ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 6 ᠳ᠋ᠤᠭᠠᠷ ᠰᠠᠷ᠎ᠠ ᠶᠢᠨ 30 ᠤ ᠡᠳᠦᠷ ᠬᠤᠷᠠᠯᠳᠤᠭᠠᠨ | ᠬᠤᠷᠠᠯᠳᠤᠭᠤᠯᠵᠤ᠂ ︽ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠨ ᠬᠡᠷᠡᠭ ᠵᠥᠪᠯᠡᠵᠦ | ᠵᠣᠬᠢᠴᠠᠭᠤᠯᠬᠤ ᠪᠠᠶᠢᠭᠤᠯᠤᠮᠵᠢ ᠶᠢᠨ ᠠᠵᠢᠯ ᠤᠨ ᠳᠦᠷᠢᠮ︾ ᠢ ᠬᠢᠨᠠᠨ ᠶᠠᠷᠢᠯᠴᠠᠪᠠ᠃ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ ᠰᠢ ᠶᠢᠨ ᠫᠢᠩ ᠲᠣᠰ ᠬᠤᠷᠠᠯᠳᠤᠭᠠᠨ ᠢ ᠡᠷᠬᠢᠯᠡᠪᠡ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢ ᠪᠠᠶᠢᠭᠤᠯᠬᠤ ᠪᠣᠯ ᠨᠠᠮ ᠤᠨ ᠲᠥᠪ ᠬᠤᠷᠢᠶᠠᠨ ᠤ | ᠴᠢᠬᠤᠯᠠ ᠶᠡᠭᠡ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠦᠷᠢᠨᠰᠢᠭᠦᠯᠬᠦ᠂ ᠴᠢᠬᠤᠯᠠ ᠶᠡᠭᠡ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠦᠷᠢᠮ ᠤᠨ ᠴᠢᠬᠤᠯᠠ ᠲᠣᠬᠢᠷᠠᠭᠤᠯᠤᠯᠲᠠ ᠪᠣᠯᠣᠨ᠎ᠠ᠃ ︽ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠨ ᠬᠡᠷᠡᠭ ᠵᠥᠪᠯᠡᠵᠦ ᠵᠣᠬᠢᠴᠠᠭᠤᠯᠬᠤ | ᠪᠠᠶᠢᠭᠤᠯᠤᠮᠵᠢ ᠶᠢᠨ ᠠᠵᠢᠯ ᠤᠨ ᠳᠦᠷᠢᠮ︾ ᠢ ᠲᠣᠭᠲᠠᠭᠠᠨ ᠨᠡᠶᠢᠲᠡᠯᠡᠵᠦ᠂ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠲᠣᠬᠢᠷᠠᠭᠤᠯᠤᠯᠲᠠ᠂ | ᠡᠭᠦᠷᠭᠡ ᠬᠠᠷᠢᠭᠤᠴᠠᠯᠭ᠎ᠠ ᠪᠠ ᠠᠵᠢᠯᠯᠠᠭᠠᠨ ᠢ ᠤᠯᠠᠮ ᠨᠢᠭᠡ ᠠᠯᠬᠤᠮ ᠵᠢᠷᠤᠮᠵᠢᠭᠤᠯᠬᠤ ᠨᠢ ᠴᠢᠬᠤᠯᠠ ᠶᠡᠭᠡ ᠠᠵᠢᠯ ᠳᠠᠬᠢ | ᠦᠵᠦ ᠲᠥᠯᠥᠪᠯᠡᠭᠡ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠪᠦᠬᠦᠯᠢ ᠴᠣᠭᠴᠠ ᠪᠠᠷ ᠠᠬᠢᠭᠤᠯᠬᠤ᠂ ᠡᠭᠦᠷᠭᠡ | ᠴᠢᠳᠠᠪᠬᠢ ᠶᠢ ᠰᠢᠮᠳᠠᠭᠤᠯᠤᠨ ᠨᠠᠶᠢᠳᠠᠪᠤᠷᠢᠵᠢᠭᠤᠯᠬᠤ ᠦᠢᠯᠡᠳᠦᠯ ᠢ ᠨᠢ ᠰᠠᠶᠢᠲᠤᠷ ᠪᠠᠳᠠᠷᠠᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ ᠭᠡᠵᠡᠢ᠃ | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠨᠢ ᠡᠭᠦᠷᠭᠡ ᠬᠠᠷᠢᠭᠤᠴᠠᠯᠭ᠎ᠠ ᠶᠢᠨ ᠪᠠᠶᠢᠷᠢ | ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠶᠡᠭᠡ ᠶᠠᠪᠤᠳᠠᠯ ᠢ ᠲᠥᠯᠥᠪᠯᠡᠬᠦ᠂ ᠶᠡᠭᠡ ᠶᠠᠪᠤᠳᠠᠯ ᠢ ᠵᠥᠪᠯᠡᠬᠦ᠂ ᠶᠡᠭᠡ | ᠶᠠᠪᠤᠳᠠᠯ ᠢ ᠠᠳᠬᠤᠬᠤ ᠶᠢ ᠪᠠᠷᠢᠮᠲᠠᠯᠠᠵᠤ᠂ ᠴᠢᠬᠤᠯᠠ ᠶᠡᠭᠡ ᠠᠵᠢᠯ ᠳᠤ ᠨᠡᠩ ᠪᠦᠲᠦᠮᠵᠢᠲᠡᠢ ᠶᠡᠷᠦᠩᠬᠡᠶᠢᠯᠡᠭᠰᠡᠨ | ᠵᠢᠯᠣᠭᠤᠳᠤᠯᠭ᠎ᠠ ᠪᠠ ᠵᠣᠬᠢᠴᠠᠭᠤᠯᠭ᠎ᠠ ᠶᠢ ᠬᠡᠷᠡᠭᠵᠢᠭᠦᠯᠵᠦ᠂ ᠨᠢᠭᠡᠳᠦᠯᠲᠡᠢ ᠲᠥᠯᠥᠪᠯᠡᠬᠦ ᠠᠴᠠ ᠪᠢᠰᠢ ᠲᠡᠭᠦᠨ ᠢ ᠣᠷᠣᠯᠠᠨ | ᠪᠡᠶᠡᠯᠡᠭᠦᠯᠬᠦ ᠦᠭᠡᠢ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠴᠠ ᠪᠢᠰᠢ ᠡᠷᠬᠡ ᠳᠠᠪᠠᠭᠤᠯᠤᠨ ᠬᠡᠷᠡᠭᠵᠢᠭᠦᠯᠬᠦ | ᠪᠢᠰᠢ ᠪᠠᠶᠢᠬᠤ ᠬᠡᠷᠡᠭᠲᠡᠢ᠃ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠰᠢᠢᠳᠪᠦᠷᠢᠲᠦ ᠪᠣᠳᠣᠯᠭ᠎ᠠ ᠲᠣᠭᠲᠠᠭᠠᠨ | ᠬᠡᠷᠡᠭ ᠵᠥᠪᠯᠡᠬᠦ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠳᠠᠲᠠᠢ ᠲᠠᠢ ᠨᠡᠶᠢᠴᠡᠭᠰᠡᠨ᠂ | ᠪᠦᠲᠦᠮᠵᠢᠲᠡᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠬᠤ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ | ᠰᠤᠷᠲᠠᠯ ᠢ ᠴᠢᠩᠭ᠎ᠠ ᠴᠡᠭᠡᠷᠯᠡᠵᠦ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ |