᠷ ᠬᠢᠵᠦ᠂ ᠡᠳᠦᠷ ᠲᠤᠲᠤᠮ ᠤᠨ ᠠᠵᠢᠯ ᠳᠤ ᠠᠭᠤᠰᠤᠯᠴᠠᠭᠤᠯᠬᠤ ᠶᠢ ᠠᠬᠢᠭᠤᠯᠤᠨ᠂ ᠤᠠᠯᠠᠨ ᠲᠤᠬᠠᠢ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠰᠢᠰᠲ᠋ᠧᠮᠲᠦ ᠰᠡᠳᠬᠢᠬᠦᠢ ᠪᠠᠨ ᠴᠢᠩᠭᠠᠳᠬᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠵᠤ᠂ ᠲᠤᠬᠢᠷᠠᠭᠤᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠰᠠᠯᠠᠭ᠎ᠠ ᠮᠥᠴᠢᠷ ᠠᠯᠤᠰᠯᠠᠭᠰᠠᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠢᠰᠲ᠋ᠧᠮ ᠬᠡᠰᠡᠭ ᠬᠠᠮᠵᠢᠯᠴᠠᠨ ᠬᠠᠮᠳᠤᠷᠠᠯᠴᠠᠵᠥ᠂ ᠤᠷᠦ ᠨᠥᠬᠦᠪᠥᠷᠢᠯᠡᠵᠦ ᠲᠠᠪᠴᠠᠩ ᠨᠥᠬᠦᠪᠥᠷᠢᠯᠡᠬᠦ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ ᠠᠵᠢᠯ ᠤᠨ ᠪᠠᠶᠢᠳᠠᠯ ᠢ ᠪᠦᠷᠢᠯᠳᠦᠭᠦᠯᠵᠦ᠂ ᠡᠭᠦᠳᠦᠨ ᠪᠠᠶᠢᠭᠤᠯᠬᠤ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠪᠠᠨ ᠴᠢᠯᠥᠭᠡᠯᠡᠨ᠂ ᠪᠠᠶᠢᠳᠠᠯ ᠢ ᠠᠰᠢᠭᠯᠠᠨ ᠬᠦᠴᠦᠨ ᠢᠶᠠᠨ ᠠᠰᠢᠭᠯᠠᠵᠤ᠂ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ ᠣᠷᠣᠯᠴᠠᠭᠤᠯᠵᠤ᠂ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠪᠣᠯᠤᠨ ᠦᠵᠡᠮᠵᠢ ᠶᠢᠨ ᠣᠷᠣᠨ ᠤ ᠣᠨᠴᠠᠯᠢᠭ ᠢ ᠤᠬᠠᠭᠤᠯᠵᠤ᠂ ᠤᠯᠠᠭᠠᠶ ᠰᠣᠶᠣᠯ ᠵᠢᠭᠤᠯᠴᠢᠯᠠᠯ ᠤᠨ ᠥᠯᠢᠭᠡᠷ ᠢ ᠰᠠᠶᠢᠲᠤᠷ ᠶᠠᠷᠢᠵᠤ᠂ ᠡᠭᠦᠳᠦᠨ ᠪᠠᠶᠢᠭᠤᠯᠬᠤ ᠤᠬᠠᠭᠤᠯᠭ᠎ᠠ ᠶᠢᠨ ᠭᠠᠷᠠᠭ᠂ ᠰᠠᠶᠢᠨ ᠳᠤᠷ᠎ᠠ ᠶᠢᠨ ᠠᠵᠢᠯᠯᠠᠭᠰᠠᠳ ᠤᠨ ᠦᠢᠯᠡᠴᠢᠯᠡᠭᠡ ᠵᠡᠷᠭᠡ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠪᠥᠬᠦ ᠠᠷᠠᠳ ᠢᠶᠠᠷ ᠢᠶᠠᠨ ᠳᠡᠮᠵᠢᠵᠦ᠂ ᠪᠥᠬᠦ ᠭᠡᠰᠢᠭᠦᠳ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃      ᠬᠠᠮᠢᠶᠠᠷᠣᠯᠳᠠ ᠶᠢᠨ ᠣᠷᠣᠨ ᠤ ᠡᠯ᠎ᠡ ᠰᠠᠯᠠᠭ᠎ᠠ ᠮᠦᠴᠢᠷ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃
 
ᠢᠷᠡᠯᠲᠡ᠄ ᠤᠯᠠᠭᠠᠢ ᠬᠠᠮᠢᠶᠠᠷᠤᠯᠳᠠ ᠶᠢᠨ ᠤᠷᠤᠨ ᠤ ᠵᠠᠰᠠᠭ ᠤᠨ ᠤᠷᠳᠤᠨ ᠤ ᠬᠢᠳᠡᠳ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号