6 ᠰᠠᠷ᠎ᠠ ᠶᠢᠨ 7 ᠤ ᠡᠳᠦᠷ᠂ 2025 ᠣᠨ ᠤ ᠥᠨᠳᠤᠷ ᠲᠤᠮᠳᠠᠳᠤ ᠶᠢᠨ ᠤᠯᠤᠰ ᠤᠨᠰᠢᠯᠭᠠᠯᠳᠠ ᠶᠢᠨ | ᠶᠡᠭᠡ ᠬᠥᠰᠢᠭᠡ ᠵᠢᠩᠬᠢᠨᠢ ᠪᠠᠷ ᠡᠬᠢᠯᠡᠪᠡ᠃ ᠤᠯᠠᠭᠠᠢ ᠬᠠᠮᠢᠶᠠᠷᠤᠯᠲᠠ ᠶᠢᠨ ᠣᠷᠣᠨ ᠣᠯᠠᠨ ᠲᠠᠯ᠎ᠠ ᠶᠢᠨ ᠬᠦᠴᠦᠨ ᠢ | ᠨᠢᠭᠲᠠᠷᠠᠭᠤᠯᠵᠤ᠂ ᠣᠯᠠᠨ ᠰᠠᠯᠠᠭ᠎ᠠ ᠮᠥᠴᠢᠷ ᠬᠤᠯᠪᠣᠭᠠᠯᠠᠨ ᠬᠠᠮᠵᠢᠯᠴᠠᠵᠤ᠂ ᠣᠯᠠᠨ ᠠᠷᠭ᠎ᠠ ᠪᠠᠷᠢᠯ ᠢ ᠵᠡᠷᠭᠡᠪᠡᠷ | ᠬᠡᠷᠡᠭᠯᠡᠨ᠂ ᠥᠨᠳᠤᠷ ᠲᠤᠮᠳᠠᠳᠤ ᠶᠢᠨ ᠤᠯᠤᠰ ᠤᠨ ᠰᠢᠯᠭᠠᠯᠳᠠ ᠶᠢᠨ ᠪᠠᠲᠤᠯᠠᠭ᠎ᠠ ᠶᠢᠨ ᠰᠦᠯᠵᠢᠶ᠎ᠡ ᠶᠢ ᠪᠦᠬᠦ | ᠲᠠᠯ᠎ᠠ ᠪᠠᠷ ᠨᠢᠭᠲᠠ ᠪᠠᠢᠭᠤᠯᠵᠤ᠂ ᠰᠢᠯᠭᠠᠬᠰᠠᠳ ᠤᠨ ᠰᠠᠨᠠᠭ᠎ᠠ ᠠᠮᠤᠷ ᠰᠢᠯᠭᠠᠯᠳᠠ ᠳᠤ ᠣᠷᠣᠬᠤ ᠶᠢ ᠪᠦᠬᠦ | ᠬᠦᠴᠦᠨ ᠢᠶᠠᠷ ᠪᠠᠲᠤᠯᠠᠵᠤ᠂ ᠥᠨᠳᠤᠷ ᠲᠤᠮᠳᠠᠳᠤ ᠶᠢᠨ ᠤᠯᠤᠰ ᠤᠨᠰᠢᠯᠭᠠᠯᠳᠠ ᠶᠢᠨ ᠲᠣᠭᠲᠠᠭᠤᠨ ᠡᠮᠬᠢ | ᠵᠢᠷᠤᠮ ᠲᠠᠢ ᠶᠠᠪᠤᠭᠳᠠᠬᠤ ᠶᠢ ᠦᠨᠡᠨᠬᠦ ᠪᠠᠳᠤᠯᠠᠵᠠᠢ ᠃ | ᠥᠤᠷ ᠤᠨ ᠭᠡᠭᠡ ᠬᠠᠶᠠᠭᠠᠷᠠᠬᠤ ᠢᠶᠠᠷ᠂ ᠬᠠᠮᠢᠶᠠᠷᠤᠯᠲᠠ ᠶᠢᠨ ᠣᠷᠣᠨ ᠤ ᠳᠣᠲᠣᠭᠠᠳᠤ ᠶᠢ ᠬᠠᠮᠠᠭᠠᠯᠠᠬᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠪᠣᠯᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ | ᠲᠣᠪᠴᠢᠶ᠎ᠠ ᠦᠳᠲᠡᠷ ᠲᠦᠷᠭᠡᠨ ︽ᠥᠨᠳᠤᠷ ᠲᠤᠮᠳᠠᠳᠤ ᠶᠢᠨ ᠤᠯᠤᠰ ᠤᠨ ᠰᠢᠯᠭᠠᠯᠳᠠ ᠳᠤ ᠰᠤᠷᠤᠭᠴᠢ ᠡᠯᠰᠡᠬᠦ | ᠰᠢᠯᠭᠠᠯᠲᠠ ᠶᠢᠨ ᠠᠶᠠᠯᠠᠯ ᠬᠠᠮᠠᠭᠠᠯᠠᠬᠤ ᠮᠠᠶ᠋ᠢᠭ︾ ᠲᠤ ᠣᠷᠣᠵᠤ᠂ ᠬᠠᠤᠯᠢ ᠬᠡᠷᠡᠭᠵᠢᠭᠦᠯᠬᠦ ᠪᠦᠬᠦ ᠠᠵᠢᠯᠲᠠᠨ | ᠤᠷᠢᠳᠴᠢᠯᠠᠨ ᠠᠵᠢᠯ ᠤᠨ ᠪᠠᠶᠢᠷᠢ ᠳᠠᠭᠠᠨ ᠬᠦᠷᠪᠡ᠃ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠴᠢᠬᠤᠯᠠ | ᠵᠠᠮ ᠤᠨ ᠬᠡᠰᠡᠭ ᠵᠢᠴᠢ ᠵᠠᠮ ᠤᠨ ᠠᠭᠤᠯᠵᠠᠷ ᠲᠤ ᠴᠠᠭᠳᠠᠭᠠᠨ ᠤ ᠬᠦᠴᠦᠨ ᠢ ᠨᠡᠮᠡᠨ ᠲᠣᠮᠢᠯᠠᠵᠤ ᠵᠠᠮ ᠬᠠᠷᠢᠯᠴᠠᠭ᠎ᠠ ᠶᠢ | ᠵᠢᠯᠣᠭᠤᠳᠴᠤ᠂ ᠲᠡᠷᠭᠡ ᠬᠥᠰᠬᠡ ᠶᠢ ᠬᠥᠲᠥᠯᠦᠨ ᠵᠢᠯᠣᠭᠤᠳᠴᠤ ᠪᠠᠶᠢᠭᠠᠳ ᠲᠥᠷ ᠵᠤᠬᠰᠤᠵᠤ ᠲᠥᠷᠭᠡᠨ | ᠶᠠᠪᠤᠭᠤᠯᠵᠤ᠂ ᠵᠠᠮ ᠤᠨ ᠰᠠᠭᠠᠳ ᠥᠬᠡᠶ ᠨᠡᠪᠲᠡᠷᠡᠬᠦ ᠶᠢ ᠪᠦᠲᠦᠮᠵᠢᠲᠡᠶ ᠪᠠᠲᠤᠯᠠᠪᠠ᠃ ᠡᠭᠦᠨ ᠤ ᠬᠠᠮᠲᠤ᠂ ᠲᠣᠭᠤᠷᠢᠨ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ | ᠲᠣᠭᠲᠠᠭᠠᠯ ᠠᠴᠠ ᠵᠥᠷᠢᠴᠡᠨ ᠪᠦᠷᠢᠶ᠎ᠡ ᠳᠤᠤᠭᠠᠷᠭᠠᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠴᠢᠩᠭ᠎ᠠ | ᠰᠢᠢᠳᠪᠦᠷᠢᠯᠡᠵᠦ᠂ ᠨᠠᠮ ᠲᠣᠭᠲᠠᠭᠤᠨ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠦᠬᠦ | ᠬᠦᠴᠦᠨ ᠢᠶᠠᠷ ᠢᠶᠠᠨ ᠪᠤᠢ ᠪᠣᠯᠭᠠᠪᠠ᠃ ᠡᠭᠦᠨ ᠠᠴᠠ ᠭᠠᠳᠠᠨ᠎ᠠ᠂ ᠬᠥᠴᠤᠷᠭᠡᠭ ᠮᠣᠷᠢᠲᠤ ᠴᠡᠷᠢᠭ ᠤᠨ | ᠬᠠᠮᠠᠭᠠᠯᠠᠯᠲᠠ ᠶᠢᠨ ᠰᠢᠯᠭᠠᠯᠲᠠ ᠶᠢᠨ ᠰᠠᠯᠪᠤᠷᠢ ᠪᠠᠭ᠎ᠠ ᠠᠩᠭᠢ ᠴᠠᠭ ᠢᠮᠠᠭᠲᠠ ᠵᠠᠷᠯᠢᠭ ᠬᠦᠯᠢᠶᠡᠵᠦ᠂ ᠭᠡᠨᠡᠳᠲᠡ ᠶᠢᠨ | ᠪᠠᠶᠢᠳᠠᠯ ᠳᠤ ᠲᠤᠯᠭᠠᠷᠠᠭᠰᠠᠨ ᠰᠢᠯᠭᠠᠭᠤᠯᠤᠭᠴᠢ ᠳᠤ ︽ᠰᠠᠭᠠᠳ ᠦᠭᠡᠢ ᠨᠡᠪᠲᠡᠷᠡᠬᠦ ᠵᠠᠮ︾ ᠨᠡᠭᠡᠭᠡᠵᠦ᠂ | ᠰᠢᠯᠭᠠᠭᠤᠯᠤᠭᠰᠠᠳ ᠢ ᠬᠠᠮᠤᠭ ᠤᠨ ᠲᠦᠷᠭᠡᠨ ᠬᠤᠷᠳᠤᠴᠠ ᠪᠠᠷ ᠬᠠᠮᠠᠭᠠᠯᠠᠨ ᠰᠢᠯᠭᠠᠯᠲᠠ ᠶᠢᠨ ᠲᠠᠯᠠᠪᠤᠷ ᠲᠤ | ᠬᠦᠷᠭᠡᠬᠦ ᠪᠠᠷ ᠪᠡᠯᠡᠳᠬᠡᠪᠡ᠃ ᠰᠢᠯᠭᠠᠯᠲᠠ ᠶᠢᠨ ᠴᠡᠭ ᠶᠢᠨ ᠭᠠᠳᠠᠨ᠎ᠠ᠂ ᠨᠢᠭᠡ ᠤᠳᠠᠭᠠᠨ ᠤ ᠬᠠᠯᠠᠭᠤᠨ ᠳᠤᠯᠠᠭᠠᠨ ︽ | ᠬᠠᠶᠢᠷ᠎ᠠ ᠬᠠᠯᠠᠮᠵᠢ ᠶᠢᠨ ᠪᠤᠤᠬᠢᠶ᠎ᠠ︾ ᠵᠡᠷᠭᠡᠪᠡᠷ ᠲᠣᠭᠯᠠᠪᠠ᠃ ᠬᠠᠮᠢᠶᠠᠷᠤᠯᠲᠠ ᠶᠢᠨ ᠤᠷᠤᠨ ᠤ ᠡᠪᠯᠡᠯ ᠤᠨ ᠬᠤᠷᠢᠶ᠎ᠠ᠂ | ᠠᠵᠢᠯᠴᠢᠨ ᠤ ᠡᠪᠯᠡᠯ᠂ ᠪᠠᠶᠢᠴᠠᠭᠠᠬᠤ ᠬᠤᠷᠢᠶ᠎ᠠ᠂ ᠰᠢᠯᠢ ᠶᠢᠨ ᠭᠤᠤᠯ ᠺᠣᠮᠫᠠᠨᠢ᠂ ᠬᠦᠰᠡᠯ ᠵᠡᠭᠦᠳᠦ ᠪᠠᠨ ᠲᠡᠷᠭᠡᠯᠰᠢᠭᠦᠯᠬᠦ | ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠲᠠᠢ ᠬᠠᠮᠲᠤᠷᠠᠨ᠂ ︽ᠬᠠᠶᠢᠷ᠎ᠠ | ᠬᠠᠯᠠᠮᠵᠢ ᠶᠢᠨ ᠰᠢᠯᠭᠠᠯᠲᠠ ᠪᠠᠷ ᠬᠦᠰᠡᠯ ᠢᠶᠠᠨ ᠪᠡᠶᠡᠯᠡᠭᠦᠯᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ | ᠬᠠᠮᠲᠤ ᠪᠠᠷ ᠥᠷᠨᠢᠭᠦᠯᠵᠠᠢ᠃ ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠴᠢᠳ ᠨᠠᠷᠠ ᠬᠠᠯᠬᠠᠯᠠᠬᠤ ᠰᠠᠷᠠᠪᠴᠢ ᠶᠢ | ᠰᠠᠬᠢᠨ ᠬᠠᠮᠠᠭᠠᠯᠠᠵᠤ᠂ ᠰᠢᠯᠭᠠᠭᠤᠯᠤᠭᠴᠢ ᠳᠤ ᠷᠠᠰᠢᠶᠠᠨ ᠤᠰᠤ᠂ ᠴᠠᠭᠠᠰᠤᠨ ᠠᠯᠴᠢᠭᠤᠷ ᠵᠡᠷᠭᠡ ᠪᠠᠴᠢᠮ ᠪᠠᠶᠢᠳᠠᠯ ᠢ | ᠠᠷᠭᠠᠴᠠᠬᠤ ᠡᠳ᠋ ᠪᠣᠳᠠᠰ ᠢ ᠰᠡᠳᠬᠢᠯ ᠲᠠᠯᠪᠢᠨ ᠪᠡᠯᠡᠳᠬᠡᠨ᠎ᠡ︔ ᠠᠵᠢᠯᠴᠢᠨ ᠤ ᠡᠪᠯᠡᠯ ᠤᠨ ᠠᠵᠢᠯᠳᠠᠨ ᠠᠵᠢᠯᠴᠢᠨ ᠤ | ᠭᠡᠷ ᠪᠦᠯᠢ ᠨᠢ ᠬᠠᠯᠠᠭᠤᠨ ᠳᠤᠯᠠᠭᠠᠨ ᠭᠠᠷᠠᠮ ᠪᠤᠯᠤᠩ ᠪᠤᠯᠵᠤ᠂ ᠰᠢᠯᠭᠠᠬᠰᠠᠳ ᠢᠶᠠᠨ ᠬᠥᠯᠢᠶᠠᠵᠤ ᠪᠠᠶᠢᠭ᠎ᠠ ᠭᠡᠷ ᠤᠨ | ᠠᠬᠠᠮᠠᠳ ᠪᠣᠯᠤᠨ ᠰᠠᠶᠢᠨ ᠳᠤᠷ᠎ᠠ ᠶᠢᠨ ᠦᠢᠯᠡᠴᠢᠯᠡᠭᠴᠢᠳ ᠲᠤ ᠲᠠᠭᠠᠯᠠᠮᠵᠢᠲᠠᠢ ᠠᠮᠠᠷᠠᠬᠤ ᠲᠠᠯᠠᠪᠤᠷ ᠬᠠᠩᠭᠠᠪᠠ︔ | ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠠᠷᠠᠳ ᠤᠨ ᠴᠠᠭᠳᠠᠭ᠎ᠠ ᠶᠢ ᠢᠳᠡᠪᠬᠢᠲᠡᠢ ᠬᠠᠮᠵᠢᠨ ᠲᠤᠬᠠᠢ ᠶᠢᠨ | ᠲᠠᠯᠠᠪᠠᠢ ᠶᠢᠨ ᠡᠮᠬᠢ ᠳᠢᠭᠯᠢᠮ ᠢ ᠬᠠᠮᠠᠭᠠᠯᠠᠵᠤ᠂ ᠰᠢᠯᠭᠠᠭᠤᠯᠤᠭᠴᠢ ᠪᠣᠯᠤᠨ ᠭᠡᠷ ᠤᠨ ᠠᠬᠠᠮᠠᠳ ᠤᠨ ᠡᠮᠬᠢ | ᠵᠢᠷᠤᠮ ᠲᠠᠢ ᠪᠠᠷ ᠣᠷᠣᠵᠤ ᠭᠠᠷᠬᠤ ᠶᠢ ᠬᠦᠳᠦᠯᠦᠨ ᠵᠢᠯᠣᠭᠤᠳᠪᠠ᠃ ︽ᠰᠠᠶᠢᠨ ᠳᠤᠷ᠎ᠠ ᠶᠢᠨ ᠤᠯᠠᠭᠠᠨ︾ | ᠬᠥᠮᠦᠰ ᠤᠨ ᠳᠤᠮᠳᠠ ᠰᠦᠯᠵᠢᠯᠳᠦᠵᠦ᠂ ᠷᠠᠰᠢᠶᠠᠨ ᠤᠰᠤ᠂ ᠰᠦ ᠲᠠᠢ ᠴᠠᠢ᠂ ᠠᠮᠠᠪᠴᠢ᠂ ᠠᠯᠴᠢᠭᠤᠷ᠂ | ᠪᠣᠷᠣᠭᠠᠨ ᠤ ᠰᠢᠬᠦᠷ ᠵᠡᠷᠭᠡ ᠡᠳ᠋ ᠪᠣᠳᠠᠰ ᠢ ᠰᠢᠯᠭᠠᠭᠰᠠᠳ ᠪᠠ ᠭᠡᠷ ᠤᠨ ᠠᠬᠠᠮᠠᠳ ᠲᠤ ᠬᠦᠷᠭᠡᠵᠦ᠂ ᠬᠠᠶᠢᠷ᠎ᠠ ᠬᠠᠯᠠᠮᠵᠢ | ᠳᠠᠮᠵᠢᠭᠤᠯᠪᠠ᠃ | ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠠᠳᠠᠯᠢᠬᠠᠨ | ᠴᠢᠩᠭ᠎ᠠ ᠪᠠᠶᠢᠯᠳᠤᠭᠠᠨ ᠶᠢ ᠬᠠᠮᠵᠢᠯᠵᠠᠬᠤ ᠢᠶᠠᠷ ᠴᠠᠭ ᠢᠮᠠᠭᠳᠠ ᠪᠡᠯᠡᠭᠡᠨ ᠪᠠᠶᠢᠯᠭᠠᠨ᠎ᠠ᠃ ᠭᠠᠯ ᠤᠨᠲᠠᠷᠠᠭᠠᠬᠤ ᠠᠪᠤᠷᠠᠨ | ᠲᠤᠰᠠᠯᠠᠬᠤ ᠶᠡᠭᠡ ᠠᠩᠭᠢ ᠶᠢᠨ ᠬᠢᠨ ᠰᠢᠯᠭᠠᠯᠲᠠ ᠶᠢᠨ ᠴᠡᠭ ᠲᠤ ᠭᠠᠯ ᠤᠨᠲᠠᠷᠠᠭᠠᠬᠤ ᠠᠮᠤᠷ ᠲᠦᠪᠰᠢᠨ ᠤ ᠨᠠᠷᠢᠨ | ᠨᠢᠮᠪᠠᠶ ᠲᠣᠭᠤᠷᠢᠨ ᠪᠠᠶᠢᠴᠠᠭᠠᠯᠲᠠ ᠬᠢᠵᠦ᠂ ᠭᠠᠯ ᠤᠨᠲᠠᠷᠠᠭᠠᠬᠤ ᠪᠡᠯᠡᠳᠬᠡᠮᠵᠢ ᠲᠥᠬᠦᠭᠡᠷᠦᠮᠵᠢ ᠶᠢᠨ ᠪᠦᠷᠢᠨ ᠪᠦᠲᠦᠨ | ᠪᠥᠭᠡᠳ ᠬᠡᠷᠡᠭᠯᠡᠵᠦ ᠪᠣᠯᠬᠤ ᠶᠢ ᠦᠨᠡᠨ ᠬᠦ ᠪᠠᠲᠤᠯᠠᠵᠤ᠂ ᠡᠮᠦᠨᠡᠬᠢ ᠡᠭᠦᠷᠭᠡ ᠭᠦᠢᠴᠡᠳᠭᠡᠬᠦ ᠬᠦᠴᠦᠨ ᠢ ᠴᠠᠭ | ᠲᠤᠬᠠᠶ ᠳᠤᠨᠢ ᠬᠥᠢᠴᠡᠳ ᠪᠠᠶᠢᠬᠤ ᠶᠢ ᠪᠠᠳᠤᠯᠠᠵᠠᠢ᠃ ᠠᠷᠠᠳ ᠤᠨ ᠡᠮᠨᠡᠯᠭᠡ ᠶᠢᠨ ᠬᠤᠷᠢᠶ᠎ᠠ ᠶᠡᠭᠡ ᠰᠤᠷᠭᠠᠭᠤᠯᠢ ᠶᠢᠨ | ᠨᠢᠭᠡᠳᠦᠯᠲᠡᠶ ᠰᠢᠯᠭᠠᠯᠲᠠ ᠶᠢᠨ ᠡᠮᠴᠢᠯᠡᠭᠡᠨ ᠤ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ᠂ ᠲᠤᠷᠰᠢᠯᠭ᠎ᠠ ᠪᠠᠷ | ᠪᠠᠶᠠᠯᠢᠭ ᠲᠦᠷᠭᠡᠨ ᠠᠪᠤᠷᠠᠬᠤ ᠪᠦᠯᠬᠦᠮ ᠲᠣᠮᠢᠯᠠᠨ ᠲᠤᠰᠬᠠᠶ ᠮᠡᠷᠭᠡᠵᠢᠯ ᠤᠨ ᠲᠥᠬᠦᠭᠡᠷᠦᠮᠵᠢ ᠪᠠ ᠪᠠᠶᠢᠩᠭᠤ ᠬᠡᠷᠡᠭᠯᠡᠬᠦ | ᠡᠮ ᠤᠨ ᠵᠦᠢᠯ ᠢᠶᠠᠨ ᠠᠪᠴᠤ᠂ ᠰᠢᠯᠭᠠᠯᠲᠠ ᠶᠢᠨ ᠴᠡᠭ ᠤᠨ ᠭᠠᠳᠠᠨ᠎ᠠ ᠵᠠᠷᠯᠢᠭ ᠬᠦᠯᠢᠶᠡᠵᠦ᠂ ᠰᠢᠯᠭᠠᠭᠤᠯᠤᠭᠴᠢ ᠶᠢᠨ | ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ | ᠪᠠᠲᠤᠯᠠᠪᠠ᠃ ᠣᠯᠠᠨ ᠰᠠᠯᠠᠭ᠎ᠠ ᠮᠥᠴᠢᠷ ᠤᠨ ᠬᠦᠴᠦ ᠪᠠᠨ ᠬᠠᠮᠲᠤᠳᠬᠠᠨ ᠬᠠᠮᠵᠢᠯᠴᠠᠬᠤ ᠪᠠ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠬᠠᠶᠢᠷ᠎ᠠ ᠬᠠᠯᠠᠮᠵᠢ ᠶᠢᠨ ᠳᠡᠮᠵᠢᠯᠭᠡ ᠳᠣᠣᠷ᠎ᠠ᠂ ᠤᠯᠠᠭᠠᠶ ᠬᠠᠮᠢᠶᠠᠷᠤᠯᠲᠠ ᠶᠢᠨ ᠣᠷᠣᠨ ᠨᠢ | ᠰᠢᠯᠭᠠᠭᠤᠯᠤᠭᠴᠢ ᠳᠤ ᠠᠮᠤᠷ ᠲᠦᠪᠰᠢᠨ᠂ ᠲᠠᠭᠠᠯᠠᠮᠵᠢᠲᠠᠶ᠂ ᠬᠠᠯᠠᠭᠤᠨ ᠳᠤᠯᠠᠭᠠᠨ ᠰᠢᠯᠭᠠᠯᠲᠠ ᠶᠢᠨ ᠣᠷᠴᠢᠨ | ᠲᠣᠭᠤᠷᠢᠨ ᠢ ᠨᠠᠷᠢᠨ ᠨᠢᠮᠪᠠᠶ ᠪᠠᠶᠢᠭᠤᠯᠵᠤ ᠥᠭᠴᠡᠶ᠃ ᠰᠢᠯᠭᠠᠭᠤᠯᠤᠭᠴᠢ ᠨᠢᠭᠡᠪᠦᠷᠢ ᠴᠥᠮ ᠰᠢᠯᠭᠠᠯᠲᠠ ᠶᠢᠨ | ᠲᠠᠯᠠᠪᠤᠷ ᠲᠤ ᠯᠠᠪᠳᠠᠭᠤᠨ ᠪᠠᠲᠤᠲᠠᠶ ᠬᠠᠷᠢᠭᠤᠯᠲᠠ ᠥᠭᠴᠦ᠂ ᠬᠠᠮᠤᠭ ᠤᠨ ᠰᠠᠶᠢᠨ ᠬᠢᠷᠢ ᠲᠦᠪᠰᠢᠨ ᠢᠶᠠᠨ | ᠪᠠᠳᠠᠷᠠᠭᠤᠯᠤᠨ᠂ ᠪᠢᠷ ᠢᠶᠠᠷ ᠵᠠᠪᠰᠡᠭ ᠬᠢᠵᠤ᠂ ᠠᠯᠤᠰᠤᠨ ᠬᠥᠰᠡᠯ ᠲᠡᠭᠰᠢ ᠤᠷᠤᠬᠰᠢᠯᠠᠭᠠᠷᠢ᠃ |